1 ᠰᠠᠷ᠎ᠠ ᠶᠢᠨ 11 ᠤ ᠡᠳᠦᠷ᠂ ᠠᠵᠤ ᠠᠬᠤᠢ ᠶᠢᠨ ᠡᠳᠦᠷ ᠤᠨ ᠰᠣᠨᠢᠨ ︽ᠤᠷᠳᠤᠰ ᠢ ᠲᠠᠬᠢᠨ ᠴᠣᠭᠴᠠᠯᠠᠭᠰᠠᠨ ᠨᠢ︾ ᠭᠡᠬᠦ ᠪᠠᠶᠢᠴᠠᠭᠠᠨ ᠰᠤᠳᠤᠯᠤᠯᠲᠠ ᠶᠢᠨ | ᠤᠷᠳᠤ ᠮᠡᠳᠡᠭᠡᠯᠡᠯ ᠢ ᠨᠡᠶᠢᠳᠡᠯᠡᠵᠤ᠂ ᠤᠷᠳᠤᠰ ᠬᠤᠳᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ | ᠴᠢᠷᠮᠠᠶᠢᠨ ᠡᠷᠢᠯᠬᠢᠯᠡᠭᠰᠡᠨ ᠠᠮᠢᠳᠤᠯᠢᠭ ᠦᠢᠯᠡᠳᠦᠯᠭᠡ ᠶᠢ ᠬᠠᠷᠠᠭᠤᠯᠵᠤ᠂ ᠥᠪᠥᠷ ᠮᠣᠩᠭᠤᠯ ᠳᠤ ᠬᠠᠯᠠᠭᠤᠨ ᠲᠤᠰᠬᠠᠯ ᠭᠠᠷᠪᠠ᠃ ᠥᠪᠥᠷ ᠮᠣᠩᠭᠤᠯ ᠬᠡᠷᠬᠢᠨ ᠰᠢ ᠶᠢᠨ | ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠶᠢ ᠴᠢᠨᠠᠭᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠢ ᠰᠠᠶᠢᠳᠤᠷ | ᠡᠬᠢᠯᠡᠭᠦᠯᠵᠦ᠂ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠡᠬᠢᠯᠡᠭᠦᠯᠬᠦ ᠪᠣᠶ︖ ᠳᠠᠷᠠᠭᠠᠴᠢ ᠶᠢᠨ ᠠᠯᠬᠤᠮ ᠳᠤ ᠶᠠᠮᠠᠷ ᠶᠠᠮᠠᠷ | ᠲᠥᠯᠥᠪᠯᠡᠭᠡ ᠲᠠᠢ ᠪᠣᠶ︖ ᠰᠤᠷᠪᠤᠯᠵᠢᠯᠠᠭᠴᠢ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ | ᠹᠧᠩ ᠢ ᠰᠤᠷᠪᠤᠯᠵᠢᠯᠠᠪᠠ᠃ | ᠰᠤᠷᠪᠤᠯᠵᠢᠯᠠᠭᠴᠢ᠄ ᠣᠶᠢᠷ᠎ᠠ ᠶᠢᠨ ᠬᠡᠳᠦᠨ ᠵᠢᠯ ᠳᠤ᠂ ᠥᠪᠥᠷ ᠮᠣᠩᠭᠤᠯ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢᠨ ᠲᠣᠭᠤᠷᠢᠨ ᠳᠤ | ᠰᠦᠪᠡᠭᠴᠢᠯᠡᠭᠡᠳ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ | ᠱᠢ ᠲᠠᠢ ᠹᠧᠩ᠄ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠪᠣᠯ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠰᠢᠨ᠎ᠡ ᠴᠠᠭ ᠦᠶ᠎ᠡ ᠶᠢᠨ ᠥᠪᠥᠷ | ᠮᠣᠩᠭᠤᠯ ᠤᠨ ᠬᠥᠭᠵᠢᠯᠲᠡ ᠳᠤ ᠲᠣᠭᠲᠠᠭᠠᠵᠤ ᠥᠭᠭᠦᠭᠰᠡᠨ ᠠᠵᠢᠯᠯᠠᠭᠠᠨ ᠤ ᠬᠥᠲᠥᠯᠪᠦᠷᠢ ᠪᠣᠯᠤᠨ᠎ᠠ᠃ ᠬᠤᠶᠠᠷ ᠵᠢᠯ ᠭᠠᠷᠤᠢ ᠶᠢᠨ ᠲᠤᠷᠰᠢ᠂ ᠪᠢᠳᠡ ᠭᠤᠣᠯ ᠴᠢᠮᠥᠭᠡ | ᠪᠤᠯᠤᠬᠰᠠᠨ ᠴᠢᠬᠤᠯᠠ ᠠᠭᠤᠯᠭ᠎ᠠ ᠶᠢ ᠨᠢ ᠰᠤᠷᠤᠯᠴᠠᠨ ᠤᠬᠠᠵᠤ᠂ ᠬᠦᠳᠦᠯᠥᠨ ᠳᠠᠭᠠᠭᠤᠯᠬᠤ ᠪᠠᠨ ᠴᠢᠩᠭᠠᠳᠬᠠᠵᠤ ᠭᠦᠨᠵᠡᠭᠡᠶᠢᠷᠡᠭᠦᠯᠬᠦ ᠶᠢ ᠠᠬᠢᠭᠤᠯᠵᠤ᠂ ᠴᠢᠭᠯᠡᠯ ᠢᠶᠠᠨ | ᠵᠦᠪ ᠪᠤᠯᠭᠠᠵᠤ ᠵᠥᠷᠢᠶ᠎ᠠ ᠪᠠᠨ ᠵᠠᠯᠠᠷᠠᠭᠤᠯᠵᠤ᠂ ᠤᠷᠳᠤ ᠬᠤᠭᠤᠴᠠᠭᠠᠨ ᠤ ᠪᠦᠳᠦᠭᠦᠯᠢᠭ ᠬᠡᠯᠪᠡᠷᠢ ᠶᠢᠨ ᠬᠥᠭᠵᠢᠯᠲᠡ ᠠᠴᠠ ᠪᠦᠷᠢᠯᠳᠦᠭᠰᠡᠨ ᠰᠡᠳᠭᠢᠬᠦᠢ ᠶᠢᠨ ᠲᠣᠭᠲᠠᠮᠠᠯ | ᠬᠠᠨᠳᠤᠰᠢ᠂ ᠬᠠᠭᠤᠴᠢᠨ ᠬᠡᠪᠰᠢᠮᠠᠯ ᠵᠠᠭᠪᠤᠷ᠂ ᠠᠷᠭ᠎ᠠ ᠵᠠᠮ ᠳᠤ ᠲᠦᠰᠢᠭᠯᠡᠬᠦ ᠶᠢ ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠪᠣᠭᠤᠮᠲᠠ ᠰᠢᠪᠲᠤᠯᠵᠤ᠂ ᠰᠢᠨ᠎ᠡ ᠵᠠᠮ ᠢᠶᠠᠷ | ᠵᠠᠮᠨᠠᠬᠤ ᠳᠠᠭᠠᠨ ᠲᠠᠰᠤᠷᠠᠯᠳᠠ ᠦᠭᠡᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠤᠯᠪᠠ᠃ ᠨᠢᠭᠡ ᠳᠤ᠂ ᠬᠥᠭᠵᠢᠯᠲᠡ ᠶᠢᠨ ᠦᠵᠡᠯᠲᠡ ᠪᠠᠨ | ᠦᠨᠡᠨ ᠬᠦ ᠲᠥᠪ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠪᠠ᠃ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠳᠠ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠪᠠ ᠠᠵᠤ ᠦᠶᠯᠡᠰ ᠤᠨ | ᠰᠠᠭᠤᠷᠢᠨ ᠢ ᠪᠥᠲᠥᠭᠡᠨ ᠪᠠᠶᠢᠭᠤᠯᠬᠤ ᠵᠡᠷᠭᠡ ᠴᠢᠬᠤᠯᠠ ᠶᠡᠭᠡ ᠬᠠᠷᠢᠴᠠᠭᠠᠨ ᠤ ᠲᠤᠬᠠᠶ ᠪᠠᠯᠠᠷᠬᠠᠶ ᠲᠠᠨᠢᠯᠲᠠ ᠪᠠᠨ ᠪᠦᠲᠦᠮᠵᠢᠲᠡᠶ ᠵᠠᠯᠠᠷᠠᠭᠤᠯᠵᠤ᠂ ᠤᠯᠤᠰ ᠤᠨ ᠨᠤᠲᠤᠭ | ᠳᠡᠪᠢᠰᠭᠡᠷ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ᠂ ᠪᠥᠬᠦ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠤ | ᠪᠠᠶᠢᠷᠢᠰᠢᠯ ᠢ ᠪᠠᠶᠢᠭᠤᠯᠬᠤ ᠵᠡᠷᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ 50% ᠠᠴᠠ ᠳᠡᠭᠡᠭᠰᠢᠬᠢ ᠤᠯᠤᠰ ᠤᠨ ᠨᠤᠲᠤᠭ ᠳᠡᠪᠢᠰᠭᠡᠷ ᠤᠨ | ᠲᠠᠯᠠᠪᠠᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠵᠤ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠲᠥᠯᠥᠪᠵᠢᠭᠦᠯᠭᠡ ᠶᠢᠨ ᠲᠠᠯᠠᠪᠠᠶ ᠶᠢ 30% ᠭᠠᠷᠤᠶ ᠪᠠᠭᠠᠰᠬᠠᠵᠤ᠂ ᠭᠤᠤᠯᠳᠠᠯᠭ᠎ᠠ ᠲᠠᠢ ᠣᠷᠣᠨ ᠪᠦᠰᠡ ᠪᠠ ᠣᠷᠣᠨ ᠪᠠᠶᠢᠷᠢ ᠶᠢᠨ ᠠᠮᠢ ᠠᠬᠤᠶ ᠶᠢᠨ ᠬᠠᠮᠠᠭᠠᠯᠠᠯᠲᠠ | ᠵᠠᠰᠠᠯᠲᠠ ᠴᠢᠬᠤᠯᠠ ᠠᠯᠬᠤᠮ ᠢ ᠠᠯᠬᠤᠪᠠ᠃ ᠬᠤᠶᠠᠷ ᠲᠤ᠂ ᠬᠡᠯᠪᠡᠷᠢ ᠪᠠᠨ ᠬᠤᠪᠢᠷᠠᠭᠤᠯᠤᠨ ᠪᠦᠲᠦᠴᠡ ᠪᠠᠨ ᠲᠣᠬᠢᠷᠠᠭᠤᠯᠬᠤ ᠶᠢ ᠲᠦᠷᠭᠡᠳᠭᠡᠵᠦ᠂ ᠴᠢᠨᠠᠷ ᠰᠠᠶᠢᠲᠠᠶ | ᠬᠥᠭᠵᠢᠯᠲᠡ ᠶᠢᠨ ᠪᠣᠬᠢᠷᠲᠤᠯ ᠥᠬᠡᠶ ᠬᠥᠳᠡᠯᠭᠡᠭᠦᠷ ᠢ ᠪᠣᠶ ᠪᠤᠯᠭᠠᠪᠠ᠃ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠶᠡᠭᠡ ᠪᠠᠷ ᠠᠬᠢᠭᠤᠯᠵᠤ᠂ ︽ᠬᠤᠶᠠᠷ ᠶᠡᠬᠡᠳᠠᠢ︾ ᠲᠥᠷᠥᠯ ᠵᠦᠶᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠪᠥᠬᠦ ᠠᠵᠤ ᠦᠶᠯᠡᠰ ᠤᠨ | ᠬᠡᠯᠬᠢᠶ᠎ᠡ ᠪᠠᠷ ᠰᠢᠨ᠎ᠡ ᠡᠨᠧᠷᠭᠢ ᠶᠢᠨ ᠬᠥᠭᠵᠢᠯᠲᠡ ᠶᠢ ᠲᠥᠯᠥᠪᠵᠢᠭᠦᠯᠬᠦ ᠶᠢ ᠪᠠᠷᠢᠮᠲᠠᠯᠠᠨ᠂ ᠨᠡᠭᠦᠷᠡᠰᠦᠨ ᠤ ᠪᠤᠰᠤ ᠠᠵᠤ ᠦᠶᠯᠡᠰ ᠤᠨ ᠨᠡᠮᠡᠭᠳᠡᠯ ᠥᠷᠲᠡᠭ ᠨᠢ | ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠠᠬᠢ ᠡᠵᠡᠯᠡᠬᠦ ᠬᠤᠪᠢ ᠶᠢᠨ ᠵᠢᠩ 60% ᠠᠴᠠ ᠳᠠᠪᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ | ᠡᠵᠡᠯᠡᠬᠦ ᠬᠠᠷᠢᠴᠠᠯ ᠳᠡᠭᠡᠭᠰᠢᠯᠡᠭᠡᠳ ᠭᠤᠷᠪᠠᠨ ᠤ ᠨᠢᠭᠡ ᠬᠤᠪᠢ ᠶᠢ ᠳᠠᠪᠠᠵᠤ᠂ ᠡᠨᠧᠷᠭᠢ ᠶᠢᠨ ᠬᠤᠷᠣᠭᠳᠠᠯ ᠤᠨ ᠭᠠᠳᠠᠭᠰᠢᠯᠠᠭᠤᠯᠤᠯᠲᠠ ︽ᠤᠯᠠᠭᠠᠨ︾ ᠠᠴᠠ | ︽ᠨᠣᠭᠤᠭᠠᠨ︾ ᠪᠤᠯᠵᠤ ᠬᠤᠪᠢᠷᠠᠬᠤ ᠶᠢ ᠪᠡᠶᠡᠯᠡᠭᠦᠯᠵᠠᠢ᠃ ᠭᠤᠷᠪᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ | ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠪᠠᠬᠢᠵᠢᠭᠦᠯᠪᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ︾ ᠲᠥᠷᠥ ᠶᠢᠨ ᠪᠣᠳᠣᠯᠭ᠎ᠠ ᠨᠤᠭᠤᠳ ᠢ ᠰᠤᠳᠤᠯᠤᠨ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠦᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠪᠠ ᠰᠢᠨ᠎ᠡ ᠶᠢ ᠡᠭᠦᠳᠬᠦ ᠭᠤᠤᠯ ᠴᠣᠭᠴᠠ ᠶᠢᠨ ︽ᠬᠤᠶᠠᠷ ᠳᠠᠬᠢᠨ ᠢᠶᠠᠷ ᠨᠡᠮᠡᠭᠳᠡᠭᠦᠯᠬᠦ︾᠂ | ᠰᠢᠨ᠎ᠡ ᠶᠢ ᠡᠭᠦᠳᠬᠦ ᠲᠠᠪᠴᠠᠩ ᠤᠨ ︽ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ︾ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ 2021 ᠣᠨ ᠳᠤ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ 15% ᠪᠠᠷ ᠨᠡᠮᠡᠭᠳᠡᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ | 40% ᠪᠠᠷ ᠨᠡᠮᠡᠭᠳᠡᠵᠤ᠂ ᠳᠡᠭᠡᠳᠦ ᠮᠡᠷᠭᠡᠵᠢᠯ ᠤᠨ ᠠᠵᠤ ᠦᠶᠯᠡᠰ ᠤᠨ ᠪᠠᠯᠠ ᠣᠷᠣᠭᠤᠯᠤᠯᠲᠠ 30% ᠠᠴᠠ ᠳᠡᠭᠡᠭᠰᠢ ᠨᠡᠮᠡᠭᠳᠡᠵᠤ᠂ ᠨᠡᠭᠦᠷᠡᠰᠦ ᠶᠢ ᠭᠠᠵᠠᠷ ᠳᠤᠤᠷ᠎ᠠ | ᠬᠡᠶᠢᠵᠢᠭᠦᠯᠬᠦ ᠵᠡᠷᠭᠡ ᠨᠢᠭᠡ ᠪᠦᠯᠦᠭ ᠳᠡᠯᠡᠬᠡᠶ ᠶᠢᠨ ᠲᠡᠷᠢᠭᠦᠨ ᠤ ᠮᠡᠷᠭᠡᠵᠢᠯ ᠢ ᠪᠣᠳᠠᠲᠠᠶ ᠳᠤ ᠤᠨᠳᠤᠤᠰᠢᠭᠤᠯᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠶᠢᠨ ᠨᠣᠷᠮ᠎ᠠ 55% ᠠᠴᠠ ᠳᠡᠭᠡᠭᠰᠢ ᠪᠣᠯᠲᠠᠯ᠎ᠠ ᠳᠡᠭᠡᠭᠰᠢᠯᠡᠵᠠᠢ᠃ ᠳᠥᠷᠪᠡ ᠳᠤ᠂ ᠤᠯᠤᠰ ᠲᠥᠷᠥ ᠶᠢᠨ ᠠᠮᠢ | ᠠᠬᠤᠶ ᠶᠢ ᠦᠷᠭᠦᠯᠵᠢᠯᠡᠨ ᠰᠡᠷᠭᠦᠭᠡᠨ ᠴᠡᠪᠡᠷᠰᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠤᠯᠭᠠᠵᠠᠢ᠃ ︽ᠲᠠᠯᠪᠢᠬᠤ | ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤᠨ ᠲᠣᠪᠣᠶᠢᠮ᠎ᠠ ᠠᠰᠠᠭᠤᠳᠠᠯ ᠢ ᠲᠤᠰᠬᠠᠶ | ᠴᠡᠭᠴᠡᠯᠡᠨ ᠵᠠᠰᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ | ᠲᠤᠰᠬᠠᠶ ᠴᠡᠭᠴᠡᠯᠡᠨ ᠵᠠᠰᠠᠬᠤ ᠶᠢ ᠬᠦᠴᠦᠲᠡᠶ ᠠᠬᠢᠭᠤᠯᠵᠤ᠂ ᠮᠥᠩᠭᠦᠨ ᠭᠦᠶᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠤᠯᠤᠰ ᠲᠥᠷᠥ ᠬᠠᠤᠯᠢ | ᠴᠠᠭᠠᠵᠠ ᠵᠡᠷᠭᠡ ᠬᠦᠷᠢᠶᠡᠨ ᠳᠠᠬᠢ ᠢᠯᠵᠠᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠥᠭᠵᠢᠯᠲᠡ ᠶᠢᠨ | ᠣᠷᠴᠢᠨ ᠨᠦᠬᠦᠴᠡᠯ ᠤᠨ ᠰᠠᠶᠢᠵᠢᠷᠠᠯᠲᠠ ᠶᠢ ᠦᠨᠡᠨ ᠬᠦ ᠮᠡᠳᠡᠷᠡᠭᠦᠯᠵᠦ᠂ ᠦᠶᠯᠡᠰ ᠪᠤᠰᠬᠠᠵᠤ ᠦᠶᠯᠡᠰ ᠢᠶᠠᠨ ᠮᠠᠨᠳᠤᠭᠤᠯᠬᠤ ᠢᠲᠡᠭᠡᠯ ᠵᠣᠷᠢᠭ ᠢ ᠨᠢ ᠨᠡᠮᠡᠭᠳᠡᠭᠦᠯᠪᠡ᠃ | ᠰᠤᠷᠪᠤᠯᠵᠢᠯᠠᠭᠴᠢ᠄ ᠲᠦᠷᠦᠭᠦᠬᠡᠨ᠂ ᠥᠪᠥᠷ ᠮᠣᠩᠭᠤᠯ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠲᠤᠬᠠᠢ ᠶᠠᠮᠠᠷ ᠶᠠᠮᠠᠷ ᠰᠢᠨ᠎ᠡ ᠪᠠᠶᠢᠷᠢᠯᠠᠭᠤᠯᠤᠯᠲᠠ ᠬᠢᠵᠦ᠂ ᠶᠠᠮᠠᠷ ᠶᠠᠮᠠᠷ ᠰᠢᠨ᠎ᠡ ᠬᠠᠷᠠᠯᠲᠠ | ᠳᠤᠷᠠᠳᠤᠭᠰᠠᠨ ᠪᠤᠢ︖ | ᠱᠢ ᠲᠠᠢ ᠹᠧᠩ᠄ ᠣᠳᠣᠬᠠᠨ ᠳᠤ᠂ ᠥᠪᠥᠷ ᠮᠣᠩᠭᠤᠯ ᠤᠨ ᠠᠵᠤ ᠠᠬᠤᠶ ᠶᠠᠭ ᠲᠤᠶᠢᠯ ᠤᠨ ᠬᠦᠴᠢᠷ ᠪᠡᠷᠬᠡᠰᠢᠶᠡᠯ ᠲᠠᠢ ᠪᠥᠭᠡᠳ ᠲᠤᠶᠢᠯ ᠤᠨ ᠴᠢᠬᠤᠯᠠ | ᠬᠡᠯᠪᠡᠷᠢ ᠪᠠᠨ ᠬᠤᠪᠢᠷᠠᠭᠤᠯᠬᠤ ᠬᠤᠭᠤᠴᠠᠭᠠᠨ ᠳᠤ ᠣᠷᠣᠰᠢᠵᠤ᠂ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠦᠷᠭᠦᠯᠵᠢᠯᠡᠬᠦᠶ᠎ᠡ ᠪᠡᠷᠬᠡ ᠪᠣᠯᠵᠣ᠂ ᠬᠠᠭᠤᠴᠢᠨ ᠵᠠᠮ ᠢᠶᠠᠷ | ᠵᠠᠮᠨᠠᠬᠤ ᠳᠤ ᠠᠮᠢ ᠠᠬᠤᠶ ᠣᠷᠴᠢᠨ ᠲᠣᠭᠤᠷᠢᠨ ᠵᠥᠪᠰᠢᠶᠡᠷᠡᠬᠦ ᠥᠬᠡᠶ ᠪᠥᠭᠡᠳ ᠠᠷᠠᠳ ᠣᠯᠠᠨ ᠴᠤ ᠵᠥᠪᠰᠢᠶᠡᠷᠡᠬᠦ ᠥᠬᠡᠶ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ | ᠬᠥᠭᠵᠢᠭᠦᠯᠬᠦ ᠶᠢᠨ ᠲᠤᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠤᠨ ᠥᠪᠥᠷ ᠮᠣᠩᠭᠤᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠲᠡᠮᠡᠴᠡᠬᠦ ᠬᠠᠷᠠᠯᠲᠠ᠂ ᠭᠤᠣᠯ | ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠣᠳᠣᠷᠬᠠᠢ ᠳᠤᠷᠠᠳᠴᠤ᠂ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠰᠢᠨ᠎ᠡ ᠴᠠᠭ ᠦᠶ᠎ᠡ ᠳᠤ ᠣᠷᠣᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠳᠤ ᠭᠦᠨᠵᠡᠭᠡᠢ ᠬᠤᠪᠢᠷᠠᠯᠲᠠ ᠭᠠᠷᠤᠭᠰᠠᠨ ᠠᠴᠠ ᠪᠤᠯᠵᠤ ᠥᠪᠥᠷ | ᠮᠣᠩᠭᠤᠯ ᠳᠤ ᠳᠤᠷᠠᠳᠤᠭᠰᠠᠨ ᠪᠤᠰᠤᠳᠴᠢ ᠱᠠᠭᠠᠷᠳᠠᠯᠭ᠎ᠠ ᠮᠦᠨ᠂ ᠥᠪᠥᠷ ᠮᠣᠩᠭᠤᠯ ᠤᠨ ︽ᠭᠤᠷᠪᠠᠨ ᠰᠢᠨ᠎ᠡ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ | ᠵᠠᠶᠢᠯᠠᠰᠢ ᠦᠭᠡᠢ ᠰᠣᠩᠭᠤᠯᠲᠠ ᠮᠦᠨ᠂ ᠵᠢᠮ᠎ᠡ ᠶᠣᠰᠣᠨ ᠤ ᠬᠠᠨᠳᠤᠰᠢ᠂ ᠶᠡᠭᠡ ᠬᠠᠨᠳᠤᠰᠢ ᠴᠢᠭᠯᠡᠯ᠂ ᠠᠷᠠᠳ ᠲᠦᠮᠡᠨ ᠤ ᠬᠦᠰᠡᠯ ᠡᠷᠡᠮᠡᠯᠵᠡᠯ ᠮᠦᠨ ᠭᠡᠳᠡᠭ ᠢ | ᠴᠢᠨᠠᠭᠰᠢᠳᠠ ᠲᠤᠳᠤᠷᠬᠠᠶᠢᠯᠠᠪᠡ︔ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠣᠯ ᠬᠥᠭᠵᠢᠯᠲᠡ ᠶᠢᠨ ᠣᠶᠢᠯᠠᠭᠠᠭᠳᠠᠬᠤᠨ᠂ ᠬᠥᠭᠵᠢᠯᠲᠡ ᠶᠢᠨ ᠠᠷᠭ᠎ᠠ ᠵᠠᠮ᠂ | ᠬᠥᠭᠵᠢᠯᠲᠡ ᠶᠢᠨ ᠠᠷᠭ᠎ᠠ ᠬᠡᠯᠪᠡᠷᠢ᠂ ᠬᠥᠭᠵᠢᠯᠲᠡ ᠶᠢᠨ ᠬᠠᠷᠠᠯᠲᠠ ᠶᠢᠨ ᠪᠦᠬᠦ ᠲᠠᠯ᠎ᠠ ᠶᠢᠨ ᠬᠤᠪᠢᠷᠠᠯᠲᠠ ᠮᠥᠨ᠂ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ᠂ ᠤᠷᠳᠤ ᠬᠤᠭᠤᠴᠠᠭᠠᠲᠤ ᠴᠢᠨᠠᠷᠲᠠᠢ ᠱᠠᠭᠠᠷᠳᠠᠯᠭ᠎ᠠ ᠮᠥᠨ᠂ ᠪᠤᠢ ᠪᠦᠬᠦᠢ ᠬᠦᠷᠢᠶ᠎ᠡ᠂ ᠪᠤᠢ ᠪᠦᠬᠦᠢ ᠣᠷᠣᠨ ᠪᠦᠰᠡ᠂ ᠪᠤᠢ ᠪᠦᠬᠦᠢ ᠠᠵᠤ | ᠦᠢᠯᠡᠰ᠂ ᠪᠤᠢ ᠪᠦᠬᠦᠢ ᠠᠵᠢᠯ ᠲᠦᠷᠦᠯ ᠴᠥᠮ ᠡᠭᠦᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠨ᠎ᠠ ᠭᠡᠳᠡᠭ ᠢ ᠲᠤᠳᠤᠷᠬᠠᠶᠢᠯᠠᠪᠠ︔ ᠰᠢᠨ᠎ᠡ ᠵᠠᠮ ᠢᠶᠠᠷ | ᠰᠠᠶᠢᠲᠤᠷ ᠵᠠᠮᠨᠠᠬᠤ ᠪᠣᠯ ᠴᠢᠬᠤᠯᠠ ᠶᠡᠭᠡ ᠤᠯᠤᠰ ᠲᠦᠷᠦ ᠶᠢᠨ ᠱᠠᠭᠠᠷᠳᠠᠯᠭ᠎ᠠ᠂ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠴᠢᠬᠤᠯᠠ ᠶᠡᠭᠡ ᠤᠯᠤᠰ ᠲᠦᠷᠦ ᠶᠢᠨ | ᠬᠠᠷᠢᠭᠤᠴᠠᠯᠭ᠎ᠠ ᠮᠥᠨ᠂ ᠶᠠᠮᠠᠷ ᠴᠤ ᠬᠡᠢ ᠬᠦᠰᠡᠯ ᠡᠪᠦᠷᠯᠡᠵᠦ ᠪᠣᠯᠬᠤ ᠦᠭᠡᠢ᠂ ᠥᠴᠦᠬᠡᠨ ᠴᠦ ᠡᠷᠡᠭᠡᠯᠵᠡᠵᠦ ᠪᠣᠯᠬᠤ ᠦᠭᠡᠢ᠂ ᠥᠴᠦᠬᠡᠨ ᠴᠦ ᠤᠳᠠᠭᠠᠰᠢᠷᠠᠭᠤᠯᠵᠤ | ᠪᠣᠯᠬᠤ ᠦᠭᠡᠢ ᠭᠡᠳᠡᠭ ᠢ ᠲᠣᠳᠣᠷᠬᠠᠶᠢᠯᠠᠪᠠ᠃ | ᠪᠢᠳᠡ ᠦᠵᠡᠯ ᠰᠠᠨᠠᠭ᠎ᠠ ᠲᠠᠨᠢᠯᠲᠠ ᠶᠢᠨ ᠠᠰᠠᠭᠤᠳᠠᠯ ᠪᠣᠯᠤᠨ ᠠᠵᠢᠯ ᠤᠨ ᠦᠶᠯᠡᠳᠦᠯᠭᠡ ᠶᠢᠨ ᠠᠰᠠᠭᠤᠳᠠᠯ ᠢ ᠨᠢᠭᠡ ᠴᠤᠭᠴᠠᠵᠢᠭᠤᠯᠤᠨ ᠰᠢᠶᠳᠪᠦᠷᠢᠯᠡᠬᠦ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠪᠥᠬᠦ ᠣᠷᠣᠨ ᠤ ᠡᠯ᠎ᠡ ᠱᠠᠲᠤᠨ ᠤ ᠬᠢᠨ ᠢ ᠬᠥᠲᠥᠯᠥᠨ ᠳᠠᠭᠠᠭᠤᠯᠵᠤ ᠳᠠᠶᠢᠴᠢᠯᠠᠨ ᠶᠡᠭᠡ ᠲᠠᠯ᠎ᠠ ᠶᠢᠨ ᠦᠵᠡᠯᠲᠡ᠂ ᠠᠯᠤᠰ ᠬᠡᠲᠦ ᠶᠢᠨ | ᠦᠵᠡᠯᠲᠡ᠂ ᠪᠦᠬᠦᠯᠢ ᠴᠣᠭᠴᠠ ᠶᠢᠨ ᠦᠵᠡᠯᠲᠡ ᠶᠢ ᠦᠨᠡᠨ ᠬᠦ ᠪᠠᠲᠤ ᠪᠠᠬᠢ ᠪᠣᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠡᠷᠡᠰ ᠬᠦᠴᠦᠲᠡᠶ | ᠪᠠᠷ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠤᠯᠤᠰ ᠲᠥᠷᠥ ᠶᠢᠨ ᠤᠳᠤᠷᠢᠳᠤᠮᠵᠢ ᠪᠣᠯᠤᠨ ᠥᠷᠲᠡᠭ ᠤᠨ | ᠬᠥᠭᠡᠭᠡᠴᠡᠯᠳᠦᠯ ᠢᠶᠠᠨ ᠪᠠᠲᠤᠳᠬᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠪᠠᠲᠤᠯᠠᠵᠤ᠂ ᠳᠠᠷᠤᠯᠲᠠ ᠶᠢ ᠠᠷᠭᠠᠴᠠᠭᠠᠵᠤ᠂ ᠡᠪᠡᠷᠰᠢᠶᠡᠯ ᠢ ᠲᠡᠰᠪᠦᠷᠢᠯᠡᠨ᠂ ᠠᠮᠢ ᠠᠬᠤᠶ ᠣᠷᠴᠢᠨ ᠲᠣᠭᠤᠷᠢᠨ ᠢ ᠦᠷᠡᠭᠳᠡᠭᠦᠯᠵᠦ ᠪᠠᠶᠢᠭᠠᠳ ᠨᠢᠭᠡ ᠴᠠᠭ ᠤᠨ ᠨᠢᠭᠡ | ᠭᠠᠵᠠᠷ ᠤᠷᠤᠨ ᠤ ᠠᠵᠤ ᠠᠬᠤᠶ ᠶᠢᠨ ᠨᠡᠮᠡᠭᠳᠡᠯ ᠢ ᠰᠣᠯᠢᠵᠤ ᠠᠪᠴᠢᠷᠠᠬᠤ ᠨᠢᠳᠤᠨ ᠡᠮᠦᠨᠡᠬᠢ ᠪᠠᠨ ᠬᠠᠷᠠᠬᠤ ᠠᠷᠭ᠎ᠠ ᠬᠢᠳᠡᠯ ᠢ ᠡᠷᠡᠰ ᠲᠠᠶᠠᠭᠳᠠᠵᠤ᠂ ᠡᠬᠢ ᠪᠠᠶᠠᠯᠢᠭ ᠢ | ᠬᠡᠲᠦ ᠨᠡᠭᠡᠭᠡᠨ ᠠᠰᠢᠭᠯᠠᠬᠤ᠂ ᠡᠬᠢ ᠪᠠᠶᠠᠯᠢᠭ ᠤᠨ ᠬᠤᠷᠣᠭᠳᠠᠯ ᠢᠶᠠᠷ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠵᠣᠬᠢᠰ ᠥᠬᠡᠶ ᠠᠷᠭ᠎ᠠ ᠬᠢᠳᠡᠯ ᠢ ᠡᠷᠡᠰ | ᠲᠠᠶᠠᠭᠳᠠᠵᠤ᠂ ᠡᠨᠧᠷᠭᠢ ᠶᠢᠨ ᠬᠤᠷᠣᠭᠳᠠᠯ ᠶᠡᠬᠡᠲᠡᠶ᠂ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠲᠠ ᠶᠡᠬᠡᠲᠡᠶ ᠲᠥᠷᠥᠯ ᠵᠦᠶᠯ ᠢ ᠡᠷᠡᠰ ᠬᠢᠵᠠᠭᠠᠷᠯᠠᠵᠤ᠂ | ᠬᠤᠴᠣᠷᠤᠩᠭᠤᠶ ᠪᠠ ᠦᠯᠡᠭᠦᠳᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ ᠡᠷᠡᠰ ᠰᠢᠭᠰᠢᠭᠳᠡᠭᠦᠯᠵᠦ᠂ ᠡᠳ᠋ ᠤᠨ ᠬᠦᠴᠦᠨ ᠢ ᠬᠠᠶᠢᠬᠤᠷᠤᠯ ᠥᠬᠡᠶ ᠪᠠᠷ ᠬᠡᠲᠦᠷᠬᠡᠶ ᠥᠷᠢ | ᠲᠠᠯᠪᠢᠵᠤ ᠪᠥᠲᠥᠭᠡᠨ ᠪᠠᠶᠢᠭᠤᠯᠤᠯᠲᠠ ᠬᠢᠬᠦ᠂ ᠠᠵᠤ ᠦᠶᠯᠡᠰ ᠤᠨ ᠰᠠᠭᠤᠷᠢ ᠶᠢ ᠬᠠᠶᠢᠬᠤᠷᠬᠤ ᠥᠬᠡᠶ ᠪᠠᠷ ᠰᠣᠬᠤᠷ ᠪᠠᠯᠠᠶ ᠪᠠᠷ ᠪᠠᠯᠠ ᠣᠷᠣᠭᠤᠯᠬᠤ ᠪᠠ | ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠠᠵᠢᠯᠯᠠᠭ᠎ᠠ ᠶᠢ ᠡᠷᠡᠰ ᠬᠤᠷᠢᠭᠯᠠᠨ᠎ᠠ᠃ | ᠠᠵᠤ ᠦᠢᠯᠡᠰ ᠤᠨ ᠪᠠᠶᠢᠷᠢᠰᠢᠯ ᠤᠨ ᠲᠤᠬᠢᠷᠠᠭᠤᠯᠤᠯᠳᠠ᠂ ᠪᠦᠲᠦᠴᠡ ᠶᠢᠨ ᠰᠢᠯᠢᠳᠡᠭᠵᠢᠭᠦᠯᠦᠯᠲᠡ ᠪᠠ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠡᠩ | ᠶᠡᠭᠡ ᠡᠷᠴᠢᠮ ᠢᠶᠠᠷ ᠠᠬᠢᠭᠤᠯᠵᠤ᠂ ᠭᠠᠵᠠᠷ ᠨᠤᠳᠤᠭ ᠠᠭᠤᠳᠠᠮ ᠬᠥᠮᠦᠨ ᠠᠮᠠ ᠰᠡᠶᠢᠷᠡᠭ᠂ ᠦᠢᠯᠡᠳᠪᠦᠷᠢᠯᠡᠯ ᠤᠨ ᠡᠯᠧᠮᠧᠨ᠋ᠲ ᠲᠠᠷᠠᠬᠠᠢ ᠪᠤᠲᠠᠷᠬᠠᠢ ᠪᠠᠶᠢᠬᠤ ᠪᠣᠳᠠᠲᠤ | ᠪᠠᠶᠢᠳᠠᠯ ᠠᠴᠠ ᠡᠭᠦᠰᠴᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠨᠡᠩ ᠰᠠᠶᠢᠨ ᠠᠭᠤᠰᠤᠯᠴᠠᠬᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ ᠶᠢ ᠪᠣᠳᠣᠯᠬᠢᠯᠠᠵᠤ᠂ ᠬᠥᠮᠦᠨ ᠢᠶᠠᠷ ᠭᠤᠣᠯ ᠪᠤᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠠᠬᠢᠭᠤᠯᠵᠤ᠂ ᠠᠵᠤ ᠠᠬᠤᠢ ᠶᠢᠨ | ᠬᠥᠭᠵᠢᠯᠲᠡ ᠶᠢ ᠡᠬᠢ ᠪᠠᠶᠠᠯᠢᠭ ᠲᠤ ᠲᠦᠰᠢᠭᠯᠡᠬᠦ ᠬᠡᠯᠪᠡᠷᠢ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠲᠡᠶᠢᠰᠢ ᠬᠤᠪᠢᠷᠠᠭᠤᠯᠬᠤ᠂ ᠪᠦᠳᠦᠭᠦᠯᠢᠭ | ᠦᠨᠳᠦᠷ ᠨᠡᠭᠦᠷᠡᠰᠦᠲᠥ᠋ᠷᠥᠭᠴᠢᠲᠦ ᠬᠡᠯᠪᠡᠷᠢ ᠠᠴᠠ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠲᠡᠶᠢᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠪᠥᠭᠡᠳ | ᠦᠷ᠎ᠡ ᠠᠰᠢᠭ ᠢᠶᠠᠷ ᠳᠣᠣᠷ᠎ᠠ ᠪᠠᠶᠢᠬᠤ ᠬᠡᠯᠪᠡᠷᠢ ᠠᠴᠠ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠬᠡᠯᠪᠡᠷᠢ ᠲᠡᠶᠢᠰᠢ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠤᠨ᠎ᠠ᠃ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠪᠠᠲᠤ ᠪᠠᠬᠢ ᠪᠣᠯᠭᠠᠵᠤ᠂ ᠤᠯᠤᠰ ᠤᠨ ᠴᠢᠬᠤᠯᠠ ᠡᠨᠧᠷᠭᠢ ᠪᠣᠯᠤᠨ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠤ ᠶᠠᠰᠤ | ᠴᠢᠨᠠᠷ ᠢ ᠵᠡᠷᠭᠡ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠦᠶᠯᠡᠳᠦᠯ ᠢ ᠢᠯᠡᠷᠡᠭᠦᠯᠵᠦ᠂ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠨᠠᠩ ᠯᠠᠪᠳᠠᠭᠤᠨ ᠪᠠᠲᠤᠲᠠᠶ ᠨᠠᠩ | ᠢᠯᠡᠳᠲᠡ ᠦᠷ᠎ᠡ ᠪᠦᠲᠦᠮᠵᠢ ᠤᠯᠪᠠ᠃ | ᠰᠤᠷᠪᠤᠯᠵᠢᠯᠠᠭᠴᠢ᠄ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠭᠤᠤᠯᠳᠠᠯᠭ᠎ᠠ ᠶᠢᠨ ᠳᠤᠲᠤᠷᠠᠬᠢ ᠭᠤᠤᠯᠳᠠᠯᠭ᠎ᠠ ᠨᠢ | ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠪᠠᠶᠢᠭᠤᠯᠬᠤ ᠶᠠᠪᠤᠳᠠᠯ ᠪᠣᠯᠤᠨ᠎ᠠ᠂ ᠥᠪᠥᠷ ᠮᠣᠩᠭᠤᠯ ᠡᠨᠡ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ | ᠠᠪᠬᠤ ᠪᠣᠶ︖ | ᠱᠢ ᠲᠠᠢ ᠹᠧᠩ᠄ ᠥᠪᠥᠷ ᠮᠣᠩᠭᠤᠯ ᠤᠨ ᠠᠵᠤ ᠠᠬᠤᠶ ᠶᠢᠨ ᠪᠦᠲᠦᠴᠡ ᠶᠢᠨ ᠬᠦᠨᠳᠦ ᠠᠵᠤ ᠦᠢᠯᠡᠳᠪᠦᠷᠢᠵᠢᠯᠳᠠ ᠶᠢᠨ ᠣᠨᠴᠠᠯᠢᠭ ᠢᠯᠡᠷᠬᠡᠶ ᠪᠠᠶᠢᠵᠤ᠂ ᠡᠨᠧᠷᠭᠢ᠂ | ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠶᠯᠡᠳᠪᠦᠷᠢ ᠵᠡᠷᠭᠡ ᠤᠯᠠᠮᠵᠢᠯᠠᠯᠲᠤ ᠠᠵᠤ ᠦᠶᠯᠡᠰ ᠤᠨ ᠨᠡᠮᠡᠭᠳᠡᠯ ᠥᠷᠲᠡᠭ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠦᠶᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ ᠠᠷᠪᠠᠨ ᠤ ᠲᠤᠯᠤᠭᠠᠨ ᠬᠤᠪᠢ ᠰᠢᠬᠠᠮ ᠪᠠᠶᠢᠵᠤ᠂ ᠨᠡᠭᠦᠷᠡᠰᠦ ᠶᠢᠨ ᠡᠨᠧᠷᠭᠢ ᠶᠢᠨ ᠬᠡᠷᠡᠭᠯᠡᠭᠡᠨ ᠤ ᠪᠦᠲᠦᠴᠡ ᠳᠤ | ᠡᠵᠡᠯᠡᠬᠦ ᠬᠤᠪᠢ ᠶᠢᠨ ᠵᠢᠩ ᠨᠢ ᠠᠷᠪᠠᠨ ᠤ ᠨᠠᠶᠮᠠᠨ ᠬᠤᠪᠢ ᠶᠢ ᠳᠠᠪᠠᠵᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠪᠠᠶᠢᠭᠤᠯᠬᠤ ᠶᠢᠨ ᠵᠠᠩᠭᠢᠯᠠᠭ᠎ᠠ ᠨᠢ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠱᠤᠭᠤᠮ ᠪᠣᠯᠭᠠᠵᠤ᠂ ᠳᠠᠪᠠᠭᠤᠯᠢᠭ ᠢᠶᠠᠨ ᠪᠠᠳᠠᠷᠠᠭᠤᠯᠵᠤ | ᠳᠤᠲᠠᠭᠤᠳᠠᠯ ᠢᠶᠠᠨ ᠨᠦᠬᠦᠪᠦᠷᠢᠯᠡᠬᠦ᠂ ᠰᠢᠯᠢᠳᠡᠭ ᠢ ᠪᠣᠶᠢᠵᠢᠭᠤᠯᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠨᠠᠩ ᠠᠩᠬᠠᠷᠴᠤ᠂ ᠪᠦᠲᠦᠴᠡ ᠶᠢ ᠲᠣᠬᠢᠷᠠᠭᠤᠯᠬᠤ᠂ | ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠵᠦ᠂ ᠪᠣᠬᠢᠷᠲᠤᠯ ᠥᠬᠡᠶ ᠥᠪᠡᠷᠮᠢᠴᠡ ᠳᠠᠪᠠᠭᠤᠯᠢᠭᠳᠤ ᠣᠲᠣ ᠦᠶ᠎ᠡ ᠶᠢᠨ ᠠᠵᠤ | ᠦᠶᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠨᠢᠭᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠶᠢ | ᠬᠠᠮᠤᠭ ᠤᠨ ᠲᠤᠯᠭᠠᠮ᠎ᠠ ᠡᠭᠦᠷᠭᠡ ᠪᠣᠯᠭᠠᠵᠤ᠂ ᠰᠢᠨ᠎ᠡ ᠡᠨᠧᠷᠭᠢ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ᠂ | ᠰᠦ ᠶᠢᠨ ᠦᠶᠯᠡᠰ᠂ ᠦᠷ᠎ᠡ ᠶᠢᠨ ᠦᠶᠯᠡᠰ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦ ᠪᠠᠨ ᠲᠥᠪᠯᠡᠷᠡᠭᠦᠯᠦᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ | ᠬᠤᠶᠠᠷ ᠲᠤ᠂ ᠴᠢᠨᠠᠷ ᠰᠠᠶᠢᠲᠠᠶ ᠥᠨᠳᠥᠷ ᠲᠦᠪᠰᠢᠨ ᠪᠥᠬᠦᠶ ︽ᠬᠤᠶᠠᠷ ᠰᠠᠭᠤᠷᠢᠨ︾ ᠢ ᠪᠥᠲᠥᠭᠡᠨ ᠪᠠᠶᠢᠭᠤᠯᠵᠤ᠂ ᠤᠯᠤᠰ ᠤᠨ ᠣᠲᠣ ᠦᠶ᠎ᠡ ᠶᠢᠨ ᠡᠨᠧᠷᠭᠢ ᠶᠢᠨ | ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠪᠠᠷ ᠬᠥᠳᠡᠯᠭᠡᠭᠦᠷ ᠪᠣᠯᠭᠠᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠤ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ | ᠠᠬᠤᠶ ᠶᠢᠨ ᠡᠷᠴᠢᠮᠵᠢᠬᠦ᠂ ᠬᠡᠪᠴᠢᠶᠡᠵᠢᠬᠦ᠂ ᠳᠡᠭᠡᠳᠦ ᠲᠠᠰᠵᠢᠬᠦ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠶᠯᠡᠳᠪᠦᠷᠢᠯᠡᠯ ᠤᠨ ᠰᠠᠭᠤᠷᠢᠨ ᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠶᠢᠬᠤ ᠲᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠥᠬᠦ | ᠤᠯᠤᠰ ᠲᠤ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠪᠠ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ | ᠰᠢᠰᠲ᠋ᠧᠮ ᠢ ᠲᠦᠷᠦᠭᠦᠯᠡᠨ ᠪᠠᠶᠢᠭᠤᠯᠬᠤ ᠪᠠᠷ ᠴᠢᠷᠮᠠᠶᠢᠵᠤ᠂ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠦᠶᠯᠡᠰ ᠤᠨ ᠬᠡᠳᠦᠨ | ᠪᠦᠰᠡ ᠪᠠ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠳᠠᠪᠠᠭᠤᠯᠢᠭ ᠣᠷᠣᠨ ᠢ ᠴᠣᠭᠴᠠᠯᠠᠨ ᠪᠠᠶᠢᠭᠤᠯᠤᠨ᠎ᠠ᠃ ᠭᠤᠷᠪᠠ ᠳᠤ᠂ | ᠲᠡᠷᠢᠭᠦᠨ ᠤ ᠦᠢᠯᠡᠳᠬᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ᠬᠠᠷᠢᠴᠠᠩᠭᠤᠢ ᠳᠠᠪᠠᠭᠤᠯᠢᠭ ᠲᠠᠭᠠᠨ ᠰᠠᠭᠤᠷᠢᠯᠠᠨ ᠬᠡᠯᠬᠢᠶ᠎ᠡ ᠶᠢ ᠪᠠᠶᠢᠭᠤᠯᠬᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ | ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠪᠠ ᠬᠡᠯᠬᠢᠶ᠎ᠡ ᠶᠢ ᠪᠠᠲᠤᠯᠠᠬᠤ᠂ ᠬᠡᠯᠬᠢᠶ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠵᠠᠷᠢᠮ ᠠᠵᠤ | ᠦᠢᠯᠡᠰ ᠲᠤ ᠵᠥᠪᠬᠡᠨ ︽ᠴᠡᠭ︾ ᠪᠠᠶᠢᠬᠤ ᠠᠴᠠ ᠪᠢᠰᠢ ︽ᠬᠡᠯᠬᠢᠶ᠎ᠡ︾ ᠪᠠᠶᠢᠬᠤ ᠦᠭᠡᠢ᠂ ᠵᠠᠷᠢᠮ ᠠᠵᠤ ᠦᠢᠯᠡᠰ ᠲᠤ ᠬᠡᠳᠦᠶᠢᠪᠡᠷ ︽ᠬᠡᠯᠬᠢᠶ᠎ᠡ︾ ᠪᠠᠶᠢᠬᠤ ᠪᠣᠯᠪᠠᠴᠤ | ︽ᠬᠡᠯᠬᠢᠶ᠎ᠡ︾ ᠨᠢ ᠣᠬᠤᠷ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠤ ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠳᠡ᠂ ᠠᠵᠤ ᠦᠢᠯᠡᠰ ᠤᠨ | ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠳᠥᠷᠪᠡ ᠳᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ᠂ ᠤᠯᠤᠰ ᠤᠨ ᠳᠣᠲᠣᠭᠠᠳᠤ | ᠪᠠ ᠣᠯᠠᠨ ᠤᠯᠤᠰ ᠤᠨ ᠬᠤᠤᠰ ᠣᠷᠴᠢᠯ ᠳᠤ ᠠᠭᠤᠰᠤᠯᠴᠠᠬᠤ ᠲᠠᠰᠤᠯᠳᠠᠯ ᠪᠠ ᠲᠦᠭᠵᠢᠷᠡᠯ ᠢ ᠦᠨᠡᠨ ᠬᠦ ᠨᠡᠪᠲᠡᠷᠡᠭᠦᠯᠵᠦ᠂ ᠨᠢᠭᠡ ᠪᠦᠯᠦᠭ ᠰᠠᠭᠤᠷᠢ ᠶᠢ | ᠴᠢᠩᠭᠠᠳᠬᠠᠬᠤ᠂ ᠴᠢᠳᠠᠮᠵᠢ ᠶᠢ ᠨᠡᠮᠡᠭᠳᠡᠭᠦᠯᠬᠦ᠂ ᠠᠯᠤᠰ ᠬᠡᠲᠦ ᠳᠤ ᠠᠰᠢᠭᠲᠠᠶ ᠭᠤᠤᠯᠯᠠᠭᠴᠢ ᠢᠨᠵᠧᠨᠧᠷᠢᠩ ᠪᠠ ᠵᠠᠩᠭᠢᠯᠠᠭ᠎ᠠ ᠶᠢᠨ ᠲᠥᠷᠥᠯ ᠵᠦᠶᠯ ᠢ ᠥᠨᠳᠥᠷ | ᠭᠠᠷᠤᠭ᠎ᠠ ᠠᠴᠠ ᠲᠥᠯᠥᠪᠵᠢᠭᠦᠯᠵᠦ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ᠂ ᠠᠷᠠᠯᠵᠢᠶ᠎ᠠ ᠬᠤᠳᠠᠯᠳᠤᠭᠠᠨ ᠤ ᠭᠦᠶᠯᠭᠡᠭᠡ᠂ ᠪᠠᠴᠢᠮ ᠪᠠᠶᠢᠳᠠᠯ ᠢ ᠠᠷᠭᠠᠴᠠᠭᠠᠬᠤ | ᠪᠠᠷᠠᠭᠠᠨ ᠤ ᠭᠦᠶᠯᠭᠡᠭᠡ ᠵᠡᠷᠭᠡ ᠣᠲᠣ ᠦᠶ᠎ᠡ ᠶᠢᠨ ᠭᠦᠶᠯᠭᠡᠭᠡᠨ ᠤ ᠰᠢᠰᠲ᠋ᠧᠮ ᠤᠨ ᠬᠠᠲᠠᠭᠤ ᠲᠣᠨᠤᠭ ᠪᠠ ᠵᠥᠭᠡᠯᠡᠨ ᠲᠣᠨᠤᠭ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ᠂ ᠪᠣᠭᠤᠮᠲᠠ ᠪᠠᠷ ᠳᠠᠶᠢᠴᠢᠯᠠᠬᠤ᠂ ᠲᠤᠳᠤᠷ ᠤᠷᠤᠨ ᠢᠶᠠᠷ ᠲᠤᠯᠭᠠᠭᠤᠷᠢᠯᠠᠬᠤ᠂ ᠬᠢᠯᠢ ᠬᠢᠵᠠᠭᠠᠷ ᠳᠣᠲᠣᠷ ᠤᠷᠤᠨ ᠬᠠᠷᠢᠯᠴᠠᠨ ᠬᠥᠳᠡᠯᠦᠯᠴᠡᠬᠦ ᠭᠠᠳᠠᠭᠠᠳᠤ | ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠲᠦᠷᠭᠡᠳᠭᠡᠨ ᠪᠠᠶᠢᠭᠤᠯᠤᠨ᠎ᠠ᠃ ᠲᠠᠪᠤ ᠳᠤ᠂ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠢᠳᠡᠪᠬᠢᠲᠡᠶ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠬᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ ᠬᠢᠯᠢ ᠬᠢᠵᠠᠭᠠᠷ ᠣᠷᠣᠨ᠂ ᠪᠣᠶᠢᠳᠠ ᠪᠦᠭᠯᠡᠭᠦᠦ ᠭᠠᠵᠠᠷ | ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠳᠣᠭᠢᠷᠠᠬᠰᠠᠨ ᠪᠦᠲᠦᠮᠵᠢᠲᠡᠶ ᠠᠷᠭ᠎ᠠ ᠵᠠᠮ ᠪᠠ ᠵᠠᠭᠪᠤᠷ ᠢ ᠰᠦᠪᠡᠭᠴᠢᠯᠡᠵᠦ᠂ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠤᠨ ᠬᠤᠲᠠ ᠶᠢᠨ ᠪᠦᠯᠦᠭᠵᠢᠯ ᠪᠠ ᠤᠯᠠᠭᠠᠨᠬᠠᠳᠠ᠂ ᠲᠦᠩᠯᠢᠶᠣᠤ ᠶᠢᠨ ︽ᠵᠦᠢᠷᠡᠢ ᠣᠳᠣᠨ ᠣᠷᠣᠨ︾ ᠤ ᠣᠷᠣᠨ ᠪᠦᠰᠡ ᠶᠢᠨ ᠭᠤᠤᠯ | ᠬᠤᠲᠠ ᠶᠢ ᠪᠥᠲᠥᠭᠡᠨ ᠪᠠᠶᠢᠭᠤᠯᠬᠤ ᠪᠠᠷ ᠭᠤᠤᠯᠳᠠᠯᠭ᠎ᠠ ᠪᠣᠯᠭᠠᠵᠤ᠂ ᠣᠯᠠᠨ ᠲᠥᠪ ᠢᠶᠠᠷ ᠳᠠᠶᠢᠴᠢᠯᠠᠭᠰᠠᠨ᠂ ᠣᠯᠠᠨ ᠲᠠᠰ ᠳᠠᠪᠬᠤᠷᠭ᠎ᠠ ᠪᠠᠷ ᠬᠤᠯᠪᠣᠭᠠᠯᠠᠨ | ᠬᠥᠳᠡᠯᠦᠯᠴᠡᠭᠰᠡᠨ᠂ ᠣᠯᠠᠨ ᠭᠤᠭᠴᠤᠭ᠎ᠠ ᠪᠠᠷ ᠬᠠᠷᠢᠯᠴᠠᠨ ᠬᠥᠳᠡᠯᠦᠯᠴᠡᠭᠰᠡᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ ᠪᠠᠶᠢᠭᠤᠯᠵᠤ᠂ ᠬᠤᠲᠠ | ᠬᠥᠳᠡᠭᠡ ᠶᠢᠨ ᠠᠵᠤ ᠠᠬᠤᠶ ᠶᠢᠨ ᠡᠷᠭᠢᠯᠲᠡ ᠶᠢ ᠪᠦᠲᠦᠮᠵᠢᠲᠡᠶ ᠰᠢᠯᠤᠭᠤᠳᠬᠠᠨ᠎ᠠ᠃ ᠵᠢᠷᠭᠤᠭ᠎ᠠ ᠳᠤ᠂ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠮᠢᠶᠠᠷᠤᠯᠲᠠ ᠶᠢᠨ ︽ᠨᠢᠭᠡ ᠰᠦᠯᠵᠢᠶ᠎ᠡ ᠳᠤ ᠪᠦᠬᠦᠨ ᠢ ᠭᠦᠶᠴᠡᠳᠭᠡᠬᠦ︾᠂ ︽ᠨᠢᠭᠡ | ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠥᠰᠦᠯ 3.0 ᠬᠡᠪ ᠢ ᠡᠬᠢᠯᠡᠭᠦᠯᠵᠦ᠂ ᠡᠯ᠎ᠡ ᠵᠦᠶᠯ ᠤᠨ ᠨᠢᠭᠤᠬᠳᠠᠮᠠᠯ ᠬᠠᠷᠰᠢ ᠰᠠᠭᠠᠳ ᠢ ᠬᠠᠮᠤᠭ ᠤᠨ ᠶᠡᠭᠡ ᠬᠡᠮᠵᠢᠶ᠎ᠡ ᠪᠠᠷ ᠡᠪᠳᠡᠵᠦ᠂ ᠡᠯ᠎ᠡ | ᠲᠥᠷᠥᠯ ᠤᠨ ᠡᠬᠢ ᠪᠠᠶᠠᠯᠢᠭ ᠤᠨ ᠡᠯᠧᠮᠧᠨ᠋ᠲ ᠤᠨ ᠥᠨᠳᠥᠷ ᠪᠦᠲᠦᠮᠵᠢᠲᠡᠶ ᠲᠣᠬᠢᠷᠠᠭᠤᠯᠤᠯᠲᠠ ᠶᠢ ᠠᠬᠢᠭᠤᠯᠤᠨ᠎ᠠ᠃ | ᠰᠤᠷᠪᠤᠯᠵᠢᠯᠠᠭᠴᠢ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ᠠᠵᠤ ᠠᠬᠤᠢ ᠶᠢᠨ ᠠᠵᠢᠯ ᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ | ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠬᠡᠷᠡᠭᠳᠡᠢ ᠭᠡᠵᠦ ᠵᠢᠭᠠᠵᠤ ᠭᠠᠷᠭᠠᠪᠠ᠂ ᠥᠪᠥᠷ ᠮᠣᠩᠭᠤᠯ ᠡᠨᠡ ᠬᠦ ᠱᠠᠭᠠᠷᠳᠠᠯᠭ᠎ᠠ ᠶᠢ ᠬᠡᠷᠬᠢᠨ | ᠨᠠᠶᠢᠳᠠᠪᠤᠷᠢᠵᠢᠭᠤᠯᠬᠤ ᠪᠤᠢ︖ | ᠱᠢ ᠲᠠᠢ ᠹᠧᠩ᠄ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠦᠨᠡᠨ ᠬᠦ | ᠪᠠᠲᠤᠯᠠᠬᠤ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠯᠤᠰ ᠤᠨ ᠴᠢᠬᠤᠯᠠ ᠪᠤᠯᠬᠤ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠶᠯᠡᠳᠪᠦᠷᠢᠯᠡᠯ ᠤᠨ ᠰᠠᠭᠤᠷᠢᠨ ᠪᠠ ᠮᠠᠨ ᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠭᠰᠠᠨ ᠤ ᠬᠤᠪᠢ ᠳᠤ᠂ ᠤᠯᠤᠰ ᠤᠨ ᠬᠤᠷᠸ᠎ᠠ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠳᠤ | ᠢᠳᠡᠪᠬᠢᠲᠡᠶ ᠬᠤᠪᠢ ᠨᠡᠮᠡᠷᠢ ᠦᠵᠡᠭᠦᠯᠬᠦ ᠬᠠᠷᠢᠭᠤᠴᠠᠯᠭ᠎ᠠ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠥᠪᠥᠷ ᠮᠣᠩᠭᠤᠯ ᠤᠨ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ | ᠠᠶᠠᠨ ᠵᠠᠮ ᠳᠠᠬᠢ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠳᠤᠷᠠᠳᠤᠨ ᠭᠠᠷᠭᠠᠪᠠ᠂ ᠲᠤᠬᠠᠶᠢᠯᠠᠪᠠᠯ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠴᠥᠬᠦᠷᠡᠰᠢ ᠦᠭᠡᠢ ᠪᠠᠲᠤ ᠴᠣᠭᠴᠠᠯᠠᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ | ᠠᠯᠳᠠᠷ ᠢᠶᠠᠨ ᠰᠠᠶᠢᠲᠤᠷ ᠬᠠᠮᠠᠭᠠᠯᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠪᠠᠲᠤ ᠰᠠᠶᠢᠲᠤᠷ ᠵᠠᠮᠨᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ | ᠲᠦᠷᠭᠡᠳᠭᠡᠨ ᠪᠠᠶᠢᠭᠤᠯᠤᠨ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠡᠭᠦᠷᠭᠡ ᠪᠠᠨ ᠭᠦᠢᠴᠡᠳᠭᠡᠵᠦ᠂ ᠤᠯᠤᠰ ᠤᠨ ᠡᠨᠧᠷᠭᠢ ᠶᠢᠨ | ᠰᠤᠷᠪᠤᠯᠵᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠵᠦ᠂ ᠤᠯᠤᠰ ᠠᠴᠠ ᠬᠦᠷᠰᠢ | ᠵᠡᠷᠬᠡᠯᠡᠳᠡᠭᠡ ᠶᠢ ᠡᠪᠯᠡᠵᠤ ᠵᠠᠰᠠᠬᠤ ᠪᠠ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠦᠶᠯᠡᠴᠢᠯᠡᠨ᠂ ᠤᠯᠤᠰ ᠤᠨ ᠨᠢᠭᠡᠳᠦᠯ᠂ ᠦᠨᠳᠦᠰᠦᠲᠡᠨ ᠤ | ᠪᠦᠯᠬᠦᠮᠳᠡᠯ ᠢ ᠬᠠᠮᠠᠭᠠᠯᠠᠨ᠂ ᠡᠬᠡ ᠤᠯᠤᠰ ᠤᠨ ᠤᠮᠠᠷᠠᠲᠤ ᠬᠢᠯᠢ ᠶᠢ ᠰᠠᠬᠢᠨ ᠬᠠᠮᠠᠭᠠᠯᠠᠬᠤ ᠵᠡᠷᠭᠡ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠤᠯᠤᠨ᠎ᠠ᠃ | ᠡᠲᠡᠭᠡᠷ ᠬᠠᠷᠢᠭᠤᠴᠠᠯᠭ᠎ᠠ ᠪᠠ ᠡᠭᠦᠷᠭᠡ ᠪᠣᠯ ᠪᠠᠰᠠ ᠴᠤ ᠥᠪᠥᠷ ᠮᠣᠩᠭᠤᠯ ᠤᠨ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ ᠬᠤᠷᠸ᠎ᠠ ᠠᠵᠤ ᠠᠬᠤᠶ ᠶᠢ ᠲᠣᠭᠲᠠᠭᠤᠨ | ᠪᠠᠶᠢᠯᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠶᠢᠨ ᠭᠠᠷᠳᠠᠬᠤ ᠴᠡᠭ ᠪᠠ ᠬᠦᠴᠦᠯᠡᠬᠦ ᠴᠡᠭ ᠮᠥᠨ᠃ | ᠪᠢᠳᠡ ᠤᠯᠤᠰ ᠤᠨ ᠶᠡᠭᠡ ᠲᠠᠯ᠎ᠠ᠂ ᠤᠯᠤᠰ ᠤᠨ ᠴᠢᠬᠤᠯᠠ ᠲᠠᠯ᠎ᠠ᠂ ᠤᠯᠤᠰ ᠤᠨ ᠶᠡᠭᠡ ᠶᠠᠪᠤᠳᠠᠯ᠂ ᠤᠯᠤᠰ ᠤᠨ ᠶᠡᠭᠡ ᠪᠣᠳᠣᠯᠭ᠎ᠠ ᠶᠢ ᠴᠠᠭ ᠢᠮᠠᠭᠲᠠ ᠪᠠᠲᠤ | ᠴᠡᠭᠡᠵᠢᠯᠡᠵᠦ᠂ ᠲᠣᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠨ ᠨᠠᠶᠢᠳᠠᠪᠤᠷᠢᠵᠢᠭᠤᠯᠬᠤ ᠬᠢᠭᠡᠳ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠳᠤ ᠦᠶᠯᠡᠴᠢᠯᠡᠬᠦ ᠶᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠠᠵᠤ ᠠᠬᠤᠶ ᠶᠢᠨ ᠡᠷᠭᠢᠯᠲᠡ ᠶᠢ ᠪᠠᠲᠤᠯᠠᠬᠤ ᠶᠢᠨ ᠲᠤᠭᠤᠷᠢᠨ ᠳᠤ ᠵᠦᠶ ᠵᠣᠬᠢᠰᠲᠠᠶ | ᠬᠡᠪᠴᠢᠶᠡᠨ ᠳᠤ ᠬᠦᠴᠦᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠢᠯᠠᠩᠭᠤᠶ᠎ᠠ ᠠᠵᠢᠯ ᠣᠯᠭᠤᠯᠲᠠ ᠶᠢ ᠪᠠᠲᠤᠯᠠᠬᠤ᠂ | ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ | ᠭᠠᠷᠤᠯᠲᠠ ᠶᠢ ᠲᠣᠭᠲᠠᠪᠤᠷᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠡᠨᠧᠷᠭᠢ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠵᠡᠷᠭᠡ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠠᠩᠬᠠᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠳᠤ ᠢᠯᠡᠭᠦᠬᠡᠨ ᠬᠤᠪᠢ ᠨᠡᠮᠡᠷᠢ | ᠦᠵᠡᠭᠦᠯᠦᠨ᠎ᠡ᠃ ᠡᠭᠦᠨ ᠤ ᠬᠠᠮᠲᠤ᠂ ᠡᠳ᠋ ᠤᠨ ᠵᠠᠰᠠᠭ᠂ ᠮᠥᠩᠭᠦᠨ ᠭᠦᠶᠯᠭᠡᠭᠡ᠂ ᠬᠡᠷ ᠭᠠᠵᠠᠷ ᠤᠨ ᠬᠥᠷᠥᠩᠭᠡ ᠵᠡᠷᠭᠡ ᠬᠦᠷᠢᠶᠡᠨ ᠳᠠᠬᠢ ᠬᠦᠨᠳᠦ ᠶᠡᠭᠡ ᠲᠦᠭᠰᠢᠭᠦᠷᠢ ᠶᠢ | ᠶᠡᠭᠡ ᠬᠦᠴᠦ ᠣᠷᠣᠭᠤᠯᠤᠨ ᠰᠡᠷᠭᠡᠶᠢᠯᠡᠨ ᠨᠠᠮᠳᠠᠭᠤᠯᠵᠤ᠂ ᠬᠠᠭᠤᠷᠠᠶ ᠵᠠᠮ ᠤᠨ ᠪᠣᠭᠤᠮᠲᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠬᠡ ᠤᠯᠤᠰ ᠤᠨ ︽ᠤᠮᠠᠷᠠᠲᠤ ᠶᠡᠭᠡ ᠡᠭᠦᠳᠡ︾᠂ ᠨᠡᠶᠢᠰᠯᠡᠯ ᠤᠨ ︽ᠤᠨᠠᠭᠤᠯᠢ ᠭᠤᠤᠯ︾ ᠢ ᠡᠷᠡᠰ ᠰᠠᠶᠢᠲᠤᠷ | ᠰᠠᠬᠢᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠬᠦ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | ᠠᠵᠦ ᠠᠬᠤᠢ ᠶᠢᠨ ᠡᠳᠦᠷ ᠤᠨ ᠰᠤᠨᠢᠨ ᠤ ᠥᠪᠥᠷ ᠮᠤᠩᠭᠤᠯ ᠢ ᠠᠩᠬᠠᠷᠤᠬᠰᠠᠨ ᠪᠠ ᠮᠡᠳᠡᠬᠡᠯᠡᠭᠰᠡᠨ ᠳᠤ ᠲᠠᠯᠠᠷᠬᠠᠵᠦ ᠪᠠᠶᠢᠨ᠎ᠠ᠃ | | ︵2022 ᠣᠨ ᠤ 1 ᠰᠠᠷ᠎ᠠ ᠶᠢᠨ 13 ᠤ ᠡᠳᠦᠷ ᠤᠨ ︽ᠠᠵᠤ ᠠᠬᠤᠢ ᠶᠢᠨ ᠡᠳᠦᠷ ᠤᠨ ᠰᠣᠨᠢᠨ︾ ᠠᠴᠠ ᠰᠢᠯᠵᠢᠭᠦᠯᠪᠡ︶ | | | |