ᠮᠠᠨ ᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠳᠠᠯ ᠢᠶᠠᠨ ᠪᠠᠲᠤᠯᠠᠵᠤ ᠪᠤᠢ
ᠨᠡᠶᠢᠲᠡᠯᠡᠭᠰᠡᠨ ᠴᠠᠭ᠄
2022/1/17

      1 ᠳ᠋ᠦ᠋ᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ 2021 ᠣᠨ ᠤ ᠪᠥᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠨᠡᠶᠢᠲᠡᠯᠡᠨ ᠮᠡᠳᠡᠭᠳᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠠᠶᠤᠯ ᠦᠭᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠳᠤ ᠲᠠᠶᠢᠯᠤᠮᠵᠢ ᠬᠢᠪᠡ᠃

      ᠣᠶᠢᠯᠠᠭᠠᠭᠰᠠᠨ ᠢᠶᠠᠷ᠂ 2021 ᠣᠨ ᠳᠤ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠨᠡᠶᠢᠳᠡ 742 ᠤᠳᠠᠭ᠎ᠠ ᠭᠠᠷᠴᠤ᠂ 677 ᠬᠥᠮᠥᠨ ᠦᠬᠦᠵᠦ᠂ ᠠᠳᠠᠯᠢ ᠬᠤᠭᠤᠴᠠᠭᠠᠨ ᠤ ᠬᠢ ᠠᠴᠠ 185 ᠤᠳᠠᠭ᠎ᠠ᠂ 108 ᠬᠥᠮᠥᠨ ᠪᠠᠭᠠᠰᠴᠤ᠂ ᠲᠤᠰ ᠲᠤᠰ 19.96%᠂ 13.76% ᠢᠶᠠᠷ ᠪᠠᠭᠤᠷᠠᠵᠤ᠂ ᠠᠳᠡᠯ ᠭᠠᠷᠤᠭᠰᠠᠨ ᠲᠤᠭ᠎ᠠ ᠪᠣᠯᠣᠨ ᠠᠳᠡᠭᠳᠡᠭᠰᠡᠨ ᠬᠥᠮᠥᠨ ᠤ ᠲᠤᠭ᠎ᠠ ᠴᠥᠮ ︽ᠬᠤᠣᠰ ᠪᠠᠭᠤᠷᠠᠯᠲᠠ︾ ᠋ ᠶᠢᠨ ᠪᠠᠶᠢᠳᠠᠯ ᠲᠠᠢ ᠪᠣᠯᠵᠠᠢ᠃

      ᠠᠮᠤᠷ ᠲᠦᠪᠰᠢᠨ ᠢ ᠳᠡᠭᠡᠳᠦᠯᠡᠵᠦ᠂ ᠠᠮᠤᠷ ᠲᠦᠪᠰᠢᠨ ᠢ ᠴᠢᠬᠤᠯᠠᠴᠢᠯᠠᠵᠤ᠂ ᠠᠮᠤᠷ ᠲᠦᠪᠰᠢᠨ ᠢᠶᠠᠷ ᠭᠤᠣᠯᠯᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠪᠠᠨ ᠪᠠᠲᠤᠯᠠᠵᠤ ᠪᠠᠶᠢᠭ᠎ᠠ ᠪᠣᠯᠪᠠᠴᠤ ᠮᠠᠨ ᠤ ᠣᠷᠣᠨ ᠤ ᠠᠶᠤᠯᠲᠠᠢ ᠬᠢᠮᠢ ᠶᠢᠨ ᠪᠣᠳᠠᠰ᠂ ᠠᠭᠤᠷᠬᠠᠢ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠲᠡᠮᠦᠷᠯᠢᠭ ᠤᠨ ᠦᠢᠯᠡᠳᠪᠦᠷᠢ ᠠᠷᠠᠯᠵᠢᠶ᠎ᠠ ᠵᠡᠷᠭᠡ ᠤᠯᠠᠮᠵᠢᠯᠠᠯᠲᠤ ᠠᠶᠤᠯ ᠶᠡᠬᠡᠲᠡᠢ ᠠᠵᠢᠯ ᠲᠦᠷᠦᠯ ᠤᠨ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠭᠡᠳᠦᠢ ᠪᠠᠶᠢᠵᠤ᠂ ᠰᠢᠨ᠎ᠡ ᠪᠠᠶᠢᠳᠠᠯ ᠰᠢᠨ᠎ᠡ ᠠᠶᠤᠯ ᠲᠦᠭᠰᠢᠭᠦᠷᠢ ᠲᠠᠰᠤᠷᠠᠯᠳᠡ ᠦᠭᠡᠢ ᠢᠯᠡᠷᠡᠵᠦ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠮᠥᠨ ᠯᠡ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃

      ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠶᠢᠨ ᠠᠮᠤᠷ ᠲᠦᠪᠰᠢᠨ ᠤ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠠᠲᠤᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠬᠤ ᠠᠷᠭ᠎ᠠ᠂ ᠮᠡᠳᠡᠭᠡᠯᠡᠬᠦ ᠠᠷᠭ᠎ᠠ᠂ ᠰᠡᠷᠡᠮᠵᠢᠯᠡᠭᠦᠯᠬᠦ ᠠᠷᠭ᠎ᠠ᠂ ᠪᠣᠯᠵᠣᠨ ᠶᠠᠷᠢᠯᠴᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠢᠨᠠᠨ ᠰᠢᠯᠭᠠᠯᠲᠠ ᠶᠢ ᠨᠡᠩ ᠴᠢᠩᠭᠠᠯᠠᠵᠤ᠂ ᠪᠣᠯᠵᠣᠨ ᠶᠠᠷᠢᠯᠴᠠᠬᠤ ᠶᠢ ᠨᠡᠩ ᠵᠢᠷᠤᠮᠵᠢᠭᠤᠯᠵᠤ᠂ ᠮᠡᠳᠡᠭᠡᠯᠡᠬᠦ ᠪᠠ ᠰᠡᠷᠡᠮᠵᠢᠯᠡᠭᠦᠯᠬᠦ ᠠᠭᠤᠯᠭ᠎ᠠ ᠶᠢ ᠨᠡᠩ ᠲᠣᠳᠣᠷᠠᠭᠤᠯᠪᠠ᠃

      ᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠢᠨᠠᠨ ᠰᠢᠯᠭᠠᠯᠲᠠ ᠶᠢ ᠥᠷᠨᠢᠭᠦᠯᠬᠦ ᠪᠣᠯ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠦᠨᠡᠯᠡᠨ ᠮᠠᠭᠠᠳᠯᠠᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠡᠯ᠎ᠡ ᠱᠠᠲᠤ ᠳᠠᠪᠬᠤᠷᠭ᠎ᠠ ᠶᠢᠨ ᠠᠵᠢᠯ ᠤᠨ ᠢᠳᠡᠪᠬᠢᠵᠢᠯ ᠢ ᠳᠠᠶᠢᠴᠢᠯᠠᠬᠤ ᠴᠢᠬᠤᠯᠠ ᠠᠷᠭ᠎ᠠ ᠵᠠᠮ ᠪᠠ ᠠᠷᠭ᠎ᠠ ᠪᠠᠷᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ︽ᠠᠶᠤᠯ ᠦᠭᠡᠢ ᠦᠢᠯᠡᠳᠪᠦᠷᠢᠯᠡᠯ ᠤᠨ ᠰᠢᠯᠭᠠᠨ ᠬᠢᠨᠠᠬᠤ ᠠᠷᠭ᠎ᠠ︾ ᠶᠣᠰᠣᠭᠠᠷ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠰᠢᠯᠭᠠᠨ ᠬᠢᠨᠠᠬᠤ ᠶᠢ ︽ᠳᠣᠬᠢᠭᠤᠷ︾ ᠪᠠ ︽ᠴᠢᠭᠯᠡᠭᠦᠷ︾ ᠪᠣᠯᠭᠠᠬᠤ ᠶᠢ ᠪᠠᠷᠢᠮᠲᠠᠯᠠᠵᠤ᠂ ᠬᠢᠨᠠᠨ ᠰᠢᠯᠭᠠᠯᠲᠠ ᠪᠠᠷ ᠰᠢᠯᠢᠳᠡᠭ ᠳᠡᠰ ᠤᠨ ᠠᠶᠢᠮᠠᠭ ᠬᠤᠲᠠ ᠶᠢ ᠰᠣᠩᠭᠤᠬᠤ ᠳᠤ ᠪᠠᠨ᠂ ᠣᠯᠣᠭᠰᠠᠨ ᠬᠤᠪᠢ ᠨᠢ 90 ᠬᠤᠪᠢ ᠵᠢᠴᠢ ᠲᠡᠭᠦᠨ ᠠᠴᠠ ᠳᠡᠭᠡᠭᠰᠢ ᠪᠠᠶᠢᠬᠤ ᠰᠢᠯᠭᠠᠭᠳᠠᠬᠤ ᠭᠠᠵᠠᠷ ᠣᠷᠣᠨ ᠤ ᠳᠣᠲᠣᠷ᠎ᠠ ᠠᠴᠠ ᠣᠯᠣᠭᠰᠠᠨ ᠬᠤᠪᠢ ᠶᠢᠨ ᠥᠨᠳᠥᠷ ᠠᠴᠠ ᠨᠢ ᠳᠣᠷᠣᠭᠰᠢ ᠵᠢᠭᠰᠠᠭᠠᠨ ᠲᠣᠭᠲᠠᠭᠠᠬᠤ ᠪᠥᠭᠡᠳ ᠬᠠᠷᠢᠴᠠᠯ ᠨᠢ 40% ᠠᠴᠠ ᠳᠠᠪᠠᠭᠤᠯᠬᠤ ᠦᠭᠡᠢ᠃ ᠰᠢᠯᠭᠠᠨ ᠦᠨᠡᠯᠡᠬᠦ ᠪᠠᠷ ᠳᠠᠮᠵᠢᠭᠤᠯᠤᠨ ᠵᠡᠷᠭᠡ ᠳᠡᠰ ᠤᠨ ᠵᠥᠷᠢᠶ᠎ᠡ ᠶᠢ ᠶᠡᠬᠡᠰᠬᠡᠵᠦ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠶᠢ ᠰᠢᠮᠳᠠᠭᠤᠯᠤᠨ ᠣᠷᠣᠰᠢᠵᠤ ᠪᠠᠶᠢᠭ᠎ᠠ ᠠᠰᠠᠭᠤᠳᠠᠯ ᠢᠶᠠᠨ ᠡᠷᠢᠨ ᠣᠯᠵᠤ᠂ ᠲᠤᠰ ᠪᠡᠶ᠎ᠡ ᠶᠢᠨ ᠵᠥᠷᠢᠶ᠎ᠡ ᠪᠠᠨ ᠣᠨᠣᠪᠴᠢᠲᠠᠢ ᠮᠡᠳᠡᠵᠦ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢᠶᠠᠨ ᠰᠠᠶᠢᠲᠤᠷ ᠠᠳᠬᠤᠬᠤ ᠶᠢᠨ ᠳᠣᠲᠣᠭᠠᠳᠤ ᠬᠥᠳᠡᠯᠭᠡᠭᠦ ᠬᠦᠴᠦᠨ ᠢ ᠨᠢ ᠬᠥᠭᠵᠢᠭᠡᠨ᠎ᠡ᠃

      ︽ᠠᠶᠤᠯ ᠦᠭᠡᠢ ᠦᠢᠯᠡᠳᠪᠦᠷᠢᠯᠡᠯ ᠤᠨ ᠪᠣᠯᠵᠣᠨ ᠶᠠᠷᠢᠯᠴᠠᠬᠤ ᠠᠷᠭ᠎ᠠ︾ ᠨᠢ ᠪᠣᠯᠵᠣᠨ ᠶᠠᠷᠢᠯᠴᠠᠬᠤ ᠡᠲᠡᠭᠡᠳ᠂ ᠪᠠᠶᠢᠳᠠᠯ᠂ ᠬᠡᠯᠪᠡᠷᠢ᠂ ᠶᠠᠪᠤᠴᠠ ᠪᠣᠯᠣᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠵᠢᠷᠤᠮᠵᠢᠭᠤᠯᠵᠤ᠂ ᠣᠨᠴᠠᠭᠠᠶᠢᠯᠠᠨ 4 ᠵᠦᠢᠯ ᠤᠨ ᠪᠠᠶᠢᠳᠠᠯ ᠳᠣᠣᠷ᠎ᠠ ᠵᠣᠬᠢᠴᠠᠩᠭᠤᠢ ᠪᠣᠯᠵᠣᠨ ᠶᠠᠷᠢᠯᠴᠠᠬᠤ ᠭᠤᠣᠯ ᠴᠣᠭᠴᠠ ᠪᠣᠯᠣᠨ ᠪᠣᠯᠵᠣᠨ ᠶᠠᠷᠢᠯᠴᠠᠬᠤ ᠶᠢ ᠬᠦᠯᠢᠶᠡᠬᠦ ᠭᠤᠣᠯ ᠴᠣᠭᠴᠠ ᠶᠢ ᠲᠣᠳᠣᠷᠬᠠᠶᠢᠯᠠᠪᠠ᠃ ︽ᠠᠶᠤᠯ ᠦᠭᠡᠢ ᠦᠢᠯᠡᠳᠪᠦᠷᠢᠯᠡᠯ ᠤᠨ ᠨᠡᠶᠢᠲᠡᠯᠡᠨ ᠮᠡᠳᠡᠭᠳᠡᠬᠦ ᠠᠷᠭ᠎ᠠ︾ ᠳᠤ ᠲᠣᠭᠲᠠᠭᠠᠭᠰᠠᠨ ᠢᠶᠠᠷ᠂ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ︵ᠬᠦᠨᠳᠦ ᠶᠡᠭᠡ ᠨᠥᠯᠥᠭᠡ ᠲᠠᠢ ᠡᠩ ᠤᠨ ᠠᠳᠡᠯ ᠪᠠᠭᠲᠠᠨ᠎ᠠ︶ ᠪᠣᠯᠣᠨ ᠴᠢᠬᠤᠯᠠ ᠠᠵᠢᠯ ᠤᠨ ᠡᠭᠦᠷᠭᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠠᠶᠤᠯ ᠦᠭᠡᠢ ᠦᠢᠯᠡᠳᠪᠦᠷᠢᠯᠡᠯ ᠤᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ᠂ ᠣᠯᠣᠭᠰᠠᠨ ᠲᠣᠪᠣᠶᠢᠮ᠎ᠠ ᠠᠮᠵᠢᠯᠲᠠ ᠵᠡᠷᠭᠡ ᠶᠢ ᠨᠡᠶᠢᠲᠡᠯᠡᠨ ᠮᠡᠳᠡᠭᠳᠡᠬᠦ ᠬᠡᠪᠴᠢᠶᠡᠨ ᠳᠤ ᠣᠷᠣᠭᠤᠯᠪᠠ᠃ ︽ᠠᠶᠤᠯ ᠦᠭᠡᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠠᠷᠭ᠎ᠠ︾ ᠳᠤ ᠠᠵᠢᠯ ᠲᠦᠷᠦᠯ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠠᠳᠡᠯ ᠤᠨ ᠲᠠᠯᠳᠠ ᠭᠡᠮ ᠪᠠ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠬᠤ︔ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠪᠤᠶᠤ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠳᠣ ᠬᠤᠭᠤᠴᠠᠭ᠎ᠠ ᠪᠠᠷ ᠣᠷᠣᠰᠢᠵᠤ ᠪᠠᠶᠢᠬᠤ︔ 60 ᠡᠳᠦᠷ ᠤᠨ ᠳᠣᠲᠣᠷ᠎ᠠ ᠠᠳᠠᠯᠢ ᠲᠦᠷᠦᠯ ᠤᠨ ᠨᠡᠯᠢᠶᠡᠳ ᠶᠡᠭᠡ ᠠᠳᠡᠯ ᠲᠠᠬᠢᠨ ᠳᠠᠪᠲᠠᠨ ᠭᠠᠷᠤᠭᠰᠠᠨ︔ ᠠᠳᠡᠯ ᠢ ᠰᠠᠶᠢᠲᠤᠷ ᠬᠢᠵᠠᠭᠠᠷᠯᠠᠭᠰᠠᠨ ᠦᠭᠡᠢ︔ ᠨᠡᠯᠢᠶᠡᠳ ᠶᠡᠭᠡ ᠠᠴᠠ ᠳᠡᠭᠡᠭᠰᠢᠬᠢ ᠠᠳᠡᠯ ᠤᠨ ᠬᠠᠷᠢᠭᠤᠴᠠᠯᠭ᠎ᠠ ᠶᠢ ᠨᠡᠬᠡᠮᠵᠢᠯᠡᠬᠦ ᠶᠢ ᠬᠠᠭᠠᠰ ᠵᠢᠯ ᠬᠡᠲᠦᠷᠡᠲᠡᠯ᠎ᠡ ᠨᠠᠶᠢᠳᠠᠪᠤᠷᠢᠵᠢᠭᠤᠯᠤᠭᠰᠠᠨ ᠦᠭᠡᠢ ᠪᠠᠶᠢᠬᠤ︔ ᠳᠡᠭᠡᠳᠦ ᠱᠠᠲᠤᠨ ᠤ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ ᠶᠢ ᠱᠠᠭᠠᠷᠳᠠᠯᠭ᠎ᠠ ᠶᠣᠰᠣᠭᠠᠷ ᠪᠡᠶᠡᠯᠡᠭᠦᠯᠦᠭᠰᠡᠨ ᠦᠭᠡᠢ ᠪᠠᠶᠢᠪᠠᠯ᠂ ᠲᠡᠳᠡᠨᠦᠰ ᠤᠨ ᠪᠠᠶᠢᠭ᠎ᠠ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠳᠤ ᠰᠡᠷᠡᠮᠵᠢᠯᠡᠭᠦᠯᠦᠨ ᠮᠡᠳᠡᠭᠳᠡᠨ᠎ᠡ᠃

      ᠬᠠᠷᠢᠭᠤᠴᠠᠯᠭ᠎ᠠ ᠶᠢ ᠮᠡᠳᠡᠵᠦ ᠬᠠᠷᠢᠭᠤᠴᠠᠯᠭ᠎ᠠ ᠶᠢ ᠲᠣᠳᠣᠷᠬᠠᠶᠢᠯᠠᠬᠤ ᠪᠣᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠤᠷᠢᠲᠠᠯ ᠪᠠ ᠰᠠᠭᠤᠷᠢ ᠮᠥᠨ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ︾ ᠢ ᠳᠠᠷᠤᠮᠠᠯᠯᠠᠨ ᠲᠠᠷᠬᠠᠭᠠᠵᠤ᠂ 37 ᠰᠠᠯᠠᠭ᠎ᠠ ᠮᠥᠴᠢᠷ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠢᠯᠠᠩᠭᠤᠶ᠎ᠠ ᠬᠡᠰᠡᠭ ᠰᠢᠨ᠎ᠡ ᠪᠠᠷ ᠪᠣᠶ ᠪᠣᠯᠤᠭᠰᠠᠨ ᠠᠵᠢᠯ ᠲᠥᠷᠥᠯ ᠤᠨ ᠬᠦᠷᠢᠶᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠪᠠ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠭᠰᠠᠨ ᠶᠠᠪᠤᠳᠠᠯ ᠨᠢ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠳᠬᠠᠨ᠂ ᠮᠠᠨ ᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃

      ᠡᠭᠦᠨ ᠠᠴᠠ ᠭᠠᠳᠠᠨ᠎ᠠ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠣᠷᠤᠯᠴᠠᠬᠤ ᠢᠳᠡᠪᠬᠢᠵᠢᠯ ᠢ ᠨᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠦᠷᠢᠶᠡᠨ ᠳᠠᠬᠢ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠱᠠᠭᠠᠷᠳᠠᠯᠭ᠎ᠠ᠂ ᠬᠡᠪᠴᠢᠶ᠎ᠡ᠂ ᠪᠠᠷᠢᠮᠵᠢᠶ᠎ᠠ᠂ ᠶᠠᠪᠤᠴᠠ ᠪᠣᠯᠣᠨ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠭᠤᠯᠭ᠎ᠠ ᠶᠢᠨ ᠲᠠᠯ᠎ᠠ ᠪᠠᠷ ᠲᠣᠳᠣᠷᠬᠠᠢ ᠪᠥᠭᠡᠳ ᠪᠣᠳᠠᠲᠠᠢ ᠲᠣᠭᠲᠠᠭᠠᠯ ᠭᠠᠷᠭᠠᠵᠤ᠂ ᠡᠭᠦᠨ ᠤ ᠤᠯᠠᠮ ᠢᠶᠠᠷ ᠤᠯᠠᠨ ᠨᠡᠶᠢᠲᠡ ᠶᠢᠨ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠲᠠᠯᠳᠠ ᠭᠡᠮ ᠪᠣᠯᠣᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠨᠢ ᠵᠣᠷᠢᠭᠵᠢᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠢ ᠨᠦᠭᠦᠳ ᠬᠦᠨᠳᠦ ᠶᠡᠭᠡ ᠠᠳᠡᠯ ᠤᠨ ᠲᠠᠯᠳᠠ ᠭᠡᠮ ᠢ ᠴᠠᠭ ᠲᠤᠬᠠᠢ ᠳᠤ ᠨᠢ ᠣᠯᠵᠤ ᠮᠡᠳᠡᠬᠦ ᠶᠢᠨ ᠬᠠᠮᠲᠤ ᠠᠷᠢᠯᠭᠠᠬᠤ ᠪᠣᠯᠭᠠᠵᠤ᠂ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠤᠷᠢᠭᠯᠠᠨ ᠵᠣᠭᠰᠤᠭᠠᠬᠤ ᠪᠠ ᠵᠠᠯᠬᠠᠭᠠᠨ ᠰᠢᠢᠳᠬᠡᠬᠦ ᠶᠢ ᠠᠬᠢᠭᠤᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ