1 ᠳ᠋ᠦ᠋ᠭᠡᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ︵2021 — 2035 ᠣᠨ︶︾ | ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢᠨ ᠵᠣᠷᠰᠢᠮᠠᠯ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠠᠴᠠ ︽ᠲᠥᠯᠥᠪᠵᠢᠭᠦᠯᠭᠡ︾ | ᠶᠢᠨ ᠬᠤᠯᠪᠤᠭᠳᠠᠯ ᠪᠥᠬᠦᠶ ᠪᠠᠶᠢᠳᠠᠯ ᠤᠨ ᠲᠤᠬᠠᠶ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ | ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠬᠤᠲᠠ ᠪᠠᠯᠭᠠᠰᠤᠵᠢᠯᠲᠠ ᠪᠣᠯ ᠣᠳᠣᠬᠢᠴᠢᠯᠠᠯᠲᠠ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ 2035 ᠣᠨ ᠪᠣᠯᠬᠤ ᠳᠤ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠲᠡᠮᠡᠴᠡᠯ ᠤᠨ ᠬᠠᠷᠠᠯᠲᠠ ᠶᠢ | ᠦᠨᠳᠦᠰᠦᠨ ᠳᠤ ᠪᠠᠨ ᠪᠡᠶᠡᠯᠡᠭᠦᠯᠵᠦ᠂ ᠬᠤᠳᠠ ᠪᠠᠯᠭᠠᠰᠤᠵᠢᠯᠳᠠ ᠪᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠴᠢᠯᠠᠯᠲᠠ᠂ ᠬᠥᠳᠡᠭᠡ ᠠᠵᠤ | ᠠᠬᠤᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠭᠤᠣᠯ ᠠᠭᠤᠯᠭ᠎ᠠ ᠪᠣᠯᠤᠨ᠎ᠠ ᠭᠡᠵᠦ ᠳᠤᠷᠠᠳᠴᠠᠢ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ 2020 ᠣᠨ ᠤ 5 ᠳ᠋ᠤᠭᠠᠷ ᠰᠠᠷ᠎ᠠ ᠳᠤ ︽ᠲᠥᠯᠥᠪᠵᠢᠭᠦᠯᠭᠡ︾ ᠶᠢ | ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠨᠠᠶᠢᠷᠠᠭᠤᠯᠤᠨ ᠵᠣᠬᠢᠶᠠᠬᠤ ᠶᠠᠪᠤᠴᠠ ᠳᠤ ᠪᠠᠨ ᠠᠷᠭ᠎ᠠ ᠪᠣᠳᠣᠯᠭ᠎ᠠ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ | ᠠᠰᠠᠭᠤᠬᠤ ᠶᠢ ᠪᠠᠷᠢᠮᠲᠠᠯᠠᠨ᠂ ᠣᠯᠠᠨᠲᠠ ᠬᠠᠮᠲᠤ ᠪᠠᠷ ᠶᠠᠷᠢᠯᠴᠠᠨ ᠰᠤᠳᠤᠯᠵᠤ᠂ ︽ᠲᠥᠯᠥᠪᠵᠢᠭᠦᠯᠭᠡ︾ ᠶᠢᠨ ᠬᠥᠭᠵᠢᠯᠲᠡ ᠶᠢᠨ ᠰᠡᠳᠬᠢᠴᠡ᠂ ᠬᠠᠷᠠᠯᠲᠠᠲᠤ ᠡᠭᠦᠷᠭᠡ ᠪᠠ | ᠦᠨᠳᠦᠰᠦᠨ ᠪᠣᠷᠣ ᠲᠥᠯᠥᠪ ᠢ ᠲᠣᠳᠣᠷᠬᠠᠶᠢᠯᠠᠵᠤ᠂ ︽ᠲᠥᠯᠥᠪᠵᠢᠭᠦᠯᠭᠡ︾ ᠶᠢᠨ ᠡᠬᠡ ᠨᠣᠤᠷᠠᠭ ᠢ ᠲᠤᠭᠤᠷᠪᠢᠵᠤ ᠭᠠᠷᠭᠠᠪᠠ᠃ ᠲᠤᠰᠬᠠᠶ ᠮᠡᠷᠭᠡᠵᠢᠯᠲᠡᠨ ᠢ ᠵᠣᠬᠢᠶᠠᠨ | ᠪᠠᠶᠢᠭᠤᠯᠤᠨ ᠨᠤᠲᠠᠯᠠᠯᠲᠠ ᠬᠢᠯᠭᠡᠬᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠢ ᠬᠤᠷᠢᠶᠠᠬᠤ᠂ ᠤᠯᠤᠰ ᠤᠨ ᠲᠥᠯᠥᠪᠵᠢᠭᠦᠯᠭᠡ ᠲᠠᠢ ᠵᠣᠯᠭᠠᠭᠤᠯᠬᠤ ᠪᠠᠷ ᠳᠡᠮᠵᠢᠨ᠂ | ᠣᠯᠠᠨ ᠤᠳᠠᠭ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠬᠤᠶᠢᠨ᠎ᠠ᠂ ︽ᠲᠥᠯᠥᠪᠵᠢᠭᠦᠯᠭᠡ︾ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠥᠪᠯᠡᠭᠦᠯᠵᠦ ᠪᠠᠲᠤᠯᠠᠭᠤᠯᠤᠭᠠᠳ᠂ 2021 | ᠣᠨ ᠤ 11 ᠳ᠋ᠦ᠋ᠭᠡᠷ ᠰᠠᠷ᠎ᠠ ᠶᠢᠨ 22 ᠤᠨ ᠡᠳᠦᠷ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ︽ᠲᠥᠯᠥᠪᠵᠢᠭᠦᠯᠭᠡ︾ ᠶᠢ ᠭᠤᠷᠪᠠᠨ ᠬᠡᠰᠡᠭ ᠲᠤ ᠬᠤᠪᠢᠶᠠᠵᠠᠢ᠃ ᠨᠢᠭᠡᠳᠦᠭᠡᠷ ᠬᠡᠰᠡᠭ ᠨᠢ ᠶᠡᠷᠦᠩᠬᠡᠶ ᠣᠨᠤᠯ ᠪᠣᠯᠤᠨ᠎ᠠ᠂ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠣᠯᠤᠭᠰᠠᠨ ᠠᠮᠵᠢᠯᠲᠠ ᠪᠦᠲᠦᠮᠵᠢ ᠶᠢ ᠳ᠋ᠦᠩᠨᠡᠵᠦ᠂ ᠲᠤᠯᠭᠠᠷᠠᠵᠤ ᠪᠠᠶᠢᠭ᠎ᠠ ᠪᠠᠶᠢᠳᠠᠯ ᠳᠤ ᠵᠠᠳᠠᠯᠤᠯᠲᠠ ᠬᠢᠵᠦ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠢᠨ᠎ᠡ ᠮᠠᠶ᠋ᠢᠭ ᠤᠨ ᠬᠤᠳᠠ ᠪᠠᠯᠭᠠᠰᠣᠵᠢᠯᠳᠡ ᠶᠢ ᠲᠥᠯᠬᠢᠨ ᠠᠬᠢᠭᠤᠯᠬᠤ | ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠤᠣᠯ ᠬᠠᠷᠠᠯᠲᠠ ᠶᠢ ᠳᠤᠷᠠᠳᠤᠨ ᠭᠠᠷᠭᠠᠵᠤ᠂ ᠬᠤᠳᠠ ᠪᠠᠯᠭᠠᠰᠤᠨ ᠤ ᠣᠷᠣᠨ ᠵᠠᠶ ᠶᠢᠨ | ᠪᠠᠶᠢᠷᠢᠰᠢᠭᠤᠯᠤᠯᠲᠠ ᠶᠢᠨ ᠤᠳᠤᠷᠢᠳᠤᠮᠵᠢ᠂ ᠬᠤᠳᠠ ᠶᠢᠨ ᠬᠥᠭᠵᠢᠯᠲᠡ ᠶᠢ ᠲᠥᠷᠥᠯ ᠬᠤᠪᠢᠶᠠᠨ ᠵᠢᠯᠣᠭᠤᠳᠬᠤ ᠵᠡᠷᠭᠡ ᠶᠢ ᠲᠣᠳᠣᠷᠬᠠᠶᠢᠯᠠᠪᠠ᠃ ᠡᠭᠦᠨ ᠤ ᠬᠠᠮᠲᠤ | 2035 ᠣᠨ ᠤ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠠᠯᠤᠰ ᠤᠨ ᠲᠥᠯᠥᠪ ᠢ ᠪᠠᠷᠠᠯᠠᠪᠠ᠃ ᠬᠤᠶᠠᠳᠤᠭᠠᠷ ᠬᠡᠰᠡᠭ ᠨᠢ ᠰᠠᠯᠪᠤᠷᠢ ᠤᠨᠤᠯ ᠪᠣᠯᠤᠨ᠎ᠠ᠂ ᠬᠤᠳᠠ | ᠪᠠᠯᠭᠠᠰᠤᠨ ᠤ ᠣᠷᠣᠨ ᠵᠠᠢ ᠶᠢᠨ ᠪᠠᠶᠢᠷᠢᠯᠠᠭᠤᠯᠤᠯᠲᠠ᠂ ᠬᠤᠳᠠ ᠶᠢᠨ ᠵᠠᠰᠠᠯᠲᠠ᠂ ᠬᠤᠳᠠ ᠶᠢᠨ ᠠᠷᠠᠳ ᠢᠷᠭᠡᠨᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ | ᠬᠤᠳᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠬᠤᠳᠠ ᠬᠥᠳᠡᠭᠡ ᠶᠢᠨ ᠡᠬᠢ ᠪᠠᠶᠠᠯᠢᠭ ᠢ ᠲᠣᠬᠢᠷᠠᠭᠤᠯᠬᠤ ᠵᠡᠷᠭᠡ ᠬᠠᠷᠠᠯᠲᠠ ᠡᠭᠦᠷᠭᠡ ᠪᠠ ᠭᠤᠣᠯ ᠠᠵᠢᠯ ᠢ | ᠲᠣᠳᠤᠷᠬᠠᠶᠢᠯᠠᠪᠠ᠃ ᠭᠤᠷᠪᠠᠳᠤᠭᠠᠷ ᠬᠡᠰᠡᠭ ᠨᠢ ᠲᠡᠭᠦᠰᠬᠡᠯ ᠪᠣᠯᠤᠨ᠎ᠠ᠂ ︽ᠲᠥᠯᠥᠪᠵᠢᠭᠦᠯᠭᠡ︾ ᠶᠢ ᠬᠡᠷᠡᠭᠵᠢᠭᠦᠯᠬᠦ ᠠᠵᠢᠯ ᠤᠨ ᠲᠣᠭᠲᠠᠴᠠ᠂ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠵᠡᠷᠭᠡ ᠠᠷᠭ᠎ᠠ ᠬᠡᠮᠵᠢᠶ᠎ᠡ ᠶᠢ ᠲᠤᠷᠠᠳᠪᠠ᠃ | ︽ᠲᠥᠯᠥᠪᠵᠢᠭᠦᠯᠭᠡ︾ ᠶᠢᠨ ᠭᠤᠤᠯ ᠠᠭᠤᠯᠭ᠎ᠠ ᠶᠢ ᠬᠤᠷᠢᠶᠠᠩᠭᠤᠶᠢᠯᠠᠪᠠᠯ᠄ ᠨᠢᠭᠡ ᠶᠡᠷᠦᠩᠬᠡᠶ ᠬᠠᠷᠠᠯᠲᠠ᠂ ᠭᠤᠷᠪᠠᠨ ᠲᠤᠰᠬᠠᠯᠲᠠ ᠶᠢ ᠴᠢᠬᠤᠯᠠᠴᠢᠯᠠᠵᠤ᠂ | ︽ᠨᠢᠭᠡ ᠪᠦᠯᠦᠭᠵᠢᠯ ᠬᠤᠶᠠᠷ ᠲᠦᠢᠯ ᠣᠯᠠᠨ ᠴᠡᠭ︾ ᠤᠨ ᠬᠤᠲᠠ ᠪᠠᠯᠭᠠᠰᠤᠵᠢᠯᠲᠠ ᠶᠢᠨ ᠪᠠᠶᠢᠷᠢᠯᠠᠭᠤᠯᠤᠯᠲᠠ ᠶᠢ ᠪᠣᠶ ᠪᠣᠯᠭᠠᠵᠤ᠂ ᠲᠠᠪᠤᠨ ᠶᠡᠭᠡ ᠡᠭᠦᠷᠭᠡ ᠶᠢ | ᠳᠥᠯᠭᠢᠨ ᠠᠬᠢᠭᠤᠯᠵᠤ᠂ ᠭᠤᠷᠪᠠᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠬᠦ ᠪᠣᠯᠤᠨ᠎ᠠ᠃ | ᠨᠢᠭᠡ ᠶᠡᠷᠦᠩᠬᠡᠶ ᠬᠠᠷᠠᠯᠲᠠ᠃ ᠲᠤᠬᠠᠶᠢᠯᠠᠪᠠᠯ 2025 ᠣᠨ ᠪᠣᠯᠬᠤ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ | 69% ᠣᠷᠴᠢᠮ ᠳᠤ ᠬᠦᠷᠦᠭᠦᠯᠵᠦ᠂ 2035 ᠣᠨ ᠪᠣᠯᠬᠤ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 72% | ᠣᠷᠴᠢᠮ ᠳᠤ ᠬᠦᠷᠦᠭᠦᠯᠵᠦ᠂ ᠬᠤᠲᠠ ᠪᠠᠯᠭᠠᠰᠤ ᠶᠢᠨ ᠣᠷᠣᠨ ᠵᠠᠶ ᠶᠢᠨ ᠪᠠᠶᠢᠷᠢᠯᠠᠭᠤᠯᠤᠯᠲᠠ ᠪᠠ ᠬᠡᠪᠴᠢᠶ᠎ᠡ ᠪᠦᠲᠦᠴᠡ ᠶᠢ ᠬᠡᠯᠪᠡᠷᠢᠵᠢᠭᠦᠯᠦᠨ ᠲᠣᠭᠲᠠᠪᠤᠷᠢᠵᠢᠭᠤᠯᠤᠨ | ᠪᠣᠯᠪᠠᠰᠤᠷᠠᠩᠭᠤᠶ ᠪᠣᠯᠭᠠᠵᠤ᠂ ᠬᠤᠲᠠ ᠪᠠᠯᠭᠠᠰᠤ ᠶᠢᠨ ᠴᠢᠳᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠲᠠ ᠪᠠᠯᠭᠠᠰᠤ ᠶᠢᠨ ᠬᠥᠭᠵᠢᠯᠲᠡ ᠶᠢᠨ ᠠᠷᠭ᠎ᠠ ᠮᠠᠶ᠋ᠢᠭ ᠢ | ᠪᠥᠬᠦ ᠲᠠᠯ᠎ᠠ ᠪᠠᠷ ᠬᠤᠪᠢᠷᠠᠭᠤᠯᠵᠤ᠂ ᠬᠤᠲᠠ ᠪᠠᠯᠭᠠᠰᠤ ᠶᠢᠨ ᠬᠥᠭᠵᠢᠯᠲᠡ ᠶᠢ ᠨᠠᠩ ᠠᠮᠤᠷ ᠲᠦᠪᠰᠢᠨ ᠪᠣᠯᠭᠠᠵᠤ᠂ ᠬᠤᠲᠠ ᠬᠥᠳᠡᠭᠡ ᠶᠢᠨ ᠨᠢᠭᠡ ᠴᠤᠭᠴᠠᠵᠢᠯᠲᠠ ᠶᠢ | ᠦᠨᠳᠦᠰᠦᠨ ᠳᠤ ᠪᠠᠨ ᠪᠡᠶᠡᠯᠡᠭᠦᠯᠦᠨ᠎ᠡ᠃ | ︽ᠨᠢᠭᠡ ᠪᠦᠯᠦᠭᠵᠢᠯ ᠬᠤᠶᠠᠷ ᠲᠦᠢᠯ ᠤᠯᠠᠨ ᠴᠡᠭ︾ ᠤᠨ ᠬᠤᠳᠠ ᠪᠠᠯᠭᠠᠰᠤᠵᠢᠯᠳᠠ ᠶᠢᠨ ᠪᠠᠶᠢᠷᠢᠯᠠᠭᠤᠯᠤᠯᠲᠠ ᠶᠢ ᠪᠤᠢ ᠪᠣᠯᠭᠠᠨ᠎ᠠ᠃ ᠬᠥᠬᠡᠬᠤᠲᠠ ᠪᠤᠭᠤᠲᠤ | ᠤᠷᠳᠤᠰ ᠤᠯᠠᠭᠠᠨᠴᠠᠪ ᠤᠨ ᠬᠤᠲᠠ ᠶᠢᠨ ᠪᠦᠯᠦᠭᠵᠢᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠡᠯ᠎ᠡ ᠲᠦᠷᠦᠯ ᠤᠨ ᠴᠢᠬᠤᠯᠠ ᠡᠯᠧᠮᠧᠨ᠋ᠲ ᠶᠢ ᠵᠦᠢ ᠵᠣᠬᠢᠰᠲᠠᠶ | ᠰᠢᠯᠵᠢᠭᠦᠯᠬᠦ ᠪᠠ ᠥᠨᠳᠥᠷ ᠦᠷ᠎ᠡ ᠪᠦᠲᠦᠮᠵᠢᠲᠡᠶ ᠪᠠᠷ ᠲᠣᠬᠢᠷᠠᠭᠤᠯᠬᠤ ᠶᠢ ᠠᠬᠢᠭᠤᠯᠵᠤ᠂ ᠬᠤᠳᠠ ᠶᠢᠨ ᠪᠦᠯᠦᠭᠵᠢᠯ ᠤᠨ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ | ᠬᠥᠮᠦᠨ ᠠᠮᠠ ᠶᠢ 800 ᠲᠦᠮᠡ ᠣᠷᠴᠢᠮ ᠳᠤ ᠬᠦᠷᠦᠭᠦᠯᠵᠦ᠂ ᠪᠦᠬᠦ ᠣᠷᠣᠨ ᠤ 48.7% ᠶᠢ ᠡᠵᠡᠯᠡᠭᠦᠯᠦᠨ᠎ᠡ᠃ ᠬᠥᠬᠡᠬᠤᠲᠠ ᠶᠢᠨ ᠰᠢᠨ᠎ᠡ ᠶᠢ ᠡᠭᠦᠳᠬᠦ | ᠬᠡᠯᠪᠡᠷᠢ ᠶᠢᠨ ᠲᠥᠪ ᠬᠤᠲᠠ ᠶᠢ ᠪᠥᠲᠥᠭᠡᠨ ᠪᠠᠶᠢᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠤᠲᠠ ᠶᠢᠨ ᠲᠣᠭᠤᠷᠢᠭ ᠢ ᠪᠣᠶ ᠪᠣᠯᠭᠠᠬᠤ ᠶᠢ ᠠᠬᠢᠭᠤᠯᠤᠨ᠂ | ᠲᠥᠪ ᠬᠤᠲᠠ ᠶᠢᠨ ᠲᠡᠷᠢᠭᠦᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠭᠠᠨᠬᠠᠳᠠ ᠲᠦᠩᠯᠢᠶᠣᠤ ᠶᠢᠨ ᠣᠷᠣᠨ ᠪᠦᠰᠡ ᠶᠢᠨ ᠲᠥᠪ ᠬᠤᠲᠠ ᠶᠢ ᠲᠦᠷᠭᠡᠳᠬᠡᠨ | ᠪᠠᠶᠢᠭᠤᠯᠵᠤ᠂ ᠬᠤᠶᠠᠷ ᠬᠤᠲᠠ ᠶᠢᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ᠂ ᠰᠣᠶᠣᠯ ᠤᠨ ᠰᠣᠯᠢᠯᠴᠠᠭ᠎ᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ | ᠭᠠᠳᠠᠭᠰᠢ ᠨᠡᠭᠡᠭᠡᠯᠲᠡ ᠬᠢᠬᠦ ᠵᠡᠷᠭᠡ ᠲᠠᠯ᠎ᠠ ᠪᠠᠷ ᠬᠤᠯᠪᠣᠭᠠᠯᠠᠨ ᠬᠥᠭᠵᠢᠬᠦ ᠶᠢ ᠠᠬᠢᠭᠤᠯᠵᠤ᠂ ᠣᠷᠣᠨ ᠪᠦᠰᠡ ᠶᠢᠨ ᠬᠥᠮᠦᠨ ᠠᠮᠠ ᠶᠢ ᠬᠥᠲᠥᠯᠦᠨ ᠵᠢᠯᠣᠭᠤᠳᠴᠤ | ᠪᠠᠶᠢᠭᠠᠳ ᠲᠥᠪ ᠬᠤᠲᠠ ᠲᠣᠭᠤᠷᠢᠭ ᠲᠡᠶᠢᠰᠢ ᠴᠤᠭᠯᠠᠷᠠᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ︽ᠬᠤᠤᠰ ᠣᠳᠤᠨ ᠣᠷᠣᠨ︾ ᠤ | ᠪᠠᠶᠢᠷᠢᠯᠠᠭᠤᠯᠤᠯᠲᠠ ᠶᠢ ᠪᠣᠶ ᠪᠣᠯᠭᠠᠨ᠎ᠠ᠃ ᠳᠤᠮᠳᠠ ᠵᠢᠵᠢᠭ ᠬᠤᠳᠠ ᠶᠢᠨ ᠳᠠᠭᠠᠭᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠰᠢᠶᠠᠨ ᠤ ᠬᠤᠳᠠ ᠶᠢᠨ | ᠴᠢᠬᠤᠯᠠ ᠠᠴᠢᠶᠠᠯᠠᠪᠤᠷᠢ ᠶᠢᠨ ᠦᠢᠯᠡᠳᠦᠯ ᠢ ᠴᠢᠩᠭᠠᠷᠠᠭᠤᠯᠤᠨ᠂ ᠭᠤᠣᠯᠳᠠᠯᠭ᠎ᠠ ᠲᠠᠢ ᠵᠢᠵᠢᠭ ᠬᠤᠲᠠ ᠪᠠᠯᠭᠠᠰᠤ ᠶᠢ ᠪᠤᠶᠢᠵᠢᠭᠤᠯᠤᠨ ᠬᠥᠭᠵᠢᠭᠦᠯᠵᠦ᠂ ᠲᠤᠮᠤ ᠳᠤᠮᠳᠠ | ᠵᠢᠵᠢᠭ ᠬᠤᠳᠠ ᠪᠠ ᠵᠢᠵᠢᠭ ᠬᠤᠲᠠ ᠪᠠᠯᠭᠠᠰᠤ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | ᠲᠠᠪᠤᠨ ᠶᠡᠭᠡ ᠡᠭᠦᠷᠭᠡ ᠶᠢ ᠲᠦᠯᠬᠢᠨ ᠠᠬᠢᠭᠤᠯᠤᠨ᠎ᠠ᠃ ᠬᠤᠲᠠ ᠪᠠᠯᠭᠠᠰᠤᠨ ᠤ ᠪᠠᠶᠢᠷᠢᠰᠢᠭᠤᠯᠤᠯᠲᠠ ᠪᠠ ᠬᠡᠯᠪᠡᠷᠢ ᠪᠠᠶᠢᠳᠠᠯ ᠤᠨ ᠲᠠᠯ᠎ᠠ ᠪᠠᠷ᠂ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠪᠦᠯᠦᠭᠵᠢᠯ᠂ ᠤᠯᠠᠭᠠᠨᠬᠠᠳᠠ ᠲᠦᠩᠯᠢᠶᠣᠤ ᠶᠢᠨ ᠣᠷᠣᠨ ᠪᠦᠰᠡ ᠶᠢᠨ ᠲᠥᠪ ᠬᠤᠲᠠ ᠪᠠ ᠳᠤᠮᠳᠠ ᠵᠢᠵᠢᠭ ᠬᠤᠲᠠ᠂ | ᠵᠢᠵᠢᠭ ᠬᠤᠲᠠ ᠪᠠᠯᠭᠠᠰᠤ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠬᠦᠴᠦᠯᠡᠨ ᠪᠠᠶᠢᠭᠤᠯᠬᠤ ᠶᠢ ᠲᠤᠷᠠᠳᠪᠠ︔ ᠬᠤᠳᠠ ᠶᠢᠨ ᠵᠠᠰᠠᠯᠲᠠ ᠶᠢᠨ | ᠲᠠᠯ᠎ᠠ ᠪᠠᠷ᠂ ᠬᠤᠳᠠ ᠶᠢᠨ ᠣᠷᠣᠨ ᠵᠠᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ᠲᠣᠭᠠᠴᠢᠯᠠᠭᠰᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠ ᠨᠠᠷᠢᠯᠢᠭ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠡᠭᠦᠷᠭᠡ ᠶᠢ ᠳᠤᠷᠠᠳᠪᠠ︔ | ᠬᠤᠲᠠ ᠶᠢᠨ ᠠᠷᠠᠳ ᠢᠷᠭᠡᠨᠴᠢᠯᠡᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ᠂ ᠡᠷᠦᠬᠡ ᠠᠮᠠ ᠣᠷᠣᠬᠤ ᠳᠤ ᠲᠥᠬᠦᠮ ᠦᠵᠡᠭᠦᠯᠬᠦ᠂ ᠣᠯᠠᠨ ᠨᠡᠶᠢᠲᠡ ᠶᠢᠨ | ᠦᠢᠯᠡᠴᠢᠯᠡᠭᠡᠨ ᠤ ᠪᠠᠲᠤᠯᠠᠭ᠎ᠠ᠂ ᠬᠤᠲᠠ ᠣᠷᠣᠭᠰᠠᠨ ᠮᠠᠯᠴᠢᠨ ᠲᠠᠷᠢᠶᠠᠴᠢᠨ ᠤ ᠮᠠᠯᠵᠢᠬᠤ ᠲᠠᠷᠢᠶᠠᠯᠠᠬᠤ ᠣᠷᠣᠨ ᠳᠠᠬᠢ ᠡᠷᠬᠡ ᠠᠰᠢᠭ ᠢ ᠨᠢ ᠬᠠᠮᠠᠭᠠᠯᠠᠬᠤ᠂ ᠪᠠᠭᠲᠠᠭᠠᠮᠵᠢ | ᠲᠠᠢ ᠬᠠᠯᠠᠮᠵᠢᠯᠠᠬᠤ ᠵᠡᠷᠭᠡ ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠶ ᠠᠴᠠ ᠨᠡᠭᠦᠯᠭᠡᠨ ᠰᠢᠯᠵᠢᠭᠦᠯᠦᠭᠰᠡᠨ ᠬᠥᠮᠦᠨ ᠠᠮᠠ ᠶᠢ ᠠᠯᠢ ᠲᠦᠷᠭᠡᠨ ᠢᠶᠠᠷ ᠬᠤᠲᠠ ᠳᠤ | ᠠᠭᠤᠰᠤᠯᠴᠠᠬᠤ ᠶᠢ ᠠᠬᠢᠭᠤᠯᠤᠨ᠎ᠠ︔ ᠬᠤᠳᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠶᠢ | ᠴᠢᠩᠭᠠᠳᠬᠠᠵᠤ᠂ ᠬᠤᠳᠠ ᠶᠢᠨ ᠰᠣᠶᠣᠯ ᠤᠨ ᠳᠦᠷᠰᠦ ᠪᠠᠶᠢᠳᠠᠯ ᠢ ᠪᠤᠢ ᠪᠣᠯᠭᠠᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠶᠡᠷᠦᠩᠬᠡᠶᠢᠯᠡᠭᠰᠡᠨ ᠵᠠᠰᠠᠯᠲᠠ ᠶᠢ | ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠠᠵᠤ ᠦᠢᠯᠡᠰ ᠤᠨ ᠵᠣᠬᠢᠴᠠᠯᠳᠤᠨ ᠬᠦᠭᠵᠢᠬᠦ ᠶᠢ ᠠᠬᠢᠭᠤᠯᠵᠤ᠂ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢ | ᠪᠦᠷᠢᠨᠰᠢᠭᠦᠯᠬᠦ ᠶᠢ ᠴᠢᠬᠤᠯᠠᠴᠢᠯᠠᠵᠤ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠬᠥᠭᠵᠢᠯᠲᠡ ᠶᠢᠨ ᠬᠠᠷᠠᠯᠲᠠ ᠶᠢ ᠳᠤᠷᠠᠳᠪᠠ︔ ᠬᠤᠳᠠ | ᠬᠥᠳᠡᠭᠡ ᠶᠢᠨ ᠡᠬᠢ ᠪᠠᠶᠠᠯᠢᠭ ᠢ ᠲᠣᠬᠢᠷᠠᠭᠤᠯᠬᠤ ᠲᠠᠯ᠎ᠠ ᠪᠠᠷ᠂ ᠬᠤᠳᠠ ᠬᠥᠳᠡᠭᠡ ᠶᠢᠨ ᠴᠢᠬᠤᠯᠠ ᠡᠯᠧᠮᠧᠨ᠋ᠲ ᠤᠨ ᠬᠤᠣᠰ ᠴᠢᠭᠯᠡᠯ ᠤᠨ ᠰᠢᠯᠵᠢᠯᠲᠡ ᠶᠢ ᠠᠬᠢᠭᠤᠯᠵᠤ᠂ | ᠦᠷᠭᠦᠯᠵᠢᠯᠡᠬᠦᠶᠢᠴᠡ ᠬᠤᠳᠠ ᠪᠠᠯᠭᠠᠰᠤᠵᠢᠯᠳᠠ ᠶᠢᠨ ᠪᠡᠯᠡ ᠣᠷᠤᠭᠤᠯᠬᠤ ᠪᠡᠯᠡ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠬᠤᠳᠠ ᠶᠢᠨ ᠬᠤᠭᠤᠷᠣᠨᠳᠣᠬᠢ | ᠬᠤᠯᠪᠣᠯᠳᠤᠨ ᠬᠥᠳᠡᠯᠦᠯᠴᠡᠵᠦ ᠬᠥᠭᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠶᠢᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠲᠣᠣᠷ ᠢ ᠪᠦᠷᠢᠨᠰᠢᠭᠦᠯᠦᠨ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ ᠪᠠᠭᠠᠰᠬᠠᠬᠤ ᠶᠢ ᠳᠤᠷᠠᠳᠤᠨ ᠭᠠᠷᠭᠠᠪᠠ᠃ | |