ᠱᠢ ᠲᠠᠢ ᠹᠧᠩ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ ᠬᠡᠷᠡᠭ ᠮᠡᠳᠡᠭᠴᠢᠳ ᠤᠨ ᠳᠠᠷᠤᠭ᠎ᠠ ᠸᠠᠩ ᠲᠦᠩ ᠵᠧᠦ ᠲᠠᠢ ᠠᠭᠤᠯᠵᠠᠪᠠ
ᠨᠡᠶᠢᠲᠡᠯᠡᠭᠰᠡᠨ ᠴᠠᠭ᠄
2022/1/18

0118石泰峰会见中国交通建设集团党委书记董事长王彤宙.jpg


      1 ᠰᠠᠷ᠎ᠠ ᠶᠢᠨ 17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠲᠦᠩ ᠵᠧᠦ ᠲᠠᠢ ᠠᠭᠤᠯᠵᠠᠯᠲᠠ ᠬᠢᠪᠠ᠃
      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠸᠠᠩ ᠲᠦᠩ ᠵᠧᠦ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠨ ᠤ ᠤᠷᠲᠤ ᠬᠤᠭᠤᠴᠠᠭᠠᠨ ᠤ ᠲᠤᠷᠰᠢ ᠦᠪᠦᠷ ᠮᠣᠩᠭᠤᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠣᠳᠣᠬᠠᠨ ᠳᠤ᠂ ᠥᠪᠥᠷ ᠮᠣᠩᠭᠤᠯ ᠶᠠᠭ ᠵᠣᠬᠢᠰᠲᠠᠶ ᠤᠷᠢᠳᠴᠢᠯᠠᠭᠤᠯᠬᠤ ᠵᠠᠷᠴᠢᠮ ᠶᠣᠰᠣᠭᠠᠷ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠪᠠᠶᠢᠨ᠎ᠠ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠨ ᠪᠡᠯᠡ ᠮᠦᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠨᠢᠰᠭᠡᠯ ᠤᠨ ᠪᠠᠭᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠵᠡᠷᠭᠡ ᠲᠠᠯ᠎ᠠ ᠪᠠᠷ ᠥᠪᠥᠷ ᠮᠣᠩᠭᠤᠯ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠠᠷᠭ᠎ᠠ ᠬᠡᠯᠪᠡᠷᠢ ᠪᠠᠨ ᠤᠯᠠᠮ ᠴᠢᠨᠠᠭᠰᠢᠳᠠ ᠰᠢᠨᠡᠴᠢᠯᠡᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠭᠡᠵᠦ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠶᠢ ᠨᠠᠩ ᠰᠠᠶᠢᠲᠤᠷ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃
      ᠸᠠᠩ ᠲᠦᠩ ᠵᠧᠦ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠶᠢ ᠳᠤᠷᠠᠳᠪᠠ᠃ ᠲᠡᠷᠡ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠳᠤᠷᠠᠲᠠᠶ᠎ᠠ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠰᠢᠯᠢᠳᠡᠭ ᠡᠬᠢ ᠪᠠᠶᠠᠯᠢᠭ ᠢ ᠲᠥᠪᠯᠡᠷᠡᠭᠦᠯᠵᠦ᠂ ᠬᠠᠮᠲᠤᠷᠠᠯᠴᠠᠭᠠᠨ ᠤ ᠲᠦᠷᠦᠯ ᠵᠦᠢᠯ ᠢ ᠲᠦᠷᠭᠡᠳᠭᠡᠨ ᠨᠠᠶᠢᠳᠠᠪᠤᠷᠢᠵᠢᠭᠤᠯᠵᠤ ᠬᠡᠷᠡᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ ᠭᠡᠵᠦ ᠢᠯᠡᠳᠭᠡᠪᠡ᠃
      ᠦᠪᠡᠷᠲᠡᠭᠡᠨ ᠵᠠᠰᠠᠬᠤ ᠣᠷᠤᠨ ᠤ ᠤᠳᠤᠷᠢᠳᠤᠯᠭ᠎ᠠ ᠢᠤᠢ ᠯᠢ ᠰᠢᠨ᠂ ᠵᠠᠩ ᠱᠣᠣ ᠴᠦᠨ᠂ ᠠᠢ ᠯᠢ ᠬᠤᠸᠠ᠂ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠬᠡᠬᠤᠲᠠ ᠶᠢᠨ ᠬᠠᠷᠢᠭᠤᠴᠠᠯᠭᠠᠲᠠᠨ ᠨᠦᠬᠦᠳ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ