ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠪᠤᠯᠤᠨ ᠬᠤᠯᠪᠤᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2022/1/18

      ᠱᠢ ᠲᠠᠢ ᠹᠧᠩ ᠬᠤᠷᠠᠯ ᠢ ᠡᠷᠬᠢᠯᠡᠵᠠᠢ

      1 ᠰᠠᠷ᠎ᠠ ᠶᠢᠨ 17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ 1 ᠰᠠᠷ᠎ᠠ ᠶᠢᠨ 6᠎ ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠤᠨ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ᠂ ᠪᠦᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠤᠨ ᠭᠤᠴᠢᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃

      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠭᠤᠣᠯᠳᠠᠯᠭ᠎ᠠ ᠪᠠ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠲᠠᠯ᠎ᠠ ᠶᠢᠨ ᠠᠵᠢᠯ ᠢᠶᠠᠨ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠪᠠ᠃ ᠰᠢᠨ᠎ᠡ ᠨᠢᠭᠡ ᠵᠢᠯ ᠳᠤ᠂ ᠨᠠᠮ ᠤᠨ ᠡᠯ᠎ᠡ ᠤᠳᠤᠷᠢᠳᠬᠤ ᠳᠤᠭᠤᠶᠢᠯᠠᠩ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠳᠤᠷᠢᠳᠬᠤ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠭᠡᠨ᠂ ᠤᠳᠤᠷᠢᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠬᠤᠶᠠᠷ ᠢ ᠲᠣᠭᠲᠠᠭᠠᠬᠤ︾᠎ ᠶᠢᠨ ᠦᠢᠯᠡᠳᠦᠯᠭᠡ ᠶᠢᠨ ᠴᠢᠨᠠᠷᠲᠠᠢ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠲᠡᠭᠦᠨ ᠢ ᠦᠨᠡᠨ ᠬᠦ ᠰᠡᠳᠭᠢᠯ ᠳᠡᠭᠡᠨ ᠰᠢᠩᠭᠡᠭᠡᠵᠦ᠂ ᠠᠵᠢᠯᠯᠠᠭ᠎ᠠ ᠳᠠᠭᠠᠨ ᠢᠯᠡᠷᠡᠭᠦᠯᠵᠦ᠂ ᠢᠮᠠᠭᠲᠠ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠶᠡᠭᠡ ᠲᠠᠯ᠎ᠠ ᠳᠤ ᠨᠡᠩ ᠣᠨᠣᠴᠠᠲᠠᠢ ᠪᠠᠷ ᠠᠩᠬᠠᠷᠤᠯ ᠢᠶᠠᠨ ᠲᠥᠪᠯᠡᠷᠡᠭᠦᠯᠵᠤ᠂ ᠨᠡᠩ ᠪᠦᠲᠦᠮᠵᠢᠲᠡᠢ ᠪᠠᠷ ᠪᠦᠬᠦ ᠲᠠᠯ᠎ᠠ ᠳᠤ ᠬᠦᠴᠦ ᠪᠠᠨ ᠡᠷᠭᠦᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠲᠠᠯ᠎ᠠ ᠪᠠᠷ ᠦᠨᠡᠨ ᠬᠦ ᠨᠡᠩ ᠶᠡᠭᠡ ᠦᠢᠯᠡᠳᠦᠯ ᠦᠵᠡᠭᠦᠯᠵᠦ᠂ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠭᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠨᠡᠩ ᠴᠤᠭ ᠪᠠᠳᠠᠷᠠᠩᠭᠤᠢ ᠵᠣᠷᠢᠭ ᠰᠠᠨᠠᠭ᠎ᠠ᠂ ᠨᠡᠩ ᠤᠮᠤᠭᠯᠠᠩ ᠲᠡᠮᠡᠴᠡᠯ ᠤᠨ ᠵᠣᠷᠢᠭ ᠢᠶᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠶᠢ ᠭᠦᠨᠵᠡᠭᠡᠶ ᠡᠵᠡᠮᠳᠡᠵᠦ᠂ ᠠᠮᠤᠭᠤᠯᠠᠩᠳᠤ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠬᠦᠴᠦᠲᠡᠶ ᠭᠦᠶᠴᠡᠳᠭᠡᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠯᠠᠩᠭᠤᠶ᠎ᠠ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠰᠢᠨᠵᠢᠯᠡᠬᠦ ᠤᠬᠠᠭᠠᠨᠴᠢ ᠵᠥᠪ ᠣᠨᠣᠪᠴᠢᠲᠠᠢ ᠪᠠᠷ ᠪᠠᠶᠢᠳᠠᠯ ᠢ ᠰᠤᠳᠤᠯᠤᠨ ᠮᠠᠭᠠᠳᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠳᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠢ ᠪᠣᠳᠠᠲᠠᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠪᠦᠷᠢᠯᠳᠦᠭᠦᠯᠵᠤ ᠦᠭᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠤᠳᠤᠷᠢᠳᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠳᠤᠮᠳᠠᠬᠢ ᠲᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠡᠴᠡ ᠶᠢ ᠪᠠᠶᠢᠭᠤᠯᠤᠨ ᠪᠦᠷᠢᠨᠰᠢᠬᠦᠯᠵᠤ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠦᠷᠭᠦᠯᠵᠢᠯᠡᠨ ᠶᠡᠬᠡᠰᠭᠡᠬᠦ ᠬᠡᠷᠡᠭᠲᠡᠢ᠃ ᠦᠷᠭᠦᠯᠵᠢᠯᠡᠨ ︽ᠴᠢᠩᠭ᠎ᠠ︾ ᠪᠠᠶᠢᠬᠤ ᠭᠤᠣᠯ ᠬᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠠᠷᠠᠯ ᠢ ᠡᠰᠡᠷᠭᠦᠴᠡᠨ ᠴᠠᠭᠳᠠᠭ᠎ᠠ ᠶᠢ ᠬᠦᠴᠦᠷᠬᠡᠭᠵᠢᠭᠦᠯᠵᠦ᠂ ᠬᠤᠣᠷ ᠨᠥᠯᠥᠭᠡ ᠶᠢ ᠡᠷᠡᠰ ᠠᠷᠢᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠦᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠴᠡᠪᠡᠷᠰᠢᠭᠦᠯᠵᠦ᠂ ᠲᠤᠶᠢᠯᠪᠤᠷᠢᠲᠠᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

      ᠬᠤᠷᠠᠯ ᠠᠴᠠ᠂ ᠲᠤᠭ ᠢ ᠮᠠᠨᠳᠤᠭᠤᠯᠬᠤ᠂ ᠠᠷᠠᠳ ᠤᠨ ᠰᠡᠳᠭᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠡᠯ᠎ᠡ ᠵᠦᠢᠯ ᠤᠨ ᠠᠵᠢᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ᠃ ᠥᠷᠭᠡᠨ ᠣᠯᠠᠨ ᠺᠠᠳ᠋ᠷ ᠣᠯᠠᠨ ᠲᠦᠮᠡᠨ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢ ᠰᠤᠷᠤᠯᠴᠠᠨ ᠡᠵᠡᠮᠰᠢᠵᠦ ᠨᠡᠪᠲᠡᠷᠡᠲᠡᠯ᠎ᠡ ᠤᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠥᠪᠥᠷ ᠮᠣᠩᠭᠤᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠦᠨᠵᠡᠭᠡᠶ ᠠᠬᠢᠭᠤᠯᠬᠤ ᠬᠡᠷᠡᠭᠲᠡᠶ᠃ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ᠂ ᠤᠬᠠᠭᠤᠯᠬᠤ᠂ ᠲᠤᠭᠤᠰᠢᠯᠠᠭᠤᠯᠬᠤ ᠡᠨᠡ ᠬᠦ ᠭᠤᠣᠯ ᠰᠢᠵᠢᠮ ᠤᠨ ᠲᠤᠭᠤᠷᠢᠨ ᠳᠤ᠂ ᠤᠨᠤᠯ ᠪᠠ ᠶᠠᠷᠢᠶ᠎ᠠ ᠬᠡᠯᠡᠯᠴᠡᠭᠡ᠂ ᠳᠣᠲᠣᠭᠠᠳᠤ ᠤᠬᠠᠭᠤᠯᠭ᠎ᠠ ᠪᠠ ᠭᠠᠳᠠᠭᠠᠳᠤ ᠤᠬᠠᠭᠤᠯᠭ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠰᠣᠶᠣᠯ ᠪᠠ ᠤᠳᠭ᠋᠎ᠠ ᠤᠷᠠᠯᠢᠭ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠤ᠂ ᠴᠢᠬᠤᠯᠠ ᠶᠡᠭᠡ ᠭᠤᠣᠯ ᠰᠡᠳᠦᠪᠲᠦ ᠤᠬᠠᠭᠤᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠨᠳᠤᠰᠢ ᠪᠠᠶᠢᠳᠠᠯ᠂ ᠲᠦᠷᠦ ᠶᠢᠨ ᠪᠤᠳᠤᠯᠭ᠎ᠠ ᠪᠠ ᠠᠮᠵᠢᠯᠲᠠ ᠪᠦᠲᠦᠮᠵᠢ ᠶᠢᠨ ᠤᠬᠠᠭᠤᠯᠭ᠎ᠠ ᠶᠢ ᠰᠠᠶᠢᠲᠤᠷ ᠬᠢᠵᠦ᠂ ᠦᠵᠡᠯ ᠰᠠᠨᠠᠭ᠎ᠠ ᠪᠠᠨ ᠨᠢᠭᠡᠳᠭᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠬᠦᠴᠦᠨ ᠴᠢᠳᠠᠯ ᠢᠶᠠᠨ ᠨᠡᠩ ᠰᠠᠶᠢᠨ ᠢᠶᠠᠷ ᠨᠢᠭᠲᠠᠷᠠᠭᠤᠯᠬᠤ ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠵᠤ᠂ ᠨᠠᠮ ᠤᠨ ᠲᠤᠭ ᠢ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠹᠷᠣᠨᠲ ᠲᠤ ᠥᠨᠳᠥᠷ ᠮᠠᠨᠳᠤᠭᠤᠯᠬᠤ ᠬᠡᠷᠡᠭᠲᠡᠢ᠃ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠦᠯᠵᠢᠶᠡᠨ ᠤ ᠠᠭᠤᠯᠭ᠎ᠠ ᠶᠢᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠦᠯᠵᠢᠶᠡᠨ ᠳᠡᠭᠡᠷᠡᠬᠢ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠤ ᠴᠢᠬᠤᠯᠠᠴᠢᠯᠠᠵᠠᠢ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ