1 ᠳ᠋ᠦ᠋ᠭᠡᠷ ᠰᠠᠷ᠎ᠠ ᠶᠢᠨ 17 ᠤ ᠡᠳᠦᠷ ᠪᠣᠯ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠩᠬᠠᠨ ᠤ ᠡᠳᠦᠷ ᠮᠦᠨ᠂ ᠬᠥᠬᠡᠬᠤᠲᠠ ᠥᠷᠲᠡᠭᠡᠨ ᠳᠤ ᠨᠢᠭᠡᠨᠲᠡ ᠴᠥᠭᠡᠨ | ᠪᠤᠰᠤ ᠠᠶᠠᠨᠴᠢᠳ ᠪᠣᠭᠤᠳᠠᠯ ᠢᠶᠠᠨ ᠠᠪᠴᠤ ᠨᠤᠲᠤᠭ ᠪᠤᠴᠠᠬᠤ ᠠᠶᠠᠨ ᠳᠤ ᠪᠠᠨ ᠮᠣᠷᠳᠠᠵᠠᠢ᠃ ᠬᠥᠬᠡᠬᠤᠲᠠ ᠥᠷᠲᠡᠭᠡ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ | ᠠᠶᠠᠨᠴᠢᠳ ᠤᠨ ᠤᠯᠠᠮ ᠢᠶᠠᠷ ᠨᠡᠮᠡᠭᠳᠡᠬᠦ ᠶᠢ ᠳᠠᠭᠠᠯᠳᠤᠨ᠂ ᠵᠢᠱᠢᠯᠲᠡ ᠪᠠᠷ 1 ᠳ᠋ᠦ᠋ᠭᠡᠷ ᠰᠠᠷ᠎ᠠ ᠶᠢᠨ 23 ᠤ ᠡᠳᠦᠷ ᠠᠴᠠ 28 ᠤ ᠡᠳᠦᠷ ᠪᠣᠯᠲᠠᠯ᠎ᠠ ᠠᠶᠠᠨᠴᠢᠳ ᠤᠨ ᠲᠤᠭ᠎ᠠ | ᠣᠷᠭᠢᠯ ᠳᠤ ᠪᠠᠨ ᠬᠦᠷᠴᠦ᠂ ᠡᠳᠦᠷ ᠳᠤᠮᠳᠠᠴᠢ ᠶᠢᠨ ᠠᠶᠠᠨᠴᠢᠳ ᠤᠨ ᠲᠤᠭ᠎ᠠ 3 ᠲᠦᠮᠡ ᠣᠷᠴᠢᠮ ᠬᠥᠷᠬᠦ ᠪᠣᠯᠤᠨ᠎ᠠ᠃ | ︽ᠰᠢᠨᠵᠢᠯᠡᠬᠦ ᠤᠬᠠᠭᠠᠨ ᠮᠡᠷᠭᠡᠵᠢᠯ ᠤᠨ ᠲᠥᠬᠦᠭᠡᠷᠦᠮᠵᠢ ᠶᠢᠨ ᠲᠠᠰᠤᠷᠠᠯᠲᠠ ᠥᠬᠡᠶ ᠣᠷᠣᠭᠤᠯᠤᠯᠲᠠ ᠶᠢ ᠳᠠᠭᠠᠯᠳᠤᠨ᠂ ᠲᠡᠮᠦᠷ ᠵᠠᠮ ᠤᠨ ᠴᠠᠭᠠᠨ ᠰᠠᠷ᠎ᠠ ᠶᠢᠨ | ᠵᠥᠭᠡᠭᠡᠪᠦᠷᠢ ᠶᠠᠭ ᠣᠶᠤᠨᠴᠢ ᠦᠢᠯᠡᠴᠢᠯᠡᠭᠡᠨ ᠤ ᠴᠠᠭ ᠦᠶ᠎ᠡ ᠳᠤ ᠣᠷᠣᠵᠤ ᠪᠠᠶᠢᠨ᠎ᠠ᠂ ᠡᠨᠡ ᠵᠢᠯ ᠲᠡᠮᠦᠷ ᠵᠠᠮ ᠤᠨ ᠰᠠᠯᠠᠭ᠎ᠠ ᠮᠥᠴᠢᠷ ᠠᠴᠠ 12306APP ᠪᠠᠷ | ᠡᠯᠧᠺᠲᠷᠣᠨ ᠲᠦᠷ ᠴᠠᠭ ᠤᠨ ᠲᠡᠷᠭᠡᠨ ᠳᠤ ᠰᠠᠭᠤᠬᠤ ᠪᠡᠶ᠎ᠡ ᠶᠢᠨ ᠦᠨᠡᠮᠯᠡᠯ ᠭᠠᠷᠭᠠᠬᠤ᠂ ᠬᠠᠭᠠᠯᠲᠠ ᠶᠢᠨ ᠠᠮᠠ ᠳᠤ ᠪᠡᠶ᠎ᠡ ᠶᠢᠨ ᠦᠨᠡᠮᠯᠡᠯ ᠰᠢᠷᠪᠢᠬᠦ᠂ ᠡᠷᠡᠭᠦᠯ | ᠮᠡᠨᠳᠦ ᠶᠢᠨ ᠺᠣᠳ᠋ ᠢ ᠬᠢᠨᠠᠨ ᠰᠢᠯᠭᠠᠬᠤ ᠶᠢ ᠪᠠᠭᠲᠠᠭᠠᠭᠰᠠᠨ ᠠᠷᠠᠳ ᠲᠤ ᠲᠥᠬᠦᠮ ᠦᠵᠡᠭᠦᠯᠬᠦ ᠣᠯᠠᠨ ᠵᠦᠢᠯ ᠤᠨ ᠠᠷᠭ᠎ᠠ ᠬᠡᠮᠵᠢᠶ᠎ᠡ ᠠᠪᠤᠪᠠ᠂ ᠠᠶᠠᠨᠴᠢᠳ ᠨᠠᠩ ᠳᠥᠭᠦᠮ | ᠲᠦᠳᠡ ᠨᠠᠩ ᠬᠠᠩᠭᠠᠮᠵᠢᠲᠠᠢ ᠦᠢᠯᠡᠴᠢᠯᠡᠭᠡ ᠬᠦᠷᠲᠡᠬᠦ ᠶᠢ ᠬᠦᠰᠡᠵᠦ ᠪᠠᠶᠢᠨ᠎ᠠ︾ ᠭᠡᠵᠦ ᠬᠥᠬᠡᠬᠤᠲᠠ ᠵᠡᠭᠦᠨ ᠥᠷᠲᠡᠭᠡᠨ ᠤ ᠳᠡᠳ᠋ ᠦᠷᠲᠡᠭᠡᠨ ᠳᠠᠷᠤᠭ᠎ᠠ ᠯᠢ ᠶᠠᠨ ᠬᠤᠩ | ᠰᠤᠷᠪᠤᠯᠵᠢᠯᠠᠭᠴᠢ ᠳᠤ ᠬᠡᠯᠡᠪᠡ᠃ | ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠬᠥᠬᠡᠬᠤᠲᠠ ᠥᠷᠲᠡᠭᠡ ᠵᠢᠴᠢ ᠬᠥᠬᠡᠬᠤᠲᠠ ᠵᠡᠭᠦᠨ ᠥᠷᠲᠡᠭᠡ ᠶᠢᠨ ᠪᠣᠶ ᠪᠥᠬᠦᠶ ᠥᠷᠲᠡᠭᠡᠨ ᠳᠤ ᠣᠷᠣᠬᠤ | ᠡᠭᠦᠳᠡ ᠶᠢᠨ ᠠᠦ᠋ᠲ᠋ᠣ᠋ ᠬᠢᠨᠠᠨ ᠰᠢᠯᠭᠠᠬᠤ ᠲᠥᠬᠦᠭᠡᠷᠦᠮᠵᠢ ᠶᠢᠨ ᠰᠢᠰᠲ᠋ᠧᠮ ᠢ ᠴᠦᠮ ᠲᠠᠰ ᠳᠡᠪᠰᠢᠭᠦᠯᠵᠦ᠂ ᠬᠠᠭᠠᠯᠲᠠ ᠶᠢᠨ ᠮᠠᠰᠢᠨ ᠢᠶᠠᠷ ᠳᠣᠲᠣᠭᠠᠳᠤ ᠶᠢ ᠬᠠᠮᠠᠭᠠᠯᠠᠬᠤ | ᠪᠡᠶ᠎ᠡ ᠬᠡᠮ ᠢ ᠰᠢᠯᠭᠠᠨ ᠪᠠᠲᠤᠯᠠᠬᠤ᠂ ︽ᠬᠥᠬᠡᠬᠤᠲᠠ ᠶᠢᠨ ᠴᠠᠭᠳᠠᠭᠠᠨ ᠤ ᠺᠣᠳ᠋︾᠂ ︽ᠪᠡᠭᠡᠵᠢᠩ ᠤᠨ ᠵᠢᠶᠠᠨ ᠺᠠᠩ ᠪᠣᠣ︾ ᠵᠡᠷᠭᠡ ᠳᠤ ᠬᠠᠮᠲᠤ ᠳᠤ ᠨᠢ ᠬᠢᠨᠠᠨ | ᠰᠢᠯᠭᠠᠯᠲᠠ ᠬᠢᠵᠦ ᠪᠠᠶᠢᠨ᠎ᠠ᠃ ᠣᠨᠣᠯ ᠤᠨ ᠲᠠᠯ᠎ᠠ ᠪᠠᠷ ᠪᠤᠳᠤᠵᠤ ᠦᠵᠡᠪᠡᠯ᠂ ︽ᠵᠢᠰᠦ ᠰᠢᠷᠪᠢᠬᠦ︾ ᠲᠥᠬᠦᠭᠡᠷᠦᠮᠵᠢ ᠶᠢ 1 ᠴᠠᠭ ᠠᠵᠢᠯᠯᠠᠭᠤᠯᠪᠠᠯ 3 ᠲᠦᠮᠡ ᠭᠠᠷᠤᠶ | ᠠᠶᠠᠨᠴᠢᠳ ᠥᠷᠲᠡᠭᠡᠨ ᠳᠤ ᠣᠷᠣᠵᠤ ᠪᠣᠯᠤᠨ᠎ᠠ᠂ ᠡᠭᠦᠨ ᠤ ᠦᠷ᠎ᠡ ᠪᠦᠲᠦᠮᠵᠢ ᠨᠢ ᠬᠥᠮᠦᠨ ᠤ ᠬᠦᠴᠦ ᠪᠠᠷ ᠬᠢᠨᠠᠨ ᠰᠢᠯᠭᠠᠬᠤ ᠨᠡᠪᠲᠡᠷᠡᠬᠦ ᠵᠠᠮ ᠢᠶᠠᠷ ᠥᠷᠲᠡᠭᠡᠨ ᠳᠤ | ᠣᠷᠣᠬᠤ ᠶᠢᠨ 10 ᠳᠠᠬᠢᠨ ᠪᠣᠯᠤᠨ᠎ᠠ᠃ ᠥᠷᠲᠡᠭᠡᠨ ᠳᠣᠲᠣᠷᠠᠬᠢ ᠠᠷᠢᠭᠤᠨ ᠴᠡᠪᠡᠷ ᠤᠨ ᠲᠠᠰᠤᠭ ᠲᠤ ᠣᠯᠠᠨ ᠠᠪᠳᠠᠷ᠎ᠠ ᠭᠠᠷᠭᠠᠵᠤ᠂ ᠠᠶᠠᠨᠴᠢᠳ ᠤᠨ ᠪᠣᠭᠤᠳᠠᠯ ᠢᠶᠠᠨ | ᠲᠦᠷ ᠬᠠᠳᠠᠭᠠᠯᠠᠬᠤ ᠳᠤ ᠳᠥᠭᠦᠮ ᠪᠣᠯᠭᠠᠪᠠ᠃ ᠥᠷᠲᠡᠭᠡᠨ ᠳᠤ ᠠᠮᠠᠪᠴᠢ ᠬᠤᠳᠠᠯᠳᠤᠬᠤ ᠠᠦ᠋ᠲ᠋ᠣ᠋ ᠮᠠᠰᠢᠨ ᠨᠡᠮᠡᠨ ᠭᠠᠷᠭᠠᠵᠤ᠂ ᠭᠠᠷ ᠤᠲᠠᠰᠤ ᠪᠠᠷ ᠢᠶᠠᠨ ᠺᠣᠳ᠋ | ᠰᠢᠷᠪᠢᠪᠡᠯ ᠳᠠᠷᠤᠶ ᠬᠤᠳᠠᠯᠳᠤᠨ ᠠᠪᠴᠤ ᠪᠣᠯᠤᠨ᠎ᠠ᠃ ᠲᠡᠷᠭᠡᠨ ᠥᠷᠲᠡᠭᠡ ᠪᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠮᠲᠤᠷᠠᠨ ᠴᠠᠭᠠᠨ ᠰᠠᠷ᠎ᠠ ᠶᠢᠨ ᠵᠥᠭᠡᠭᠡᠪᠦᠷᠢ ᠶᠢᠨ | ᠬᠤᠭᠤᠴᠠᠭᠠᠨ ᠳᠤ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ᠂ ᠭᠤᠣᠯᠳᠠᠯᠭ᠎ᠠ ᠲᠠᠢ ᠠᠶᠠᠨᠴᠢᠳ ᠢ ᠬᠠᠪᠰᠤᠷᠤᠨ ᠲᠡᠳᠬᠦᠬᠦ ᠵᠡᠷᠭᠡ | ᠣᠯᠠᠨ ᠵᠦᠢᠯ ᠬᠡᠯᠪᠡᠷᠢ ᠶᠢᠨ ᠠᠵᠢᠯᠯᠠᠭ᠎ᠠ ᠪᠠᠷ ᠳᠠᠮᠵᠢᠭᠤᠯᠤᠨ ᠴᠠᠭᠠᠨ ᠰᠠᠷ᠎ᠠ ᠶᠢᠨ ᠵᠥᠭᠡᠭᠡᠪᠦᠷᠢ ᠳᠤ ᠬᠦᠴᠦᠨ ᠨᠡᠮᠡᠷᠢᠯᠡᠭᠰᠡᠨ ᠪᠠᠶᠢᠨ᠎ᠠ᠃ | ᠡᠭᠦᠨ ᠠᠴᠠ ᠭᠠᠳᠠᠨ᠎ᠠ᠂ ᠨᠠᠰᠤᠲᠠᠶᠢᠴᠤᠳ᠂ ᠰᠦᠯᠵᠢᠶᠡᠨ ᠠᠴᠠ ᠠᠩᠭᠢᠵᠢᠷᠠᠭᠰᠠᠨ ᠬᠥᠮᠦᠰ ᠪᠠ ᠣᠨᠴᠠᠭᠠᠶ ᠦᠢᠯᠡᠴᠢᠯᠡᠭᠡ ᠬᠡᠷᠡᠭᠰᠡᠬᠦ ᠭᠤᠣᠯᠳᠠᠯᠭ᠎ᠠ ᠲᠠᠢ | ᠬᠥᠮᠦᠰ ᠲᠤ ᠨᠡᠩ ᠰᠠᠶᠢᠨ ᠦᠢᠯᠡᠴᠢᠯᠡᠬᠦ ᠶᠢᠨ ᠲᠤᠰᠠᠳᠠ᠂ ᠬᠥᠬᠡᠬᠤᠲᠠ ᠥᠷᠲᠡᠭᠡ᠂ ᠬᠥᠬᠡᠬᠤᠲᠠ ᠵᠡᠭᠦᠨ ᠥᠷᠲᠡᠭᠡ ᠳᠤ ᠴᠥᠮ ᠰᠦᠯᠵᠢᠶᠡᠨ ᠠᠴᠠ ᠭᠠᠳᠠᠭᠤᠷᠬᠢ | ᠭᠤᠤᠯᠳᠠᠯᠭ᠎ᠠ ᠲᠠᠢ ᠠᠶᠠᠨᠴᠢᠳ ᠲᠤ ᠬᠠᠶᠢᠷ᠎ᠠ ᠬᠠᠯᠠᠮᠵᠢ ᠶᠢᠨ ᠨᠡᠪᠲᠡᠷᠡᠬᠦ ᠵᠠᠮ ᠭᠠᠷᠭᠠᠵᠤ᠂ ᠪᠣᠶ ᠪᠥᠬᠦᠶ ᠣᠷᠣᠵᠤ ᠭᠠᠷᠬᠤ ᠡᠭᠦᠳᠡᠨ ᠳᠤ ᠴᠥᠮ ᠴᠠᠭᠠᠰᠤᠨ ᠬᠡᠪᠯᠡᠯ ᠤᠨ | ᠳᠠᠩᠰᠠᠯᠠᠭᠤᠯᠬᠤ ᠳᠡᠪᠲᠡᠷ ᠲᠣᠬᠢᠷᠠᠭᠤᠯᠤᠭᠰᠠᠨ ᠤ ᠬᠠᠮᠲᠤ ᠪᠢᠯᠧᠲ ᠬᠤᠳᠠᠯᠳᠤᠬᠤ ᠲᠢᠩᠬᠢᠮ᠂ ᠦᠢᠯᠡᠴᠢᠯᠡᠭᠡᠨ ᠤ ᠲᠠᠶᠢᠰᠠ᠂ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠪ ᠲᠤ ᠬᠥᠲᠥᠯᠦᠨ ᠵᠢᠯᠣᠭᠤᠳᠬᠤ ᠪᠤᠶᠤ ᠦᠢᠯᠡᠴᠢᠯᠡᠬᠦ ᠠᠵᠢᠯᠲᠠᠨ ᠨᠡᠮᠡᠵᠦ᠂ ᠭᠤᠤᠯᠳᠠᠯᠭ᠎ᠠ ᠲᠠᠢ ᠠᠶᠠᠨᠴᠢᠳ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ | ᠪᠣᠯᠤᠨ᠎ᠠ᠃ |