ᠱᠢ ᠲᠠᠢ ᠹᠧᠩ ᠬᠤᠷᠠᠯ ᠢ ᠡᠷᠬᠢᠯᠡᠵᠡᠢ | 1 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠮᠤᠵᠢ ᠶᠢᠨ ᠲᠡᠰ ᠤᠨ ᠨᠠᠮ ᠤᠨ ᠭᠡᠰᠢᠭᠦᠨ ᠤᠳᠤᠷᠢᠳᠬᠤ | ᠺᠠᠳ᠋ᠷᠴᠤᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ | ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ᠂ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠰᠢᠶᠳᠪᠦᠷᠢ ᠳᠤ ᠲᠤᠭᠤᠰᠢᠯᠠᠭᠳᠠᠭᠰᠠᠨ ᠬᠡᠳᠦᠨ ᠴᠢᠬᠤᠯᠠ ᠶᠡᠭᠡ ᠠᠰᠠᠭᠤᠳᠠᠯ | ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠣᠷᠳᠣ ᠬᠤᠭᠤᠴᠠᠭ᠎ᠠ ᠪᠦᠲᠦᠮᠵᠢᠲᠡᠶ ᠪᠣᠯᠭᠠᠬᠤ ᠶᠢ ᠠᠬᠢᠭᠤᠯᠬᠤ ᠠᠰᠠᠭᠤᠳᠠᠯ ᠢ ᠭᠦᠨᠵᠡᠭᠡᠶ | ᠲᠣᠳᠣᠷᠬᠠᠶᠢᠯᠠᠨ ᠥᠭᠦᠯᠡᠵᠦ᠂ ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠬᠠᠷᠠᠭ᠎ᠠ ᠠᠭᠤᠳᠠᠮ᠂ ᠠᠭᠤᠯᠤᠭᠳᠠᠬᠤᠨ ᠡᠯᠪᠡᠭ ᠪᠠᠶᠠᠯᠢᠭ᠂ ᠮᠠᠰᠢ ᠴᠢᠩᠭ᠎ᠠ ᠦᠵᠡᠯ | ᠰᠠᠨᠠᠭᠠᠴᠢ ᠴᠢᠨᠠᠷ᠂ ᠤᠨᠤᠯ ᠤᠨ ᠴᠢᠨᠠᠷ᠂ ᠤᠯᠤᠰ ᠲᠦᠷᠦ ᠶᠢᠨ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠪᠢᠳᠡᠨ ᠤ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠰᠢᠶᠳᠪᠦᠷᠢ ᠶᠢᠨ ᠭᠤᠤᠯ ᠴᠢᠬᠤᠯᠠ ᠠᠭᠤᠯᠭ᠎ᠠ ᠶᠢ ᠭᠦᠨᠵᠡᠭᠡᠶ | ᠣᠶᠢᠯᠠᠭᠠᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠶᠢ ᠨᠡᠭᠡᠭᠡᠬᠦ ᠴᠢᠬᠤᠯᠠ ᠱᠠᠭᠠᠷᠳᠠᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢ | ᠨᠠᠩ ᠰᠠᠶᠢᠲᠤᠷ ᠳ᠋ᠦᠩᠨᠡᠬᠦ᠂ ᠰᠤᠷᠤᠯᠴᠠᠬᠤ᠂ ᠬᠦᠮᠦᠵᠢᠭᠦᠯᠬᠦ᠂ ᠤᠬᠠᠭᠤᠯᠬᠤ ᠶᠢ ᠭᠦᠨᠵᠡᠭᠡᠶᠢᠷᠡᠭᠦᠯᠬᠦ᠂ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠬᠦ᠂ ᠪᠦᠯᠬᠦᠮᠳᠡᠯ | ᠨᠢᠭᠡᠳᠦᠯ ᠢ ᠴᠢᠩᠭᠠᠳᠬᠠᠬᠤ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠬᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ | ᠲᠠᠰᠤᠷᠠᠯᠲᠠ ᠦᠭᠡᠢ ᠲᠡᠮᠡᠴᠡᠨ ᠣᠯᠬᠤ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠵᠤ᠂ ᠪᠢᠳᠡ ᠵᠠᠪᠠᠯ ᠨᠠᠷᠢᠨ | ᠬᠢᠨᠠᠮᠠᠭᠠᠶ ᠰᠤᠷᠤᠯᠴᠠᠨ ᠡᠵᠡᠮᠰᠢᠵᠦ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠲᠡᠦᠬᠡ᠂ ᠪᠣᠳᠠᠲᠤ ᠠᠬᠤᠢ᠂ ᠢᠷᠡᠭᠡᠳᠦᠢ ᠶᠢ ᠬᠠᠷᠢᠯᠴᠠᠨ ᠨᠡᠪᠲᠡᠷᠡᠯᠴᠡᠭᠦᠯᠬᠦ᠂ ᠲᠡᠦᠬᠡ ᠶᠢᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ | ᠯᠣᠭᠢᠭ ᠢ ᠬᠠᠷᠢᠯᠴᠠᠨ ᠨᠢᠭᠡᠳᠬᠦ ᠦᠨᠳᠦᠷᠴᠡ ᠠᠴᠠ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠡᠩ | ᠡᠷᠡᠰ ᠪᠠᠲᠤ ᠤᠬᠠᠮᠰᠠᠷ ᠠᠴᠠ ᠪᠠᠨ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠮᠠᠷᠺᠰ ᠤᠨ ᠦᠵᠡᠯ ᠤᠨ ᠤᠯᠤᠰ ᠲᠦᠷᠦᠴᠢᠨ᠂ ᠪᠣᠳᠣᠯᠭᠠᠲᠠᠨ᠂ ᠪᠠᠶᠢᠯᠳᠤᠬᠤ ᠪᠣᠳᠣᠯᠭᠠᠲᠠᠨ ᠤ ᠭᠦᠨ ᠵᠤᠵᠠᠭᠠᠨ | ᠤᠨᠤᠯ ᠤᠨ ᠬᠡᠪ ᠪᠣᠯᠪᠠᠰᠤᠷᠠᠯ ᠪᠣᠯᠤᠨ ᠶᠡᠷᠦ ᠪᠤᠰᠤ ᠶᠢᠨ ᠪᠠᠶᠢᠯᠳᠤᠬᠤ ᠪᠤᠳᠤᠯᠭ᠎ᠠ ᠶᠢᠨ ᠬᠠᠷᠠᠴᠠ ᠪᠠᠷ᠂ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠪᠣᠳᠣᠯᠬᠢᠯᠠᠯ ᠪᠠ ᠰᠢᠨᠵᠢᠯᠡᠬᠦ ᠤᠬᠠᠭᠠᠨᠴᠢ | ᠮᠠᠭᠠᠳᠯᠠᠯᠲᠠ ᠬᠢᠵᠦ᠂ ᠠᠯᠢ ᠤᠯᠠᠨ ᠪᠦᠲᠦᠭᠡᠯᠴᠢ ᠴᠢᠨᠠᠷᠲᠠᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ | ᠪᠠᠶᠢᠯᠳᠤᠬᠤ ᠪᠤᠳᠤᠯᠭ᠎ᠠ ᠶᠢ ᠳᠤᠷᠠᠳᠤᠭᠰᠠᠨ ᠪᠥᠭᠡᠳ ᠡᠭᠦᠨ ᠢᠶᠠᠷ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠵᠢᠯᠤᠭᠤᠳᠤᠭᠤᠯᠵᠤ᠂ ᠨᠠᠮ ᠪᠣᠯᠤᠨ ᠤᠯᠤᠰ ᠤᠨ | ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠰᠢᠨ᠎ᠡ ᠴᠠᠭ ᠦᠶ᠎ᠡ ᠶᠢᠨ | ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠰᠦᠷ ᠵᠢᠪᠬᠤᠯᠠᠩᠲᠤ ᠬᠠᠭᠤᠳᠠᠰᠤ ᠶᠢ ᠪᠢᠴᠢᠭᠯᠡᠵᠦ ᠴᠢᠳᠠᠭᠰᠠᠨ ᠤ ᠦᠨᠳᠦᠰᠦᠨ ᠰᠢᠯᠲᠠᠭᠠᠨ ᠨᠢ ᠶᠡᠷᠦᠩᠬᠡᠢ | ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠤᠭᠰᠠᠨ ᠤ ᠬᠤᠪᠢ ᠳᠤ ᠵᠠᠯᠠᠭᠤᠷ ᠢ ᠠᠳᠬᠤᠨ ᠠᠶᠠᠯᠠᠯ ᠢ | ᠵᠢᠯᠣᠭᠤᠳᠤᠭᠰᠠᠨ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠣᠯᠭᠠᠭᠰᠠᠨ ᠳᠤ ᠪᠠᠶᠢᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠤᠨ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠵᠤ ᠴᠠᠭ ᠦᠶᠡᠴᠢᠯᠡᠭᠰᠡᠨ ᠲᠡᠦᠬᠡ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠬᠤ ᠬᠡᠷᠡᠭᠲᠡᠶ᠂ ᠨᠠᠮ ᠪᠠ ᠤᠯᠤᠰ ᠤᠨ ᠠᠵᠢᠯ ᠦᠶᠯᠡᠰ ᠬᠡᠳᠦᠶ ᠤᠷᠤᠭᠰᠢ | ᠬᠥᠭᠵᠢᠬᠦ ᠲᠤᠲᠤᠮ ᠲᠡᠳᠦᠶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠶᠢ ᠵᠢᠯᠣᠭᠤᠳᠴᠤ᠂ ᠠᠵᠢᠯ ᠢᠶᠠᠨ ᠠᠬᠢᠭᠤᠯᠬᠤ ᠬᠡᠷᠡᠭᠲᠡᠶ ᠭᠡᠳᠡᠭ ᠢ ᠭᠦᠨᠵᠡᠭᠡᠶ ᠲᠠᠨᠢᠵᠤ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠲᠥᠪ ᠬᠤᠷᠢᠶ᠎ᠠ ᠪᠣᠯᠤᠨ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠬᠠᠮᠠᠭᠠᠯᠠᠬᠤ ᠶᠢᠨ ᠵᠠᠮ ᠤᠨ ᠴᠢᠭᠯᠡᠯ᠂ ᠠᠵᠢᠯ ᠦᠢᠯᠡᠰ ᠤᠨ | ᠮᠠᠨᠳᠤᠯ ᠪᠠᠭᠤᠷᠠᠯ᠂ ᠤᠯᠤᠰ ᠪᠠ ᠦᠨᠳᠦᠰᠦᠲᠡᠨ ᠤ ᠢᠷᠡᠭᠡᠳᠦᠶ ᠬᠤᠪᠢ ᠵᠠᠶᠠᠭᠠᠨ ᠳᠠᠬᠢ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠡᠳᠭᠢᠯ | ᠵᠢᠷᠦᠭᠡᠨ ᠠᠴᠠ ᠪᠠᠨ ᠭᠤᠤᠯᠯᠠᠭᠴᠢ ᠪᠠᠨ ᠬᠦᠷᠢᠶᠡᠯᠡᠵᠦ᠂ ᠭᠤᠣᠯᠯᠠᠭᠴᠢ ᠪᠠᠨ ᠭᠤᠶᠢᠪᠢᠰᠢ ᠦᠭᠡᠢ ᠢᠲᠡᠭᠡᠵᠦ᠂ ᠭᠤᠣᠯᠯᠠᠭᠴᠢ ᠳᠠᠭᠠᠨ ᠢᠮᠠᠭᠲᠠ ᠬᠤᠪᠢᠷᠠᠰᠢ ᠦᠭᠡᠢ | ᠦᠨᠡᠨᠴᠢ ᠰᠢᠳᠤᠷᠭᠤ ᠪᠠᠶᠢᠵᠤ᠂ ᠭᠤᠣᠯᠯᠠᠭᠴᠢ ᠪᠠᠨ ᠡᠷᠡᠰ ᠭᠤᠶᠢᠪᠢᠰᠢ ᠦᠭᠡᠢ ᠬᠠᠮᠠᠭᠠᠯᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠬᠦᠴᠦᠯᠡᠨ ᠰᠤᠷᠤᠯᠴᠠᠵᠤ ᠨᠡᠪᠲᠡᠷᠡᠲᠡᠯ᠎ᠡ ᠤᠶᠢᠯᠠᠭᠠᠨ ᠪᠣᠳᠠᠲᠠᠶᠢᠵᠢᠭᠤᠯᠵᠤ᠂ | ᠦᠵᠡᠯ ᠰᠠᠨᠠᠭᠠᠨ ᠤ ᠰᠢᠰᠲ᠋ᠧᠮ ᠤᠨ ᠰᠢᠰᠲ᠋ᠧᠮ ᠲᠠᠢ ᠰᠤᠳᠤᠯᠭᠠᠨ ᠪᠠ ᠪᠦᠬᠦᠯᠢ ᠴᠣᠭᠴᠠ ᠶᠢᠨ ᠡᠵᠡᠮᠳᠡᠯ ᠢ ᠴᠢᠩᠭᠠᠳᠬᠠᠬᠤ ᠶᠢ ᠴᠢᠬᠤᠯᠠᠴᠢᠯᠠᠵᠤ᠂ ᠮᠠᠷᠺᠰ ᠤᠨ | ᠦᠵᠡᠯ ᠤᠨ ᠣᠨᠣᠯ ᠤᠨ ᠬᠡᠪ ᠪᠣᠯᠪᠠᠰᠤᠷᠠᠯ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠣᠨᠣᠯ ᠤᠨ ᠤᠬᠠᠮᠰᠠᠷ ᠢᠶᠠᠷ | ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ᠂ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠪᠠᠳᠤᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠭᠤᠤᠯ ᠵᠥᠷᠢᠴᠡᠯ ᠪᠣᠯᠤᠨ ᠭᠤᠤᠯ ᠡᠭᠦᠷᠭᠡ ᠶᠢ ᠵᠥᠪ ᠡᠵᠡᠮᠳᠡᠵᠦ᠂ ᠪᠠᠶᠢᠯᠳᠤᠬᠤ | ᠪᠣᠳᠣᠯᠭ᠎ᠠ ᠠᠷᠭ᠎ᠠ ᠪᠣᠳᠣᠯᠭ᠎ᠠ ᠶᠢᠨ ᠠᠰᠠᠭᠤᠳᠠᠯ ᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠤᠯᠤᠰ ᠤᠨ | ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠪᠠᠶᠢᠯᠳᠤᠬᠤ ᠪᠣᠳᠣᠯᠭ᠎ᠠ ᠶᠢᠨ ᠰᠡᠳᠭᠢᠬᠦᠶ ᠪᠠᠨ ᠴᠢᠩᠭᠠᠳᠬᠠᠵᠤ᠂ ︽ᠤᠯᠤᠰ ᠲᠥᠷᠥ ᠶᠢᠨ ᠭᠤᠷᠪᠠᠨ ᠬᠦᠴᠦᠨ︾ ᠢᠶᠠᠨ | ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠮᠠᠨ ᠤ ᠣᠷᠣᠨ ᠳᠤ ᠪᠦᠷᠢᠨ ᠪᠦᠲᠦᠨ᠂ ᠵᠦᠪ | ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠮᠠᠨ ᠤ ᠤᠯᠤᠰ ᠤᠨ ᠨᠡᠶᠢᠭᠡᠮ ᠤᠨ ᠭᠤᠣᠯ | ᠵᠥᠷᠢᠴᠡᠯ ᠤᠨ ᠬᠤᠪᠢᠷᠠᠯᠲᠠ ᠠᠴᠠ ᠪᠤᠯᠤᠭᠰᠠᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠶᠡᠷᠦᠩᠬᠡᠶ ᠱᠦᠵᠢ ᠰᠢ ᠶᠢᠨ ᠫᠢᠩ ᠪᠣᠯᠤᠨ | ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ | ᠬᠥᠲᠥᠯᠪᠦᠷᠢ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠲᠣᠳᠣᠷᠬᠠᠶᠢᠯᠠᠭᠰᠠᠨ ︽ᠲᠠᠪᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ︾ ᠶᠢ ᠦᠨᠡᠨ ᠬᠦ ᠡᠭᠦᠷᠭᠡᠯᠡᠵᠦ᠂ ᠰᠠᠶᠢᠲᠤᠷ ᠭᠦᠢᠴᠡᠳᠭᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠥᠬᠦᠷᠡᠰᠢ ᠦᠭᠡᠢ ᠪᠠᠲᠤ ᠴᠣᠭᠴᠠᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠤᠬᠢᠷᠳᠦᠯ | ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠬᠤᠶᠠᠷ | ᠬᠠᠯᠬᠠᠪᠴᠢ︾ ᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠲᠦᠷᠭᠡᠳᠭᠡᠨ ᠪᠠᠶᠢᠭᠤᠯᠵᠤ᠂ ᠥᠪᠥᠷ ᠮᠣᠩᠭᠤᠯ ᠤᠨ ᠶᠠᠪᠤᠳᠠᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠬᠡᠷᠡᠭᠲᠡᠶ᠃ ᠤᠬᠠᠮᠰᠠᠷ ᠠᠴᠠ ᠪᠠᠨ ᠪᠦᠬᠦ ᠤᠯᠤᠰ ᠤᠨ ᠶᠡᠭᠡ ᠪᠠᠶᠢᠷᠢᠰᠢᠯ᠂ ᠶᠡᠭᠡ ᠲᠠᠯ᠎ᠠ ᠳᠤ ᠰᠠᠭᠤᠷᠢᠯᠠᠨ ᠨᠢᠭᠡ ᠣᠷᠣᠨ ᠪᠦᠰᠡ ᠶᠢᠨ ᠬᠥᠭᠵᠢᠯᠲᠡ ᠶᠢ | ᠲᠥᠯᠥᠪᠵᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠠᠵᠢᠯ ᠤᠨ ᠰᠡᠳᠭᠢᠴᠡ᠂ ᠠᠵᠢᠯ ᠤᠨ ᠪᠠᠶᠢᠷᠢᠯᠠᠭᠤᠯᠤᠯᠲᠠ᠂ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠳᠡᠭᠡᠨ ᠣᠨᠣᠴᠠᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠠᠷᠭ᠎ᠠ ᠪᠤᠳᠤᠯᠭ᠎ᠠ ᠲᠥᠪ ᠤᠨ | ᠪᠠᠶᠢᠯᠳᠤᠬᠤ ᠪᠤᠳᠤᠯᠭ᠎ᠠ ᠳᠤ ᠨᠡᠶᠢᠴᠡᠬᠦ᠂ ᠲᠥᠪ ᠤᠨ ᠪᠠᠶᠢᠯᠳᠤᠬᠤ ᠪᠤᠳᠤᠯᠭ᠎ᠠ ᠶᠢ ᠲᠠᠭᠠᠬᠤ ᠪᠠ ᠲᠡᠭᠦᠨ ᠳᠤ ᠦᠢᠯᠡᠴᠢᠯᠡᠬᠦ ᠶᠢ ᠡᠷᠡᠰ ᠪᠡᠶᠡᠯᠡᠭᠦᠯᠵᠦ᠂ ᠠᠯᠢᠪᠠ | ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠳᠤ ᠴᠥᠮ ᠨᠠᠮ ᠤᠨ ᠲᠥᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢ | ᠲᠤᠭᠤᠰᠢᠯᠠᠭᠤᠯᠬᠤ ᠪᠠᠷ ᠤᠷᠢᠲᠠᠯ ᠪᠣᠯᠭᠠᠬᠤ ᠶᠢ ᠡᠷᠡᠰ ᠪᠡᠶᠡᠯᠡᠭᠦᠯᠵᠦ᠂ ᠬᠡᠯᠪᠡᠶᠢᠬᠦ ᠦᠭᠡᠢ᠂ ᠬᠤᠪᠢᠷᠠᠬᠤ ᠦᠭᠡᠢ᠂ ᠥᠭᠡᠷᠡᠲᠦᠬᠦ ᠦᠭᠡᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠬᠤ ᠡᠷᠡᠰ ᠪᠠᠲᠤ ᠴᠢᠨᠠᠷ ᠢ ᠴᠢᠩᠭᠠᠳᠬᠠᠬᠤ ᠶᠢᠨ ᠬᠠᠮᠲᠤ ᠠᠷᠭ᠎ᠠ ᠪᠤᠳᠤᠯᠭ᠎ᠠ ᠶᠢ ᠬᠡᠷᠡᠭᠯᠡᠬᠦ ᠶᠢᠨ | ᠠᠮᠢᠳᠤᠯᠢᠭ ᠴᠢᠨᠠᠷ ᠢ ᠳᠡᠭᠡᠭᠰᠢᠯᠡᠭᠦᠯᠵᠦ᠂ ᠪᠣᠳᠠᠲᠠᠢ ᠠᠴᠠ ᠡᠭᠦᠰᠦᠨ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ᠂ | ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠳᠥᠭᠦᠮᠴᠢᠯᠡᠬᠦ᠂ ᠨᠢᠭᠡ ᠯᠡ ᠠᠳᠠᠯᠢ ᠪᠠᠷ ᠱᠠᠭᠠᠷᠳᠠᠬᠤ ᠠᠴᠠ ᠰᠡᠷᠭᠡᠶᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠴᠥᠬᠦᠷᠡᠰᠢ ᠦᠭᠡᠢ ᠠᠬᠢᠭᠤᠯᠵᠤ᠂ ᠡᠭᠦᠷᠢᠳᠡ ᠵᠤᠬᠰᠤᠰᠢ ᠦᠭᠡᠢ ᠪᠠᠶᠢᠬᠤ ᠬᠠᠳᠠᠨ ᠵᠣᠷᠢᠭ ᠪᠠ | ᠪᠠᠷᠢᠮᠲᠠᠯᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠮᠠᠨ ᠤ ᠣᠷᠣᠨ ᠤ ᠤᠯᠤᠰ ᠲᠦᠷᠦ ᠶᠢᠨ ᠠᠮᠢ ᠠᠬᠤᠢ ᠦᠨᠳᠦᠰᠦᠨ ᠠᠴᠠ ᠪᠠᠨ ᠰᠠᠶᠢᠵᠢᠷᠠᠬᠤ ᠶᠢ | ᠠᠬᠢᠭᠤᠯᠬᠤ ᠬᠡᠷᠡᠭᠲᠡᠢ᠃ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠭᠰᠠᠨ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠵᠠᠭᠤᠨ ᠵᠢᠯ ᠤᠨ | ᠲᠡᠦᠬᠡ ᠶᠢ ᠭᠦᠨᠵᠡᠭᠡᠢ ᠰᠤᠷᠤᠯᠴᠠᠨ ᠰᠤᠳᠤᠯᠵᠤ᠂ ᠠᠰᠠᠭᠤᠳᠠᠯ ᠳᠤ ᠵᠥᠪ ᠢᠶᠠᠷ ᠬᠠᠨᠳᠤᠬᠤ ᠰᠥᠰᠥ ᠵᠣᠷᠢᠭ ᠪᠣᠯᠤᠨ ᠬᠢᠳᠤᠭᠠᠨ ᠤ ᠢᠷ ᠢ ᠳᠣᠲᠣᠭᠰᠢ ᠬᠠᠨᠳᠤᠭᠤᠯᠬᠤ | ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠡᠯ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠡᠨᠡ ᠬᠦ ᠰᠠᠭᠤᠷᠢ | ᠴᠢᠨᠠᠷᠲᠠᠢ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠵᠦ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ | ᠮᠤᠵᠢ ᠶᠢᠨ ᠱᠠᠲᠤᠨ ᠤ ᠤᠳᠤᠷᠢᠳᠬᠤ ᠨᠥᠬᠦᠳ ᠬᠡᠨ ᠤ ᠲᠥᠯᠥᠭᠡ ᠲᠦᠷᠦ ᠪᠠᠷᠢᠬᠤ᠂ ᠬᠡᠨ ᠤ ᠲᠥᠯᠥᠭᠡ ᠡᠷᠬᠡ ᠪᠠᠨ ᠬᠡᠷᠡᠭᠯᠡᠬᠦ᠂ ᠬᠡᠨ ᠳᠤ ᠠᠰᠢᠭ ᠲᠤᠰᠠ ᠣᠯᠭᠤᠬᠤ | ᠡᠨᠡ ᠬᠦ ᠦᠨᠳᠦᠰᠦᠨ ᠠᠰᠠᠭᠤᠳᠠᠯ ᠢ ᠴᠠᠭ ᠢᠮᠠᠭᠲᠠ ᠪᠠᠲᠤ ᠴᠡᠭᠡᠵᠢᠯᠡᠵᠦ᠂ ᠲᠦᠷᠦᠭᠦᠯᠡᠨ ᠶᠡᠭᠡ ᠶᠣᠰᠣ ᠶᠢ ᠮᠡᠳᠡᠵᠤ᠂ ᠨᠡᠶᠢᠲᠡ ᠶᠢᠨ ᠮᠣᠷᠠᠯ ᠢ ᠰᠠᠬᠢᠵᠤ᠂ ᠬᠤᠪᠢ ᠶᠢᠨ | ᠮᠣᠷᠠᠯ ᠢ ᠴᠢᠩᠳᠠᠯᠠᠵᠤ᠂ ᠠᠮᠢ ᠬᠤᠪᠢ ᠪᠠᠨ ᠪᠤᠳᠤᠬᠤ ᠦᠭᠡᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠠᠵᠢᠯᠴᠢ ᠠᠷᠪᠢᠴᠢ ᠪᠠᠷ ᠪᠡᠶ᠎ᠡ ᠪᠠᠨ ᠵᠠᠰᠠᠵᠤ᠂ ᠡᠪ | ᠬᠠᠮᠲᠤᠴᠤᠳ ᠤᠨ ᠤᠯᠤᠰ ᠲᠥᠷᠥ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠶᠡᠷᠦᠩᠬᠡᠢ ᠱᠦᠵᠢ ᠰᠢ ᠶᠢᠨ | ᠫᠢᠩ ᠤᠨ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠲᠦᠷᠢᠮ ᠲᠣᠭᠲᠠᠴᠠ ᠶᠢ ᠪᠠᠶᠢᠭᠤᠯᠬᠤ ᠲᠤᠬᠠᠢ ᠴᠢᠬᠤᠯᠠ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠨᠡ ᠬᠦ ᠭᠤᠣᠯᠳᠠᠯᠭ᠎ᠠ ᠶᠢ ᠴᠢᠩᠭ᠎ᠠ ᠠᠳᠬᠤᠵᠤ᠂ ᠳᠡᠥᠬᠡ ᠶᠢ ᠰᠤᠷᠤᠯᠴᠠᠵᠦ ᠶᠤᠰᠤ ᠤᠴᠢᠷ ᠢ ᠤᠶᠢᠯᠠᠭᠠᠵᠤ᠂ | ᠳᠡᠥᠬᠡ ᠶᠢ ᠰᠤᠷᠤᠯᠴᠠᠵᠦ ᠢᠳᠡᠬᠡᠯ ᠢᠶᠠᠨ ᠨᠡᠮᠡᠭᠳᠡᠬᠦᠯᠵᠤ᠂ ᠳᠡᠥᠬᠡ ᠶᠢ ᠰᠤᠷᠤᠯᠴᠠᠵᠦ ᠶᠤᠰᠤ ᠰᠤᠷᠳᠠᠬᠤᠨ ᠢ ᠡᠷᠬᠢᠮᠯᠡᠵᠤ᠂ ᠳᠡᠥᠬᠡ ᠶᠢ ᠰᠤᠷᠤᠯᠴᠠᠵᠦ ᠴᠢᠷᠮᠠᠶᠢᠨ | ᠦᠢᠯᠡᠳᠦᠯᠭᠡᠵᠢᠭᠦᠯᠬᠦ ᠲᠠᠯ᠎ᠠ ᠪᠠᠷ ᠬᠦᠴᠦᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠨᠡᠶᠢᠭᠡᠮ ᠢᠶᠠᠷ ᠢᠶᠠᠨ ᠪᠣᠳᠠᠰᠴᠢ ᠲᠡᠦᠬᠡ ᠶᠢᠨ ᠦᠵᠡᠯᠲᠡ ᠪᠠ ᠨᠠᠮ ᠤᠨ | ᠲᠡᠦᠬᠡ ᠶᠢᠨ ᠵᠥᠪ ᠦᠵᠡᠯᠲᠡ ᠶᠢ ᠪᠠᠲᠤ ᠪᠤᠢ ᠪᠣᠯᠭᠠᠬᠤ ᠶᠢ ᠠᠬᠢᠭᠤᠯᠵᠤ᠂ ᠨᠠᠮ ᠤᠨ ᠳᠡᠥᠬᠡ ᠶᠢ ᠰᠤᠷᠤᠯᠴᠠᠵᠥ᠂ ᠦᠵᠡᠯ ᠰᠠᠨᠠᠭ᠎ᠠ ᠪᠠᠨ ᠰᠡᠭᠡᠭᠡᠷᠡᠭᠦᠯᠵᠦ᠂ ᠪᠤᠳᠠᠳᠤ | ᠶᠠᠪᠤᠳᠠᠯ ᠬᠢᠵᠥ᠂ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠵᠤ ᠲᠠᠰᠤᠷᠠᠯᠳᠠ ᠦᠭᠡᠢ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | |