ᠱᠢ ᠲᠠᠢ ᠹᠧᠩ ᠬᠤᠷᠠᠯ ᠢ ᠡᠷᠬᠢᠯᠡᠵᠠᠢ | 1 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ 1 ᠰᠠᠷ᠎ᠠ ᠶᠢᠨ | 6 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ | ᠬᠠᠷᠢᠭᠤ ᠮᠡᠳᠡᠭᠦᠯᠦᠯᠲᠡ ᠶᠢ ᠰᠤᠨᠤᠰᠴᠤ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ | ᠪᠣᠯᠤᠨ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ᠂ ᠪᠦᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢᠨ ᠠᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠤᠯᠤᠰ ᠤᠨ ᠤᠬᠠᠭᠤᠯᠬᠤ ᠬᠡᠯᠲᠡᠰ ᠤᠨ | ᠳᠠᠷᠤᠭ᠎ᠠ ᠨᠠᠷ ᠤᠨ ᠬᠤᠷᠠᠯ ᠪᠣᠯᠤᠨ ᠭᠤᠴᠢᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ | ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠭᠤᠣᠯᠳᠠᠯᠭ᠎ᠠ ᠪᠠ ᠶᠡᠭᠡ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠦᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠲᠠᠯ᠎ᠠ ᠶᠢᠨ ᠠᠵᠢᠯ ᠢᠶᠠᠨ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠵᠦ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠪᠠ᠃ ᠰᠢᠨ᠎ᠡ ᠨᠢᠭᠡ ᠵᠢᠯ ᠳᠤ᠂ ᠨᠠᠮ ᠤᠨ ᠡᠯ᠎ᠡ ᠤᠳᠤᠷᠢᠳᠬᠤ ᠳᠤᠭᠤᠶᠢᠯᠠᠩ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠳᠤᠷᠢᠳᠬᠤ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠭᠡᠨ᠂ ᠤᠳᠤᠷᠢᠳᠬᠤ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ | ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠳᠠᠢ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ︽ᠬᠤᠶᠠᠷ ᠢ ᠲᠣᠭᠲᠠᠭᠠᠬᠤ︾ ᠶᠢᠨ ᠦᠢᠯᠡᠳᠦᠯᠭᠡ ᠶᠢᠨ ᠴᠢᠨᠠᠷᠲᠠᠢ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠲᠡᠭᠦᠨ ᠢ ᠦᠨᠡᠨ | ᠬᠦ ᠰᠡᠳᠭᠢᠯ ᠳᠡᠭᠡᠨ ᠰᠢᠩᠭᠡᠭᠡᠵᠦ᠂ ᠠᠵᠢᠯᠯᠠᠭ᠎ᠠ ᠳᠠᠭᠠᠨ ᠢᠯᠡᠷᠡᠭᠦᠯᠵᠦ᠂ ᠢᠮᠠᠭᠲᠠ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠲᠠᠯ᠎ᠠ ᠪᠠᠷ ᠡᠮᠦᠨ᠎ᠡ ᠨᠢ | ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠶᠡᠭᠡ ᠲᠠᠯ᠎ᠠ ᠳᠤ ᠨᠡᠩ ᠣᠨᠣᠴᠠᠲᠠᠢ ᠪᠠᠷ ᠠᠩᠬᠠᠷᠤᠯ ᠢᠶᠠᠨ ᠲᠥᠪᠯᠡᠷᠡᠭᠦᠯᠵᠤ᠂ ᠨᠡᠩ ᠪᠦᠲᠦᠮᠵᠢᠲᠡᠢ ᠪᠠᠷ | ᠪᠦᠬᠦ ᠲᠠᠯ᠎ᠠ ᠳᠤ ᠬᠦᠴᠦ ᠪᠠᠨ ᠡᠷᠭᠦᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠲᠠᠯ᠎ᠠ ᠪᠠᠷ ᠦᠨᠡᠨ ᠬᠦ ᠨᠡᠩ ᠶᠡᠭᠡ ᠦᠢᠯᠡᠳᠦᠯ ᠦᠵᠡᠭᠦᠯᠵᠦ᠂ ᠨᠡᠩ ᠶᠡᠭᠡ ᠵᠢᠳᠬᠦᠯ ᠴᠢᠷᠮᠠᠶᠢᠯᠭ᠎ᠠ | ᠭᠠᠷᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠭᠡᠵᠦ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠭᠡᠵᠦ᠂ ᠨᠡᠩ ᠴᠤᠭ ᠪᠠᠳᠠᠷᠠᠩᠭᠤᠢ ᠵᠣᠷᠢᠭ ᠰᠠᠨᠠᠭ᠎ᠠ᠂ ᠨᠡᠩ ᠤᠮᠤᠭᠯᠠᠩ ᠲᠡᠮᠡᠴᠡᠯ ᠤᠨ ᠵᠣᠷᠢᠭ ᠢᠶᠠᠷ ᠰᠢᠨ᠎ᠡ ᠠᠶᠠᠨ ᠳᠤ ᠡᠷᠡᠮᠡᠬᠡᠶᠢᠯᠡᠨ | ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠶᠢ ᠭᠦᠨᠵᠡᠭᠡᠶ ᠡᠵᠡᠮᠳᠡᠵᠦ᠂ | ᠠᠮᠤᠭᠤᠯᠠᠩᠳᠤ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠬᠦᠴᠦᠲᠡᠶ | ᠭᠦᠶᠴᠡᠳᠭᠡᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠯᠠᠩᠭᠤᠶ᠎ᠠ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ | ᠰᠢᠨᠵᠢᠯᠡᠬᠦ ᠤᠬᠠᠭᠠᠨᠴᠢ ᠵᠥᠪ ᠣᠨᠣᠪᠴᠢᠲᠠᠢ ᠪᠠᠷ ᠪᠠᠶᠢᠳᠠᠯ ᠢ ᠰᠤᠳᠤᠯᠤᠨ ᠮᠠᠭᠠᠳᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢᠨ | ᠬᠡᠯᠬᠢᠶ᠎ᠡ ᠶᠢ ᠴᠢᠩᠳᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ | ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠢ ᠪᠣᠳᠠᠲᠠᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠳᠤ ᠰᠠᠶᠢᠨ | ᠰᠠᠶᠢᠬᠠᠨ ᠣᠷᠴᠢᠨ ᠨᠥᠬᠦᠴᠡᠯ ᠪᠦᠷᠢᠯᠳᠦᠭᠦᠯᠵᠤ ᠦᠭᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠤᠳᠤᠷᠢᠳᠬᠤ ᠬᠠᠷᠢᠭᠤᠴᠠᠯᠭ᠎ᠠ ᠪᠠᠨ ᠦᠨᠡᠨ ᠬᠦ | ᠡᠭᠦᠷᠭᠡᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠳᠤᠮᠳᠠᠬᠢ ᠲᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠡᠯ᠎ᠡ | ᠵᠦᠢᠯ ᠤᠨ ᠠᠵᠢᠯ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ | ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠡᠴᠡ ᠶᠢ | ᠪᠠᠶᠢᠭᠤᠯᠤᠨ ᠪᠦᠷᠢᠨᠰᠢᠬᠦᠯᠵᠤ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠦᠷᠭᠦᠯᠵᠢᠯᠡᠨ ᠶᠡᠬᠡᠰᠭᠡᠬᠦ ᠬᠡᠷᠡᠭᠲᠡᠢ᠃ ᠦᠷᠭᠦᠯᠵᠢᠯᠡᠨ ︽ᠴᠢᠩᠭ᠎ᠠ︾ ᠪᠠᠶᠢᠬᠤ | ᠭᠤᠣᠯ ᠬᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠠᠷᠠᠯ ᠢ ᠡᠰᠡᠷᠭᠦᠴᠡᠨ ᠴᠠᠭᠳᠠᠭ᠎ᠠ ᠶᠢ ᠬᠦᠴᠦᠷᠬᠡᠭᠵᠢᠭᠦᠯᠵᠦ᠂ ᠬᠤᠣᠷ | ᠨᠥᠯᠥᠭᠡ ᠶᠢ ᠡᠷᠡᠰ ᠠᠷᠢᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠦᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠴᠡᠪᠡᠷᠰᠢᠭᠦᠯᠵᠦ᠂ | ᠲᠤᠶᠢᠯᠪᠤᠷᠢᠲᠠᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠲᠤᠭ ᠢ ᠮᠠᠨᠳᠤᠭᠤᠯᠬᠤ᠂ ᠠᠷᠠᠳ ᠤᠨ ᠰᠡᠳᠭᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ | ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠰᠤᠷᠲᠠᠯ ᠤᠬᠠᠭᠤᠯᠭ᠎ᠠ ᠦᠵᠡᠯ | ᠰᠠᠨᠠᠭᠠᠨ ᠤ ᠡᠯ᠎ᠡ ᠵᠦᠢᠯ ᠤᠨ ᠠᠵᠢᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ᠃ ᠥᠷᠭᠡᠨ ᠣᠯᠠᠨ ᠺᠠᠳ᠋ᠷ ᠣᠯᠠᠨ ᠲᠦᠮᠡᠨ ᠢ ᠰᠤᠷᠭᠠᠨ ᠬᠥᠮᠦᠵᠢᠭᠦᠯᠵᠦ ᠬᠥᠲᠥᠯᠥᠨ | ᠵᠢᠯᠣᠭᠤᠳᠴᠤ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢ ᠰᠤᠷᠤᠯᠴᠠᠨ ᠡᠵᠡᠮᠰᠢᠵᠦ ᠨᠡᠪᠲᠡᠷᠡᠲᠡᠯ᠎ᠡ ᠤᠶᠢᠯᠠᠭᠠᠵᠤ | ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠥᠪᠥᠷ ᠮᠣᠩᠭᠤᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠦᠨᠵᠡᠭᠡᠶ ᠠᠬᠢᠭᠤᠯᠬᠤ | ᠬᠡᠷᠡᠭᠲᠡᠶ᠃ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ᠂ ᠤᠬᠠᠭᠤᠯᠬᠤ᠂ ᠲᠤᠭᠤᠰᠢᠯᠠᠭᠤᠯᠬᠤ ᠡᠨᠡ ᠬᠦ ᠭᠤᠣᠯ ᠰᠢᠵᠢᠮ ᠤᠨ ᠲᠤᠭᠤᠷᠢᠨ ᠳᠤ᠂ ᠤᠨᠤᠯ ᠪᠠ | ᠶᠠᠷᠢᠶ᠎ᠠ ᠬᠡᠯᠡᠯᠴᠡᠭᠡ᠂ ᠳᠣᠲᠣᠭᠠᠳᠤ ᠤᠬᠠᠭᠤᠯᠭ᠎ᠠ ᠪᠠ ᠭᠠᠳᠠᠭᠠᠳᠤ ᠤᠬᠠᠭᠤᠯᠭ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠰᠣᠶᠣᠯ ᠪᠠ ᠤᠳᠭ᠋᠎ᠠ | ᠤᠷᠠᠯᠢᠭ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠤ᠂ ᠴᠢᠬᠤᠯᠠ ᠶᠡᠭᠡ ᠭᠤᠣᠯ ᠰᠡᠳᠦᠪᠲᠦ ᠤᠬᠠᠭᠤᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠨᠳᠤᠰᠢ | ᠪᠠᠶᠢᠳᠠᠯ᠂ ᠲᠦᠷᠦ ᠶᠢᠨ ᠪᠤᠳᠤᠯᠭ᠎ᠠ ᠪᠠ ᠠᠮᠵᠢᠯᠲᠠ ᠪᠦᠲᠦᠮᠵᠢ ᠶᠢᠨ ᠤᠬᠠᠭᠤᠯᠭ᠎ᠠ ᠶᠢ ᠰᠠᠶᠢᠲᠤᠷ ᠬᠢᠵᠦ᠂ ᠦᠵᠡᠯ ᠰᠠᠨᠠᠭ᠎ᠠ ᠪᠠᠨ ᠨᠢᠭᠡᠳᠭᠡᠨ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠬᠦᠴᠦᠨ ᠴᠢᠳᠠᠯ ᠢᠶᠠᠨ ᠨᠡᠩ ᠰᠠᠶᠢᠨ ᠢᠶᠠᠷ ᠨᠢᠭᠲᠠᠷᠠᠭᠤᠯᠬᠤ ᠬᠡᠷᠡᠭᠲᠡᠢ᠃ ᠰᠤᠷᠲᠠᠯ ᠤᠬᠠᠭᠤᠯᠭ᠎ᠠ | ᠦᠵᠡᠯ ᠰᠠᠨᠠᠭᠠᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠵᠤ᠂ ᠨᠠᠮ ᠤᠨ ᠲᠤᠭ ᠢ ᠰᠤᠷᠲᠠᠯ ᠤᠬᠠᠭᠤᠯᠭ᠎ᠠ ᠦᠵᠡᠯ | ᠰᠠᠨᠠᠭᠠᠨ ᠤ ᠹᠷᠣᠨᠲ ᠲᠤ ᠥᠨᠳᠥᠷ ᠮᠠᠨᠳᠤᠭᠤᠯᠬᠤ ᠬᠡᠷᠡᠭᠲᠡᠢ᠃ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠦᠯᠵᠢᠶᠡᠨ ᠤ ᠠᠭᠤᠯᠭ᠎ᠠ ᠶᠢᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠱᠠᠯᠢᠭ ᠵᠠᠪᠬᠠᠢ ᠵᠦᠢᠯ ᠢ ᠠᠷᠢᠯᠭᠠᠵᠤ | ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠦᠯᠵᠢᠶᠡᠨ ᠳᠡᠭᠡᠷᠡᠬᠢ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠤ | ᠴᠢᠬᠤᠯᠠᠴᠢᠯᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |