ᠤᠯᠠᠭᠠᠨᠴᠠᠪ ᠬᠤᠳᠠ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠲᠣᠭᠲᠠᠭᠤᠨ ᠤ ︽ᠬᠤᠳᠠ ᠬᠠᠮᠠᠭᠠᠯᠠᠬᠤ ᠭᠤᠣᠯ︾ ᠤᠨ ᠡᠭᠦᠷᠭᠡ ᠶᠢ ᠡᠷᠡᠰ ᠡᠭᠦᠷᠭᠡᠯᠡᠵᠦ ᠪᠤᠢ
ᠨᠡᠶᠢᠲᠡᠯᠡᠭᠰᠡᠨ ᠴᠠᠭ᠄
2022/1/18
      ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠰᠢᠩ ᠾᠧ ᠰᠢᠶᠠᠨ ᠳᠤ ᠭᠦᠨᠵᠡᠭᠡᠶᠢᠷᠡᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠣᠯᠣᠨ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠬᠤ ᠳᠤ ᠪᠠᠨ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠲᠣᠭᠲᠠᠭᠤᠨ ᠤ ︽ᠬᠤᠳᠠ ᠬᠠᠮᠠᠭᠠᠯᠠᠬᠤ ᠭᠤᠣᠯ︾ ᠪᠣᠯᠣᠨ ︽ᠠᠩᠬᠠᠳᠤᠭᠠᠷ ᠰᠡᠷᠭᠡᠶᠢᠯᠡᠯᠲᠡ ᠶᠢᠨ ᠱᠤᠭᠤᠮ︾᠋ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ︽ᠠᠮᠤᠷ ᠠᠮᠤᠭᠤᠯᠠᠩ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ︾ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃      ᠰᠢᠩ ᠾᠧ ᠰᠢᠶᠠᠨ ᠤ G6 ᠳᠡᠭᠡᠳᠦ ᠬᠤᠷᠳᠤ ᠶᠢᠨ ᠵᠠᠰᠠᠮᠠᠯ ᠵᠠᠮ ᠤᠨ ᠥᠪᠥᠷ ᠮᠣᠩᠭᠤᠯ ᠾᠧᠪᠧᠢ ᠶᠢᠨ ᠵᠠᠭᠠᠭ ᠤᠨ ᠪᠠᠶᠢᠴᠠᠭᠠᠬᠤ ᠥᠷᠲᠡᠭᠡ ᠳᠤ᠂ ᠰᠦᠢ ᠸᠧᠢ ᠵᠢᠶᠦ᠋ᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠡᠷᠡᠰ ᠪᠠᠲᠤ ᠵᠢᠵᠢᠭᠦᠷᠯᠡᠵᠦ ᠪᠠᠶᠢᠭ᠎ᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠴᠢᠩ ᠰᠡᠳᠬᠢᠯ ᠤᠨ ᠲᠣᠬᠤᠨᠢᠭᠤᠯᠤᠯ ᠪᠠ ᠲᠠᠯᠠᠷᠬᠠᠯ ᠢᠶᠠᠨ ᠳᠡᠪᠰᠢᠭᠦᠯᠪᠡ᠃ ᠲᠡᠷᠡ ᠴᠢᠬᠤᠯᠠᠴᠢᠯᠠᠭᠰᠠᠨ ᠨᠢ᠂ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠨᠢ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠤᠯᠠᠭᠠᠨᠴᠠᠪ ᠪᠡᠭᠡᠵᠢᠩ ᠢ ᠲᠣᠭᠤᠷᠢᠭᠰᠠᠨ ︽ᠬᠤᠲᠠ ᠬᠠᠮᠠᠭᠠᠯᠠᠬᠤ ᠭᠤᠣᠯ︾᠂ ᠣᠷᠣᠨ ᠤ ᠲᠥᠪ ᠤᠨ ︽ᠬᠥᠭᠦᠷᠭᠡᠨ ᠪᠠᠬᠢᠯᠡᠯᠲᠡ︾ ᠶᠢᠨ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮᠳᠠᠭᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ᠂ ᠬᠠᠮᠤᠭ ᠤᠨ ᠬᠠᠲᠠᠭᠤ ᠰᠤᠷᠲᠠᠯ ᠢᠶᠠᠷ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠦᠷᠭᠦᠯᠵᠢᠯᠡᠨ ᠪᠠᠶᠢᠯᠳᠤᠬᠤ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠣᠭᠤᠮᠲᠠ ᠶᠢ ᠴᠢᠩᠭ᠎ᠠ ᠨᠢᠮᠪᠠᠢ ᠰᠠᠶᠢᠲᠤᠷ ᠡᠵᠡᠮᠳᠡᠵᠦ᠂ ᠬᠠᠮᠤᠭ ᠤᠨ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠶᠢ ᠪᠤᠢ ᠪᠣᠯᠭᠠᠬᠤ ᠬᠡᠷᠡᠭᠲᠡᠢ ᠭᠡᠵᠡᠢ᠃      ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ᠂ ᠰᠦᠢ ᠸᠧᠢ ᠵᠢᠶᠦ᠋ᠨ ᠸᠢᠳᠢᠤ᠋ ᠪᠠᠷ ᠤᠯᠠᠨ ᠴᠠᠭᠳᠠᠭᠠᠨ ᠤ ᠲᠦᠷᠦᠯ ᠤᠨ ᠨᠡᠶᠢᠯᠡᠮᠡᠯ ᠪᠠᠶᠢᠯᠳᠤᠭᠠᠨ ᠤ ᠳᠠᠭᠤᠷᠢᠶᠠᠮᠠᠯ ᠰᠣᠷᠢᠯᠲᠠ ᠶᠢ ᠲᠣᠭᠤᠷᠢᠨ ᠦᠵᠡᠵᠦ᠂ ᠬᠤᠯᠪᠣᠭᠳᠠᠯ ᠪᠦᠬᠦᠢ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ ᠴᠢᠬᠤᠯᠠᠴᠢᠯᠠᠭᠰᠠᠨ ᠨᠢ᠂ ᠢᠮᠠᠭᠲᠠ ᠤᠯᠤᠰ ᠲᠦᠷᠦ ᠶᠢᠨ ᠲᠠᠯ᠎ᠠ ᠠᠴᠠ ᠠᠮᠤᠷ ᠲᠣᠭᠲᠠᠭᠤᠨ ᠤ ᠠᠵᠢᠯ ᠳᠤ ᠬᠠᠨᠳᠤᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ᠃ ᠪᠣᠳᠠᠲᠤ ᠪᠠᠶᠢᠯᠳᠤᠭᠠᠨ ᠤ ᠰᠣᠷᠢᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠲᠦᠷᠦᠯ ᠤᠨ ᠲᠥᠰᠥᠯ᠂ ᠪᠡᠯᠡᠳᠬᠡᠯ ᠲᠥᠰᠥᠯ ᠪᠣᠯᠣᠨ ᠲᠣᠭᠲᠠᠴᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠠᠵᠢᠯ ᠳᠤ ︽ᠥᠴᠥᠬᠡᠨ ᠴᠦ ᠠᠯᠳᠠᠭ᠎ᠠ ᠦᠭᠡᠢ︾᠂ ︽ᠥᠴᠥᠬᠡᠨ ᠴᠦ ᠵᠥᠷᠢᠭᠦᠯᠬᠦ ᠦᠭᠡᠢ︾ ᠪᠠᠶᠢᠬᠤ ᠶᠢ ᠪᠠᠲᠤᠯᠠᠬᠤ ᠬᠡᠷᠡᠭᠲᠡᠢ᠃ ᠨᠡᠶᠢᠭᠡᠮ ᠤᠨ ᠲᠠᠯ᠎ᠠ ᠶᠢᠨ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠰᠠᠭᠤᠷᠢ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠬᠡᠷᠡᠭᠯᠡᠯᠲᠡ ᠶᠢ ᠢᠳᠡᠪᠬᠢᠲᠡᠢ ᠠᠬᠢᠭᠤᠯᠵᠤ᠂ ᠲᠣᠮᠣ ᠳ᠋ᠠᠶᠢᠲ᠋ᠠ ᠶᠢ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨᠡᠴᠢᠯᠡᠯᠲᠡ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠭᠠᠵᠤ᠂ ᠲᠠᠶᠢᠴᠢᠨ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠰᠢᠩ ᠾᠧ ᠶᠢᠨ ᠬᠤᠶᠢᠲᠤ ᠥᠷᠲᠡᠭᠡᠨ ᠳᠤ ᠰᠦᠢ ᠸᠧᠢ ᠵᠢᠶᠦ᠋ᠨ ᠴᠢᠬᠤᠯᠠᠴᠢᠯᠠᠭᠰᠠᠨ ᠨᠢ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ︽ᠭᠠᠳᠠᠨ᠎ᠠ ᠠᠴᠠ ᠣᠷᠣᠵᠤ ᠢᠷᠡᠬᠦ ᠶᠢ ᠰᠡᠷᠭᠡᠶᠢᠯᠡᠬᠦ︾ ᠪᠠ ︽ᠬᠥᠮᠥᠨ᠂ ᠪᠣᠳᠠᠰ᠂ ᠣᠷᠴᠢᠨ ᠲᠣᠭᠤᠷᠢᠨ ᠢ ᠵᠡᠷᠭᠡ ᠳᠤ ᠨᠢ ᠰᠡᠷᠭᠡᠶᠢᠯᠡᠬᠦ︾ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠣᠮᠣ ᠳ᠋ᠠᠶᠢᠲ᠋ᠠ ᠶᠢᠨ ᠠᠷᠭ᠎ᠠ ᠶᠢ ᠬᠡᠷᠡᠭᠯᠡᠨ ᠭᠤᠣᠯᠳᠠᠯᠭ᠎ᠠ ᠲᠠᠢ ᠭᠠᠵᠠᠷ ᠣᠷᠣᠨ ᠤ ᠬᠥᠮᠥᠰ ᠤᠨ ᠰᠢᠯᠵᠢᠯᠲᠡ ᠶᠢᠨ ᠮᠡᠳᠡᠭᠡ ᠵᠠᠩᠭᠢ ᠶᠢ ᠣᠨᠣᠪᠴᠢᠲᠠᠢ ᠡᠵᠡᠮᠰᠢᠵᠦ᠂ ᠬᠥᠮᠥᠰ ᠤᠨ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠪᠣᠭᠤᠮᠲᠠ ᠳᠤ ᠣᠷᠣᠬᠤ ᠶᠢ ᠡᠷᠡᠰ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ