ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/29

      1 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠠᠵᠢᠯᠯᠠᠭᠠᠨ ᠤ ᠲᠥᠰᠦᠯ ᠵᠡᠷᠭᠡ ᠠᠵᠢᠯ ᠢ ᠰᠤᠳᠤᠯᠪᠠ᠃
      ᠬᠤᠷᠠᠯ ᠠᠴᠠ᠂ ᠥᠪᠥᠷ ᠮᠣᠩᠭᠤᠯ ᠪᠣᠯ ᠡᠬᠡ ᠤᠯᠤᠰ ᠤᠨ ︽ᠤᠮᠠᠷᠠᠳᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠳᠠ ᠶᠢᠨ ᠭᠤᠣᠯ︾ ᠮᠥᠨ᠂ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠯ ᠤᠨ ᠲᠣᠪᠣᠶᠢᠮ᠎ᠠ ᠠᠰᠠᠭᠤᠳᠠᠯ ᠢ ᠰᠡᠳᠬᠢᠯ ᠠᠴᠠ ᠪᠠᠨ ᠬᠦᠴᠦᠯᠡᠨ ᠰᠠᠶᠢᠲᠤᠷ ᠰᠢᠶᠳᠪᠦᠷᠢᠯᠡᠬᠦ ᠬᠡᠷᠡᠭᠲᠡᠶ᠃ ᠠᠵᠢᠯ ᠢᠶᠠᠨ ᠤᠷᠤᠭᠰᠢ ᠠᠬᠢᠭᠤᠯᠵᠤ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ ᠡᠯ᠎ᠡ ᠵᠦᠢᠯ ᠤᠨ ᠵᠥᠷᠢᠴᠡᠯ ᠤᠨ ᠬᠡᠮ ᠰᠣᠭᠤᠭ ᠢ ᠦᠨᠳᠦᠰᠦᠨ ᠱᠠᠲᠤᠨ ᠳᠤ ᠨᠠᠮᠳᠠᠭᠠᠵᠥ᠂ ᠴᠤᠬᠤᠶᠢᠬᠤ ᠦᠶ᠎ᠡ ᠳᠤᠨᠢ ᠠᠷᠢᠯᠭᠠᠬᠤ ᠪᠠᠷ ᠴᠢᠷᠮᠠᠶᠢᠬᠤ ᠬᠡᠷᠡᠭᠲᠡᠢ᠃ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠪᠠ ᠳᠣᠷᠣᠭᠰᠢ ᠪᠠᠭᠤᠵᠤ ᠪᠠᠶᠢᠴᠠᠭᠠᠬᠤ ᠳᠦᠷᠢᠮ ᠢ ᠤᠯᠠᠮ ᠴᠢᠨᠠᠬᠰᠢᠳᠠ ᠲᠡᠭᠦᠯᠳᠡᠷᠵᠢᠭᠦᠯᠵᠦ᠂ ᠣᠯᠠᠨ ᠲᠦᠮᠡᠨ ᠤ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠪᠠᠨ ᠢᠯᠡᠳᠭᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠢᠯᠠᠩᠭᠤᠶ᠎ᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠲᠣᠭᠲᠠᠴᠠ ᠶᠢ ᠳ᠋ᠦᠩᠨᠡᠨ ᠬᠡᠷᠡᠭᠯᠡᠵᠦ᠂ ᠣᠯᠠᠨ ᠲᠦᠮᠡᠨ ᠤ ᠪᠠᠴᠢᠮᠳᠠᠵᠥ ᠳᠦᠪᠡᠭᠳᠡᠵᠥ ᠵᠤᠪᠠᠨᠢᠵᠥ ᠬᠦᠰᠡᠵᠥ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠠᠤᠯᠢ ᠳᠤ ᠲᠣᠭᠲᠠᠭᠠᠭᠰᠠᠨ ᠲᠠᠰ ᠳᠠᠷᠠᠭᠠᠯᠠᠯ ᠢᠶᠠᠷ ᠬᠢᠨᠠᠨ ᠵᠥᠪᠯᠡᠵᠦ ᠪᠠᠲᠤᠯᠠᠪᠠ᠂ ᠬᠠᠤᠯᠢ ᠴᠠᠭᠠᠵᠠ ᠶᠢᠨ ᠬᠦᠴᠦᠨ ᠲᠠᠢ ᠶᠤᠮ᠂ ᠵᠠᠰᠠᠭ ᠤᠨ ᠣᠷᠳᠣᠨ ᠤ ᠪᠥᠬᠦ ᠵᠢᠯ ᠤᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠮᠥᠨ᠂ ᠡᠷᠬᠡᠪᠰᠢ ᠵᠦᠶᠯ ᠳᠠᠷᠠᠭᠠᠯᠠᠨ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ ᠪᠡᠶᠡᠯᠡᠭᠦᠯᠵᠦ᠂ ᠬᠡᠯᠡᠭᠰᠡᠨ ᠳᠡᠭᠡᠨ ᠬᠥᠷᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠬᠡᠮᠵᠢᠶ᠎ᠡ ᠪᠠᠷ ᠠᠬᠢᠭᠤᠯᠵᠤ᠂ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠲᠠᠢ ᠬᠠᠷᠭᠤᠭᠤᠯᠤᠨ ᠡᠭᠦᠷᠭᠡ ᠬᠠᠷᠠᠯᠲᠠ ᠪᠠᠨ ᠤᠯᠠᠮ ᠴᠢᠨᠠᠬᠰᠢᠳᠠ ᠨᠠᠷᠢᠯᠢᠭᠵᠢᠭᠤᠯᠵᠤ᠂ ᠪᠣᠳᠠᠲᠠᠶ ᠠᠷᠭ᠎ᠠ ᠬᠡᠮᠵᠢᠶ᠎ᠡ ᠲᠣᠭᠲᠠᠭᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠰᠢᠨ᠎ᠡ ᠶᠢ ᠡᠭᠦᠳᠬᠦ ᠠᠷᠭ᠎ᠠ ᠠᠪᠴᠠᠯ ᠢᠶᠠᠷ ᠬᠦᠴᠢᠷ ᠠᠰᠠᠭᠤᠳᠠᠯ ᠢ ᠰᠢᠶᠳᠪᠦᠷᠢᠯᠡᠨ᠂ ᠠᠵᠢᠯ ᠢᠶᠠᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠲᠣᠭᠲᠠᠭᠠᠭᠰᠠᠨ ᠡᠯ᠎ᠡ ᠵᠦᠶᠯ ᠤᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠵᠥ ᠴᠢᠬᠤᠯᠠᠴᠢᠯᠠᠪᠠ᠃
      ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠬᠠᠷᠠᠯᠲᠠ ᠶᠢ ᠪᠠᠷᠢᠮᠲᠠᠯᠠᠵᠤ᠂ ᠠᠵᠢᠯ ᠤᠨ ᠲᠥᠰᠦᠯ ᠢᠶᠠᠨ ᠤᠯᠠᠮ ᠴᠢᠨᠠᠭᠰᠢᠳᠠ ᠨᠠᠷᠢᠯᠢᠭᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠱᠠᠯᠠᠪᠳᠠᠨ ᠰᠢᠢᠳᠪᠦᠷᠢᠯᠡᠵᠦ᠂ ᠨᠡᠶᠢᠭᠡᠮ ᠤᠨ ᠬᠢᠨᠠᠯᠲᠠ ᠶᠢ ᠢᠯᠡ ᠪᠠᠷ ᠬᠦᠯᠢᠶᠡᠵᠦ᠂ ᠡᠯ᠎ᠡ ᠵᠦᠢᠯ ᠤᠨ ᠠᠵᠢᠯ ᠳᠤ ᠠᠯᠢ ᠲᠦᠷᠭᠡᠨ ᠢᠶᠠᠷ ᠦᠷ᠎ᠡ ᠪᠦᠲᠦᠮᠵᠢ ᠭᠠᠷᠭᠠᠵᠤ᠂ ᠦᠷ᠎ᠡ ᠪᠦᠲᠦᠬᠡᠯ ᠭᠠᠷᠭᠠᠬᠤ ᠶᠢ ᠠᠬᠢᠭᠤᠯᠵᠤ᠂ ᠲᠦ᠋ᠷᠦᠬᠦᠦ ᠤᠯᠠᠷᠢᠯ ᠳᠤ ᠡᠬᠢᠯᠡᠮᠡᠭᠴᠡ ᠪᠠᠨ ᠲᠣᠭᠲᠠᠭᠤᠨ ᠪᠠᠶᠢᠯᠭᠠᠬᠤ᠂ ᠡᠬᠢᠯᠡᠮᠡᠭᠴᠡ ᠪᠠᠨ ᠠᠮᠵᠢᠯᠲᠠ ᠣᠯᠬᠤ ᠪᠠ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠬᠡᠵᠥ ᠴᠢᠬᠤᠯᠠᠴᠢᠯᠠᠪᠠ᠃
      ᠬᠤᠷᠠᠯ ᠠᠴᠠ ᠪᠠᠰᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠡᠷᠭᠡ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ