ᠸᠠᠩ ᠯᠢ ᠰᠢᠶᠠ᠄ ᠮᠢᠩᠭ᠎ᠠ ᠲᠦᠮᠡᠨ ᠵᠤᠷᠪᠤᠰ ᠠᠴᠠ ᠨᠢᠭᠡ ᠶᠢ ᠴᠤ ᠣᠷᠬᠢᠭᠳᠠᠭᠤᠯᠵᠤ ᠪᠣᠯᠬᠤ ᠦᠭᠡᠢ ᠲᠤᠶᠢᠯ ᠤᠨ ᠨᠠᠷᠢᠨ ᠬᠢᠨᠠᠮᠠᠭᠠᠶ ᠤᠷᠤᠵᠤ ᠰᠡᠷᠭᠡᠶᠢᠯᠡᠨ ᠡᠵᠡᠮᠳᠡᠬᠦ ᠠᠵᠢᠯ ᠳᠤ ᠶᠠᠭᠠᠬᠢᠭᠰᠠᠨ ᠴᠤ ᠠᠯᠳᠠᠭᠳᠠᠯ ᠭᠠᠷᠭᠠᠵᠤ ᠪᠤᠯᠬᠤ ᠦᠭᠡᠢ
ᠨᠡᠶᠢᠲᠡᠯᠡᠭᠰᠡᠨ ᠴᠠᠭ᠄
2022/1/4

      2022 ᠣᠨ ᠤ ᠰᠢᠨ᠎ᠡ ᠤᠨ ᠤ ᠠᠩᠬᠠᠨ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠭᠡᠯ ᠤᠨ ᠪᠠᠭᠤᠳᠠᠯ᠂ ᠨᠢᠰᠭᠡᠯ ᠤᠨ ᠪᠠᠭᠤᠳᠠᠯ ᠤᠨ ᠰᠡᠷᠭᠡᠶᠢᠯᠡᠨ ᠡᠵᠡᠮᠳᠡᠬᠦ ᠠᠵᠢᠯᠲᠡᠳ ᠢ ᠠᠮᠠᠷᠠᠭᠤᠯᠤᠨ ᠴᠡᠭᠴᠡᠯᠡᠬᠦ ᠪᠠᠭᠤᠳᠠᠯ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠶᠠᠮᠠᠷᠪᠠ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠭᠤᠷᠢᠳᠠᠬᠤ ᠪᠤᠳᠤᠯ᠂ ᠰᠤᠯᠠᠷᠠᠬᠤ ᠰᠡᠳᠭᠢᠯᠭᠡ ᠶᠠᠭᠠᠬᠢᠭᠰᠠᠨ ᠴᠤ ᠤᠷᠤᠵᠤ ᠪᠣᠯᠬᠤ ᠥᠬᠡᠶ᠂ ᠮᠢᠩᠭ᠎ᠠ ᠲᠦᠮᠡᠨ ᠵᠤᠷᠪᠤᠰ ᠠᠴᠠ ᠨᠢᠭᠡ ᠶᠢ ᠴᠤ ᠬᠡᠰᠡᠨ ᠶᠠᠭᠠᠬᠢᠭᠰᠠᠨ ᠴᠤ ᠣᠷᠬᠢᠭᠳᠠᠭᠤᠯᠵᠤ ᠪᠣᠯᠬᠤ ᠦᠭᠡᠢ︔ ᠲᠤᠶᠢᠯ ᠤᠨ ᠨᠠᠷᠢᠨ ᠬᠢᠨᠠᠮᠠᠭᠠᠶ ᠤᠷᠤᠵᠤ ᠰᠡᠷᠭᠡᠶᠢᠯᠡᠨ ᠡᠵᠡᠮᠳᠡᠬᠦ ᠠᠵᠢᠯ ᠳᠤ ᠶᠠᠭᠠᠬᠢᠭᠰᠠᠨ ᠴᠤ ᠠᠯᠳᠠᠭᠳᠠᠯ ᠭᠠᠷᠭᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃

1.jpg


      ᠴᠠᠭᠠᠨ ᠰᠤᠪᠤᠷᠭ᠎ᠠ ᠤᠯᠠᠨ ᠤᠯᠤᠰ ᠤᠨ ᠨᠢᠰᠭᠡᠯ ᠤᠨ ᠪᠠᠭᠤᠳᠠᠯ ᠤᠨ ᠤᠯᠠᠨ ᠤᠯᠤᠰ ᠤᠨ ᠡᠭᠡᠯᠵᠢ ᠶᠢᠨ ᠨᠢᠰᠭᠡᠯ ᠢ ᠬᠤᠪᠢᠶᠠᠷᠢᠯᠠᠨ ᠰᠢᠢᠳᠪᠦᠷᠢᠯᠡᠬᠦ ᠲᠤᠬᠠᠢ ᠶᠢᠨ ᠲᠠᠯᠠᠪᠠᠢ ᠶᠢᠨ ᠵᠢᠯᠣᠭᠤᠳᠬᠤ ᠭᠠᠵᠠᠷ ᠲᠤ᠂ ᠸᠠᠩ ᠯᠢ ᠰᠢᠶᠠ ᠸᠢᠳᠢᠣ᠋ ᠬᠢᠨᠠᠨ ᠡᠵᠡᠮᠳᠡᠬᠦᠷ ᠢᠶᠠᠷ ᠳᠠᠮᠵᠢᠨ ᠬᠤᠪᠢᠶᠠᠷᠢᠯᠠᠨ ᠰᠢᠢᠳᠪᠦᠷᠢᠯᠡᠬᠦ ᠶᠠᠪᠤᠴᠠ ᠶᠢ ᠨᠠᠷᠢᠨ ᠣᠶᠢᠯᠠᠭᠠᠵᠤ᠂ ᠠᠵᠢᠯᠲᠡᠳ ᠤᠨ ᠵᠢᠵᠢᠭᠦᠷᠯᠡᠨ ᠰᠠᠬᠢᠬᠤ ᠪᠠ ᠪᠢᠲᠡᠭᠦᠤ ᠭᠤᠬᠴᠤᠭᠠᠳᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠡᠷᠡ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠨᠢᠰᠭᠡᠯ ᠤᠨ ᠪᠠᠭᠤᠳᠠᠯ ᠨᠢ ᠭᠠᠳᠠᠨ᠎ᠠ ᠠᠴᠠ ᠬᠠᠯᠳᠠᠪᠦᠷᠢᠯᠠᠨ ᠤᠷᠤᠵᠤ ᠢᠷᠡᠬᠦ ᠶᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠤ ᠬᠤᠪᠢ ᠳᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠬᠦᠨᠳᠦ ᠴᠢᠬᠤᠯᠠ᠂ ᠡᠭᠦᠷᠭᠡ ᠬᠠᠲᠠᠭᠤ ᠪᠡᠷᠬᠡ ᠪᠠᠶᠢᠨ᠎ᠠ᠃ ︽ᠳᠥᠷᠪᠡᠨ ᠡᠷᠲᠡ ᠪᠠᠶᠢᠬᠤ ᠱᠠᠭᠠᠷᠳᠠᠯᠭ᠎ᠠ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠰᠦᠯ ᠢ ᠴᠢᠨᠠᠭᠰᠢᠳᠠ ᠲᠡᠭᠦᠯᠳᠡᠷᠵᠢᠭᠦᠯᠦᠨ᠂ ᠶᠠᠪᠤᠴᠠ ᠶᠢ ᠴᠢᠨᠠᠭᠰᠢᠳᠠ ᠰᠢᠯᠢᠳᠡᠭᠵᠢᠭᠦᠯᠵᠦ᠂ ᠶᠠᠰᠤ ᠴᠢᠨᠠᠷ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠠᠵᠢᠯᠲᠠᠨ ᠵᠢᠴᠢ ᠲᠡᠳᠡᠨ ᠤ ᠬᠡᠷ ᠪᠦᠯᠢ ᠶᠢᠨ ᠬᠢᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠲᠠᠪᠲᠠᠮᠵᠢ ᠶᠢ ᠨᠢᠭᠲᠠ ᠪᠣᠯᠭᠠᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠣᠳᠠᠲᠤ ᠪᠠᠶᠢᠯᠳᠤᠭᠠᠨ ᠤ ᠪᠠᠷᠢᠮᠵᠢᠶ᠎ᠠ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠣᠯᠪᠠᠰᠤᠷᠠᠯ ᠪᠠ ᠰᠣᠷᠢᠯᠲᠠ ᠶᠢ ᠪᠠᠶᠢᠩᠭᠤ ᠶᠢᠨ ᠴᠢᠨᠠᠷᠲᠠᠢ ᠪᠠᠷ ᠥᠷᠨᠢᠭᠦᠯᠵᠦ᠂ ᠬᠡᠮ ᠰᠣᠭᠤᠭ ᠪᠠ ᠲᠤᠳᠠᠬᠳᠠᠯ ᠢ ᠲᠠᠬᠢᠨ ᠳᠠᠪᠲᠠᠨ ᠡᠷᠢᠵᠦ᠂ ᠳᠤᠲᠠᠭᠤᠳᠠᠯ ᠪᠠ ᠪᠠᠭᠤᠷᠠᠢ ᠲᠠᠯ᠎ᠠ ᠪᠠᠨ ᠴᠠᠭ ᠲᠤᠬᠠᠢ ᠳᠤᠨᠢ ᠨᠥᠬᠦᠪᠥᠷᠢᠯᠡᠵᠦ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠱᠠᠯᠠᠪᠳᠠᠭᠤᠯᠤᠨ ᠵᠢᠯᠣᠭᠤᠳᠬᠤ᠂ ᠮᠥᠷᠳᠡᠨ ᠲᠠᠭᠠᠵᠤ ᠦᠷ᠎ᠡ ᠪᠦᠲᠦᠮᠵᠢ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠥᠬᠦ ᠬᠡᠯᠬᠢᠶ᠎ᠡ ᠡᠯ᠎ᠡ ᠭᠤᠭᠴᠣᠭᠠᠨ ᠤ ᠠᠵᠢᠯ ᠤᠨ ᠮᠦᠷᠳᠡᠵᠦ ᠪᠣᠯᠬᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠦᠷᠬᠦᠭᠦᠯᠬᠦ ᠶᠢ ᠪᠠᠲᠤᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠳᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃

2.jpg


3.jpg


      ᠰᠠᠶᠢᠬᠠᠨ ᠲᠣᠭᠤᠷᠢᠭ ᠤᠨ ᠪᠸᠢ ᠭᠦᠸᠧ ᠹᠧᠩ ᠭᠤᠸᠠᠩ ᠪᠠᠭᠤᠳᠠᠯ ᠪᠣᠯ ᠨᠢᠰᠭᠡᠯ ᠤᠨ ᠪᠠᠭᠤᠳᠠᠯ ᠤᠨ ᠰᠡᠷᠭᠡᠶᠢᠯᠡᠨ ᠡᠵᠡᠮᠳᠡᠬᠦ ᠠᠵᠢᠯᠲᠡᠳ ᠢ ᠠᠮᠠᠷᠠᠭᠤᠯᠤᠨ ᠴᠡᠭᠴᠡᠯᠡᠬᠦ ᠪᠠᠭᠤᠳᠠᠯ ᠪᠣᠯᠤᠨ᠎ᠠ᠂ ᠸᠠᠩ ᠯᠢ ᠰᠢᠶᠠ ᠪᠠᠭᠤᠳᠠᠯ ᠳᠤ ᠬᠦᠷᠴᠦ ᠠᠵᠢᠯ ᠤᠨ ᠨᠠᠷᠢᠨ ᠲᠠᠩᠰᠠ ᠶᠢ ᠲᠤᠬᠠᠢ ᠶᠢᠨ ᠲᠠᠯᠠᠪᠠᠢ ᠳᠤ ᠪᠠᠶᠢᠴᠠᠭᠠᠬᠤ ᠶᠢᠨ ᠬᠠᠮᠲᠤ ᠸᠢᠳᠢᠣ᠋ ᠬᠢᠨᠠᠨ ᠡᠵᠡᠮᠳᠡᠬᠦᠷ ᠢᠶᠠᠷ ᠳᠠᠮᠵᠢᠨ ᠪᠠᠭᠤᠳᠠᠯ ᠤᠨ ᠲᠤᠰᠠᠭᠠᠷᠯᠠᠨ ᠬᠠᠮᠢᠶᠠᠷᠴᠤ ᠡᠵᠡᠮᠳᠡᠬᠦ᠂ ᠣᠷᠴᠢᠨ ᠲᠣᠭᠤᠷᠢᠨ ᠢ ᠠᠷᠢᠭᠤᠳᠬᠠᠬᠤ᠂ ᠬᠥᠮᠦᠰ ᠤᠨ ᠬᠠᠮᠠᠭᠠᠯᠠᠯᠲᠠ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠪᠠ᠃ ᠲᠡᠷᠡ᠂ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠵᠦ ᠬᠠᠮᠢᠶᠠᠷᠤᠨ ᠡᠵᠡᠮᠳᠡᠬᠦ ᠲᠦᠪᠰᠢᠨ ᠢᠶᠠᠨ ᠳᠡᠭᠡᠭᠰᠢᠯᠡᠭᠦᠯᠵᠦ᠂ ᠬᠥᠮᠦᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢ ᠬᠠᠷᠢᠯᠴᠠᠨ ᠨᠥᠬᠦᠪᠥᠷᠢᠯᠡᠵᠦ᠂ ᠣᠷᠭᠠᠨᠢᠭ ᠢᠶᠠᠷ ᠨᠢᠭᠡᠳᠭᠡᠬᠦ ᠶᠢ ᠪᠡᠶᠡᠯᠡᠭᠦᠯᠬᠦ ᠬᠡᠷᠡᠭᠲᠡᠢ᠃ ᠬᠤᠭ ᠨᠣᠪᠰᠢ ᠶᠢ ᠴᠠᠭ ᠲᠤᠬᠠᠶ ᠳᠤᠨᠢ ᠠᠷᠢᠭᠤᠳᠬᠠᠨ ᠰᠢᠯᠵᠢᠭᠦᠯᠦᠨ ᠲᠡᠭᠡᠭᠡᠪᠦᠷᠢᠯᠡᠵᠦ᠂ ᠵᠢᠷᠤᠮᠵᠢᠭᠤᠯᠤᠨ ᠰᠢᠶᠳᠪᠦᠷᠢᠯᠡᠵᠦ᠂ ᠬᠢᠵᠢᠭ ᠤᠨ ᠪᠠᠶᠢᠳᠠᠯ ᠤᠨ ᠭᠠᠳᠠᠭᠰᠢ ᠪᠠᠨ ᠲᠠᠷᠬᠠᠬᠤ ᠠᠶᠤᠯ ᠲᠦᠭᠰᠢᠭᠦᠷᠢ ᠡᠬᠦᠰᠬᠦ ᠶᠢ ᠡᠷᠡᠰ ᠬᠤᠷᠢᠭᠯᠠᠬᠤ ᠬᠡᠷᠡᠭᠲᠡᠶ᠃ ᠠᠵᠢᠯᠲᠠᠳ ᠤᠨ ᠢᠳᠡᠭᠡᠨ ᠤᠮᠳᠠᠭᠠᠨ᠂ ᠡᠭᠡᠯᠵᠢᠯᠡᠨ ᠵᠢᠵᠢᠬᠦᠷᠯᠡᠬᠦ᠂ ᠠᠮᠠᠷᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠳᠤᠷ ᠲᠤᠬᠢᠷᠠᠭᠤᠯᠵᠤ᠂ ᠠᠷᠤ ᠲᠠᠯ᠎ᠠ ᠶᠢᠨ ᠠᠵᠢᠯ ᠤᠨ ᠪᠠᠲᠤᠯᠠᠭ᠎ᠠ ᠪᠠ ᠦᠢᠯᠡᠴᠢᠯᠡᠭᠡ ᠶᠢ ᠰᠠᠶᠢᠲᠤᠷ ᠬᠢᠵᠦ᠂ ᠤᠯᠠᠨ ᠢ ᠨᠡᠩ ᠠᠮᠤᠷ ᠲᠦᠪᠰᠢᠨ ᠰᠠᠨᠠᠭ᠎ᠠ ᠠᠮᠤᠷ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠤᠤ ᠭᠠᠩ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ