ᠱᠢ ᠲᠠᠢ ᠹᠧᠩ ︽ᠳᠦᠷᠪᠡ ᠦᠭᠡᠢ ᠬᠤᠶᠠᠷ ᠰᠢᠭᠤᠳ︾ ᠬᠡᠯᠪᠡᠷᠢ ᠪᠠᠷ ᠣᠯᠠᠨ ᠲᠦᠮᠡᠨ ᠤ ᠳᠤᠯᠠᠭᠠᠯᠠᠭ᠎ᠠ ᠪᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭ᠎ᠠ ᠶᠠᠪᠤᠵᠤ ᠰᠠᠭᠤᠬᠤ ᠵᠠᠬ᠎ᠠ ᠳᠡᠯᠭᠡᠭᠦᠷ ᠤᠨ ᠬᠠᠩᠭᠠᠯᠭ᠎ᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/1/4

1-1.png

 

1-2.png


      1 ᠰᠠᠷ᠎ᠠ ᠶᠢᠨ 1 ᠤ ᠡᠳᠦᠷ᠂ ᠰᠢᠨ᠎ᠡ ᠤᠨ ᠤ ᠠᠩᠬᠠᠨ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ︽ᠳᠦᠷᠪᠡ ᠦᠭᠡᠢ ᠬᠤᠶᠠᠷ ᠰᠢᠭᠤᠳ︾ ᠬᠡᠯᠪᠡᠷᠢ ᠪᠠᠷ ᠬᠥᠬᠡᠬᠤᠲᠠ ᠳᠤ ᠤᠯᠠᠨ ᠲᠦᠮᠡᠨ ᠤ ᠳᠤᠯᠠᠭᠠᠯᠠᠭ᠎ᠠ ᠪᠣᠯᠤᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠵᠡᠷᠭᠡ ᠠᠵᠢᠯ ᠢ ᠪᠠᠶᠢᠴᠠᠭᠠᠨ ᠰᠤᠳᠤᠯᠵᠠᠢ᠃
      ᠱᠢ ᠲᠠᠢ ᠹᠧᠩ ᠤᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠰᠠᠭᠤᠳᠠᠯ ᠤᠨ ᠲᠤᠬᠠᠢ ᠲᠤᠶᠢᠯ ᠢᠶᠠᠷ ᠰᠠᠨᠠᠭᠠᠰᠢᠷᠠᠵᠦ ᠪᠠᠶᠢᠪᠠ᠃ ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠲᠡᠷᠡ ᠬᠠᠮᠤᠭ ᠤᠨ ᠲᠦᠷᠦᠭᠦᠨ ᠳᠤ ᠮᠠᠰᠢᠨ ᠲᠡᠷᠭᠡ ᠪᠠᠷ ᠰᠢᠨ᠎ᠡ ᠬᠤᠳᠠ ᠲᠣᠭᠤᠷᠢᠭ ᠤᠨ ᠰᠠᠨ ᠪᠦ᠋ ᠱᠤ᠋ ᠲᠣᠰᠬᠤᠨ ᠳᠤ ᠢᠷᠡᠵᠤ᠂ ᠵᠠᠮ ᠲᠠᠭᠠᠤ ᠲᠠᠭᠠᠷᠠᠯᠳᠤᠬᠰᠠᠨ ᠲᠣᠰᠬᠤᠨ ᠤ ᠠᠷᠠᠳ ᠯᠢ ᠭᠤᠸᠠᠩ ᠫᠢᠩ ᠪᠣᠯᠤᠨ ᠸᠠᠩ ᠵᠢᠶᠦ᠋ᠨ ᠵᠢᠶᠦ᠋ᠨ ᠤ ᠭᠡᠷ ᠢᠶᠠᠷ ᠠᠶᠢᠯᠴᠢᠯᠠᠵᠤ᠂ ︽ᠨᠡᠭᠦᠷᠡᠰᠦ ᠪᠠᠷ ᠲᠦᠯᠡᠰᠢ ᠪᠤᠯᠭᠠᠵᠤ ᠪᠠᠶᠢᠬᠰᠠᠨ ᠢ ᠴᠠᠬᠢᠯᠭᠠᠨ ᠡᠨᠧᠷᠭᠢ ᠪᠣᠯᠭᠠᠨ ᠥᠭᠡᠷᠡᠴᠢᠯᠡᠵᠤ︾ ᠳᠤᠯᠠᠭᠠᠯᠠᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠪᠠ᠃ ︽ᠰᠢᠨ᠎ᠡ ᠵᠢᠯ ᠤᠨ ᠮᠡᠨᠳᠦ ᠬᠦᠷᠭᠡᠶ᠎ᠡ︕︾ ᠭᠡᠵᠤ ᠡᠬᠦᠳᠠ ᠶᠢ ᠨᠢ ᠤᠷᠤᠮᠠᠬᠴᠠ ᠱᠢ ᠲᠠᠢ ᠹᠧᠩ ᠲᠡᠳᠡᠨ ᠳᠤ ᠰᠢᠨ᠎ᠡ ᠵᠢᠯ ᠤᠨ ᠵᠥᠩᠨᠡᠯ ᠳᠡᠪᠰᠢᠭᠦᠯᠪᠡ᠃ ᠱᠢ ᠲᠠᠢ ᠹᠧᠩ ᠴᠠᠬᠢᠯᠭᠠᠨ ᠲᠤᠯᠠᠭᠠᠯᠠᠭᠤᠷ ᠢ ᠪᠠᠶᠢᠴᠠᠭᠠᠨ ᠦᠵᠡᠬᠦ ᠶᠢᠨ ᠳᠠᠭᠠᠸ ᠬᠡᠷ ᠲᠤᠳᠤᠷ᠎ᠠ ᠳᠤᠯᠠᠭᠠᠬᠠᠨ ᠪᠠᠶᠢᠬᠤ ᠡᠰᠡᠬᠦ᠂ ᠴᠠᠬᠢᠯᠭᠠᠨ ᠲᠤᠯᠠᠭᠠᠯᠠᠭᠤᠷ ᠤᠨ ᠴᠢᠳᠠᠮᠵᠢ ᠨᠢ ᠬᠡᠳᠦᠶ ᠶᠡᠭᠡ ᠪᠠᠶᠢᠬᠤ᠂ ᠴᠠᠬᠢᠯᠭᠠᠨ ᠤ ᠰᠦᠶᠳᠭᠡᠯ ᠢ ᠶᠠᠮᠠᠷ ᠪᠠᠷᠢᠮᠵᠢᠶ᠎ᠠ ᠪᠠᠷ ᠬᠤᠷᠢᠶᠠᠵᠤ ᠪᠠᠶᠢᠬᠤ ᠵᠡᠷᠬᠡ ᠬᠠᠮᠢᠶ᠎ᠠ ᠪᠥᠬᠦᠶ ᠪᠠᠶᠢᠳᠠᠯ ᠢ ᠬᠠᠯᠠᠮᠵᠢᠯᠠᠨ ᠠᠰᠠᠭᠤᠵᠤ᠂ ᠴᠠᠬᠢᠯᠭᠠᠨ ᠲᠤᠯᠠᠭᠠᠯᠠᠭᠤᠷ ᠢ ᠨᠡᠭᠡᠭᠡᠵᠦ ᠢᠯᠴᠢ ᠶᠢᠨ ᠪᠠᠶᠢᠳᠠᠯ ᠢ ᠤᠶᠢᠯᠠᠭᠠᠪᠠ᠃ ᠨᠡᠭᠦᠷᠡᠰᠦ ᠪᠠᠷ ᠲᠦᠯᠡᠰᠢ ᠪᠤᠯᠭᠠᠵᠤ ᠪᠠᠶᠢᠬᠰᠠᠨ ᠢ ᠴᠠᠬᠢᠯᠭᠠᠨ ᠡᠨᠧᠷᠭᠢ ᠪᠣᠯᠭᠠᠨ ᠥᠭᠡᠷᠡᠴᠢᠯᠡᠭᠰᠡᠨ ᠤ ᠳᠠᠷᠠᠭ᠎ᠠ ᠣᠯᠠᠨ ᠲᠦᠮᠡᠨ ᠤ ᠳᠤᠯᠠᠭᠠᠯᠠᠭ᠎ᠠ ᠶᠢᠨ ᠥᠪᠡᠷ ᠤᠨ ᠥᠷᠲᠡᠭ ᠢᠯᠡᠳᠲᠡ ᠨᠡᠮᠡᠭᠳᠡᠵᠤ᠂ ᠣᠳᠣᠬᠠᠨ ᠳᠤ ᠰᠠᠭᠤᠭᠠᠯᠢ ᠠᠷᠠᠳ ᠨᠢᠭᠡ ᠲᠠᠯ᠎ᠠ ᠪᠠᠷ ᠴᠠᠬᠢᠯᠭᠠᠨ ᠲᠤᠯᠠᠭᠠᠯᠠᠭᠤᠷ ᠬᠡᠷᠡᠭᠯᠡᠬᠦ ᠶᠢᠨ ᠳᠠᠭᠠᠤ ᠮᠣᠳᠣᠨ ᠮᠠᠲ᠋ᠧᠷᠢᠶᠠᠯ ᠲᠡᠭᠦᠵᠦ ᠵᠤᠤᠬ᠎ᠠ ᠪᠠᠨ ᠬᠠᠯᠠᠭᠤᠯᠵᠤ ᠲᠤᠯᠠᠭᠠᠯᠠᠵᠤ ᠪᠠᠶᠢᠬᠤ ᠶᠢ ᠮᠡᠳᠡᠭᠡᠳ ᠱᠢ ᠲᠠᠢ ᠹᠧᠩ᠂ ︽ᠨᠡᠭᠦᠷᠡᠰᠦ ᠪᠠᠷ ᠲᠦᠯᠡᠰᠢ ᠪᠤᠯᠭᠠᠵᠤ ᠪᠠᠶᠢᠬᠰᠠᠨ ᠢ ᠴᠠᠬᠢᠯᠭᠠᠨ ᠡᠨᠧᠷᠭᠢ ᠪᠣᠯᠭᠠᠨ ᠥᠭᠡᠷᠡᠴᠢᠯᠡᠭᠰᠡᠨ︾ ᠤ ᠵᠣᠷᠢᠯᠭ᠎ᠠ ᠪᠣᠯ ᠰᠢᠲᠠᠭᠠᠯᠭ᠎ᠠ ᠶᠢᠨ ᠨᠡᠭᠦᠷᠡᠰᠦ ᠶᠢ ᠲᠠᠷᠠᠬᠠᠢ ᠪᠠᠷ ᠰᠢᠲᠠᠭᠠᠬᠤ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ ᠶᠤᠮ᠂ ᠭᠡᠪᠡᠴᠦ ᠶᠠᠭᠠᠬᠢᠵᠤ ᠥᠭᠡᠷᠡᠴᠢᠯᠡᠭᠰᠡᠨ ᠴᠦ ᠠᠷᠠᠳ ᠤᠯᠠᠨ ᠤ ᠭᠡᠷ ᠲᠤᠳᠤᠷ᠎ᠠ ᠳᠤᠯᠠᠭᠠᠨ ᠪᠠᠶᠢᠬᠤ ᠶᠢ ᠡᠷᠬᠡᠪᠰᠢ ᠪᠠᠲᠤᠯᠠᠵᠤ᠂ ᠣᠯᠠᠨ ᠲᠦᠮᠡᠨ ᠤ ᠲᠤᠯᠠᠭᠠᠨ ᠡᠪᠤᠯᠵᠢᠬᠦ ᠶᠢ ᠪᠠᠳᠤᠯᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨ ᠬᠦ ᠣᠶᠢᠯᠠᠭᠠᠵᠤ᠂ ᠤᠯᠠᠨ ᠲᠦᠮᠡᠨ ᠤ ᠠᠵᠢᠯ ᠢ ᠬᠢᠬᠦ ᠳᠡᠭᠡᠨ ᠡᠷᠬᠡᠪᠰᠢ ᠤᠯᠠᠨ ᠲᠦᠮᠡᠨ ᠤ ᠪᠣᠳᠠᠲᠤ ᠠᠰᠢᠭ ᠲᠤᠰᠠ ᠶᠢ ᠭᠦᠢᠴᠡᠳ ᠪᠣᠳᠣᠯᠬᠢᠯᠠᠵᠤ᠂ ᠠᠵᠢᠯ ᠢᠶᠠᠨ ᠪᠣᠳᠠᠲᠠᠶ ᠨᠠᠷᠢᠯᠢᠭ ᠬᠢᠵᠦ᠂ ᠤᠯᠠᠨ ᠲᠦᠮᠡᠨ ᠤ ᠰᠡᠳᠬᠢᠯ ᠢ ᠬᠠᠨᠤᠮᠵᠢᠳᠠᠢ ᠪᠤᠯᠳᠠᠯ᠎ᠠ ᠬᠢᠵᠤ᠂ ᠠᠷᠠᠳ ᠤᠯᠠᠨ ᠢ ᠦᠨᠡᠨ ᠬᠦ ᠰᠠᠨᠠᠭ᠎ᠠ ᠠᠮᠤᠷ᠂ ᠬᠠᠯᠠᠭᠤᠨ ᠲᠤᠯᠠᠭᠠᠨ ᠰᠠᠨᠠᠬᠳᠠᠭᠤᠯᠬᠤ ᠠᠴᠠ ᠪᠢᠰᠢ ᠬᠠᠷᠢᠨ ᠰᠡᠳᠭᠢᠯ ᠢ ᠨᠢ ᠵᠣᠪᠠᠭᠠᠵᠤ᠂ ᠡᠭᠳᠡᠭᠦᠦ ᠶᠢ ᠨᠢ ᠬᠦᠷᠭᠡᠵᠤ᠂ ᠰᠡᠳᠭᠢᠯ ᠢ ᠨᠢ ᠬᠦᠷᠦᠭᠡᠵᠤ ᠪᠤᠯᠬᠤ ᠦᠭᠡᠢ ᠭᠡᠵᠤ ᠵᠢᠭᠠᠵᠤ ᠭᠠᠷᠭᠠᠪᠠ᠃

 

1-3.png

 

1-4.png

 

1-5.png


      ᠪᠠᠶᠠᠷ ᠤᠨ ᠡᠳᠦᠷ ᠤᠨ ᠠᠮᠠᠷᠠᠯᠳᠠ ᠶᠢᠨ ᠬᠤᠭᠤᠴᠠᠭᠠᠨ ᠳᠤ ᠬᠥᠮᠦᠰ ᠤᠨ ᠨᠠᠭᠠᠰᠢ ᠴᠠᠭᠠᠰᠢ ᠶᠠᠪᠤᠬᠤ ᠨᠢ ᠤᠯᠠᠰᠢᠷᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠮ ᠬᠠᠷᠢᠯᠴᠠᠭ᠎ᠠ ᠶᠠᠪᠤᠵᠤ ᠰᠠᠭᠤᠬᠤ ᠶᠢ ᠪᠠᠲᠤᠯᠠᠬᠤ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠱᠢ ᠲᠠᠢ ᠹᠧᠩ ᠬᠥᠬᠡᠬᠤᠲᠠ ᠶᠢᠨ ᠭᠠᠯᠲᠤ ᠲᠡᠷᠭᠡᠨ ᠤ ᠦᠷᠳᠡᠭᠡ᠂ ᠬᠤᠯᠠ ᠵᠠᠮ ᠤᠨ ᠠᠶᠠᠨᠴᠢᠳ ᠤᠨ ᠮᠠᠰᠢᠨ ᠲᠡᠷᠭᠡᠨ ᠤ ᠦᠷᠳᠡᠭᠡ ᠳᠤ ᠬᠦᠷᠴᠦ᠂ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠵᠤ ᠪᠠᠶᠢᠬᠤ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ ᠲᠡᠷᠭᠡᠨ ᠥᠷᠲᠡᠭᠡᠨ ᠤ ᠠᠦ᠋ᠲ᠋ᠣ᠋ ᠰᠢᠯᠭᠠᠨ ᠪᠠᠲᠤᠯᠠᠬᠤ ᠵᠠᠮ ᠰᠤᠪᠠᠭ ᠢᠶᠠᠷ ᠥᠩᠭᠡᠷᠡᠭᠰᠡᠨ ᠤ ᠳᠠᠷᠠᠭ᠎ᠠ᠂ ᠱᠢ ᠲᠠᠢ ᠹᠧᠩ ᠶᠠᠭᠤᠨ ᠤ ᠡᠮᠦᠨ᠎ᠡ ᠪᠢᠯᠧᠲ ᠬᠤᠳᠠᠯᠳᠤᠬᠤ ᠭᠠᠵᠠᠷ ᠲᠤ ᠬᠦᠷᠴᠦ᠂ ᠠᠶᠠᠨᠴᠢᠳ ᠤᠨ ᠪᠢᠯᠧᠲ ᠬᠤᠳᠠᠯᠳᠤᠨ ᠠᠪᠴᠤ ᠪᠠᠶᠢᠬᠤ ᠪᠠ ᠶᠠᠪᠤᠵᠤ ᠰᠠᠭᠤᠵᠤ ᠪᠠᠶᠢᠭ᠎ᠠ ᠪᠠᠶᠢᠳᠠᠯ ᠢ ᠯᠠᠪᠯᠠᠨ ᠠᠰᠠᠭᠤᠵᠤ᠂ ᠲᠡᠷᠭᠡᠨ ᠥᠷᠲᠡᠭᠡᠨ ᠤ ᠠᠵᠢᠯᠲᠠᠳ ᠲᠤ ᠪᠠᠶᠠᠷ ᠤᠨ ᠡᠳᠦᠷ ᠠᠮᠠᠷᠠᠯᠲᠠ ᠶᠢᠨ ᠬᠤᠭᠤᠴᠠᠭᠠᠨ ᠳᠤ ᠰᠦᠯᠵᠢᠶᠡᠨ ᠳᠡᠭᠡᠷ᠎ᠡ ᠤᠷᠢᠳᠴᠢᠯᠠᠨ ᠪᠤᠯᠵᠤᠵᠤ ᠪᠢᠯᠧᠲ ᠬᠤᠳᠠᠯᠳᠤᠵᠤ᠂ ᠬᠥᠮᠦᠨ ᠬᠠᠷ᠎ᠠ ᠬᠡᠳᠦ ᠤᠯᠠᠨ ᠴᠤᠭᠯᠠᠷᠠᠬᠤ ᠠᠴᠠ ᠵᠠᠶᠢᠯᠠᠰᠭᠢᠬᠦ ᠬᠡᠷᠡᠭᠲᠡᠶ ᠭᠡᠵᠦ ᠵᠠᠬᠢᠪᠠ᠃ ᠲᠡᠷᠬᠡᠨ ᠥᠷᠲᠡᠭᠡᠨ ᠳᠤ ᠣᠷᠣᠬᠤ ᠡᠭᠦᠳᠡᠨ ᠳᠤ᠂ ᠱᠢ ᠲᠠᠢ ᠹᠧᠩ ᠠᠶᠠᠨᠴᠢᠳ ᠬᠤᠶᠠᠷ ᠬᠡᠮᠵᠢᠯᠳᠤ ᠺᠤᠳ᠋ ᠢ ᠰᠢᠷᠪᠢᠭᠰᠡᠨ ᠤ ᠳᠠᠷᠠᠭ᠎ᠠ ᠪᠠᠰᠠ ᠬᠥᠮᠦᠨ ᠤ ᠬᠦᠴᠦ ᠪᠠᠷ ᠦᠷ᠎ᠡ ᠳ᠋ᠦᠩ ᠢ ᠰᠢᠯᠭᠠᠨ ᠪᠠᠶᠢᠴᠠᠭᠠᠵᠤ ᠪᠠᠶᠢᠬᠤ ᠶᠢ ᠣᠯᠵᠤ ᠦᠵᠡᠭᠡᠳ ᠲᠡᠷᠡ᠂ ᠪᠢᠯᠧᠲ ᠬᠤᠳᠠᠯᠳᠤᠬᠤ ᠪᠠ ᠪᠢᠯᠧᠲ ᠪᠠᠶᠢᠴᠠᠭᠠᠬᠤ ᠵᠡᠷᠭᠡ ᠦᠶᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠮᠡᠷᠭᠡᠵᠢᠯ ᠤᠨ ᠠᠷᠭ᠎ᠠ ᠪᠠᠷᠢᠯ ᠢ ᠭᠦᠶᠴᠡᠳ ᠬᠡᠷᠡᠭᠯᠡᠨ ᠠᠶᠠᠨᠴᠢᠳ ᠤᠨ ᠥᠷᠲᠡᠭᠡᠨ ᠳᠤ ᠣᠷᠣᠬᠤ ᠦᠶ᠎ᠠ ᠶᠢᠨ ᠪᠠᠶᠢᠴᠠᠭᠠᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠠᠵᠢᠯ ᠤᠨ ᠳᠤᠳᠠᠭᠳᠠᠯ ᠢᠶᠠᠨ ᠦᠨᠡᠨ ᠬᠦ ᠨᠦᠬᠦᠪᠦᠷᠢᠯᠡᠬᠦ ᠬᠡᠷᠡᠭᠲᠡᠶ᠃ ᠥᠷᠲᠡᠭᠡᠨ ᠳᠤ ᠣᠷᠣᠬᠤ ᠦᠶ᠎ᠠ ᠶᠢᠨ ᠪᠡᠶ᠎ᠡ ᠶᠢᠨ ᠬᠠᠯᠠᠭᠤᠨ ᠢ ᠬᠡᠮᠵᠢᠬᠦ᠂ ᠺᠤᠳ᠋ ᠢ ᠪᠠᠶᠢᠴᠠᠭᠠᠬᠤ ᠵᠡᠷᠭᠡ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢ ᠴᠢᠩᠭ᠎ᠠ ᠨᠢᠮᠪᠠᠶ ᠰᠠᠶᠢᠲᠤᠷ ᠬᠢᠵᠦ᠂ ᠠᠶᠠᠨᠴᠢᠳ ᠤᠨ ᠲᠤᠭ᠎ᠠ ᠶᠢ ᠴᠢᠩᠭ᠎ᠠ ᠬᠢᠵᠠᠭᠠᠷᠯᠠᠵᠤ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠬᠡᠷᠡᠭᠲᠡᠶ᠃ ᠠᠮᠠᠪᠴᠢ ᠵᠡᠭᠦᠬᠦ᠂ ᠠᠮᠤᠷ ᠲᠦᠪᠰᠢᠨ ᠵᠠᠢ ᠶᠢ ᠪᠠᠲᠤᠯᠠᠬᠤ ᠵᠡᠷᠭᠡ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠳᠦᠷᠢᠮᠵᠢᠭᠦᠯᠦᠨ ᠰᠠᠨᠠᠭᠤᠯᠬᠤ ᠶᠢ ᠴᠢᠩᠭᠠᠳᠬᠠᠵᠤ᠂ ᠠᠶᠠᠨᠴᠢᠳ ᠤᠨ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢ ᠬᠦᠳᠦᠯᠦᠨ ᠵᠢᠯᠤᠭᠤᠳᠬᠤ ᠬᠡᠷᠡᠭᠲᠡᠢ ᠬᠡᠵᠤ ᠴᠢᠬᠤᠯᠠᠴᠢᠯᠠᠵᠠᠢ᠃ ᠮᠠᠰᠢᠨ ᠲᠡᠷᠭᠡᠨ ᠤ ᠥᠷᠲᠡᠭᠡᠨ ᠤ ᠲᠡᠷᠭᠡᠨ ᠵᠣᠭᠰᠣᠭᠠᠯ ᠳᠤ᠂ ᠱᠢ ᠲᠠᠢ ᠹᠧᠩ ᠵᠢᠯᠣᠭᠤᠴᠢ ᠠᠵᠢᠯᠲᠠᠳ ᠲᠠᠢ ᠶᠠᠷᠢᠯᠴᠠᠵᠤ᠂ ᠮᠠᠰᠢᠨ ᠲᠡᠷᠭᠡ ᠶᠢ ᠠᠷᠢᠭᠤᠳᠬᠠᠬᠤ᠂ ᠮᠡᠳᠡᠭᠡ ᠵᠠᠩᠭᠢ ᠶᠢ ᠳᠠᠩᠰᠠᠯᠠᠭᠤᠯᠵᠤ ᠪᠠᠶᠢᠬᠤ ᠪᠠᠶᠢᠳᠠᠯ ᠢ ᠭᠦᠨᠵᠡᠭᠡᠶ ᠣᠶᠢᠯᠠᠭᠠᠪᠠ᠃ ᠳᠠᠷᠠᠭ᠎ᠠ ᠨᠢ᠂ ᠲᠡᠷᠡ ᠵᠢᠮᠳᠤ ᠲᠡᠮᠦᠷ ᠵᠠᠮ ᠤᠨ 2 ᠨᠤᠮᠧᠷᠳᠤ ᠱᠤᠭᠤᠮ ᠳᠤ ᠰᠠᠭᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠯᠠᠨ ᠲᠦᠮᠡᠨ ᠤ ᠶᠠᠪᠤᠵᠤ ᠰᠠᠭᠤᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠠᠨᠴᠢᠳ ᠤᠨ ᠵᠦᠭᠡᠭᠡᠪᠦᠷᠢ ᠶᠢᠨ ᠲᠠᠯᠠᠪᠤᠷ ᠥᠷᠲᠡᠭᠡ ᠪᠣᠯᠤᠨ ᠵᠠᠮ ᠬᠠᠷᠢᠯᠴᠠᠭᠠᠨ ᠤ ᠪᠠᠭᠠᠵᠢ ᠶᠢ ᠠᠷᠢᠭᠤᠳᠬᠠᠨ ᠰᠠᠯᠬᠢ ᠨᠡᠪᠲᠡᠷᠡᠭᠦᠯᠬᠦ᠂ ᠲᠤᠰᠠᠭᠠᠷᠯᠠᠬᠤ ᠲᠤᠭᠤᠷᠢᠭ ᠭᠠᠷᠭᠠᠬᠤ ᠵᠡᠷᠭᠡ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠶᠠᠨᠴᠢᠳ ᠤᠨ ᠵᠦᠭᠡᠭᠡᠪᠦᠷᠢ ᠶᠢᠨ ᠡᠮᠦᠨ᠎ᠠ ᠹᠷᠣᠨᠲ ᠤᠨ ᠦᠢᠯᠡᠴᠢᠯᠡᠭᠡᠨ ᠤ ᠠᠵᠢᠯᠲᠠᠳ ᠤᠨ ᠡᠳᠦᠷ ᠲᠤᠲᠤᠮ ᠤᠨ ᠡᠷᠡᠭᠦᠯ ᠮᠡᠨᠳᠦ ᠶᠢ ᠬᠢᠨᠠᠨ ᠪᠠᠶᠢᠴᠠᠭᠠᠬᠤ ᠪᠣᠯᠤᠨ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠯᠳᠠ ᠬᠢᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠲᠣᠭᠲᠠᠭᠠᠵᠤ᠂ ᠬᠤᠯᠪᠣᠭᠳᠠᠯ ᠪᠦᠬᠦᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠶᠢ ᠨᠡᠩ ᠠᠮᠤᠷ ᠲᠦᠪᠰᠢᠨ ᠪᠥᠭᠡᠳ ᠲᠠᠭᠠᠯᠠᠮᠵᠢᠲᠠᠶ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃

 

1-6.png


      ᠮᠧᠶ ᠲᠦᠩ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠲᠤ᠂ ᠱᠢ ᠲᠠᠢ ᠹᠧᠩ ᠤᠯᠠᠭᠠᠨ ᠢᠳᠡᠬᠡᠨ ᠤ ᠵᠦᠶᠯ᠂ ᠲᠡᠯᠡᠶ ᠶᠢᠨ ᠢᠳᠡᠭᠡᠨ᠂ ᠢᠳᠡᠰᠢᠨ ᠨᠣᠭᠤᠭ᠎ᠠ ᠶᠢᠨ ᠬᠤᠳᠠᠯᠳᠤᠭ᠎ᠠ ᠶᠢᠨ ᠶᠡᠭᠡ ᠲᠢᠩᠬᠢᠮ ᠳᠤ ᠣᠷᠣᠵᠤ᠂ ᠳᠡᠯᠭᠡᠬᠡ ᠬᠤᠳᠠᠯᠳᠤᠭ᠎ᠠ᠂ ᠯᠠᠩᠭᠦᠶ ᠶᠢᠨ ᠡᠮᠦᠨ᠎ᠡ ᠪᠠᠶᠢᠨ ᠪᠠᠶᠢᠨ ᠵᠣᠭᠰᠣᠵᠤ ᠠᠷᠠᠯᠵᠢᠶᠠᠨ ᠤ ᠲᠤᠬᠠᠢ ᠡᠯᠧᠺᠲᠷᠣᠨ ᠮᠡᠳᠡᠭᠡ ᠵᠠᠩᠭᠢ ᠶᠢ ᠪᠠᠶᠢᠴᠠᠭᠠᠨ ᠦᠵᠡᠵᠦ᠂ ᠬᠡᠷᠡᠭᠯᠡᠭᠴᠢᠳ ᠪᠠ ᠳᠡᠯᠭᠡᠭᠦᠷ ᠤᠨ ᠡᠵᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠢᠳᠡᠭᠡᠨ ᠤ ᠵᠦᠢᠯ ᠤᠨ ᠦᠨ᠎ᠡ ᠬᠠᠩᠰᠢ᠂ ᠪᠠᠷᠠᠭᠠᠨ ᠤ ᠢᠷᠡᠯᠲᠡ᠂ ᠬᠢᠵᠢᠭ ᠢ ᠪᠠᠶᠢᠴᠠᠭᠠᠵᠤ ᠬᠢᠵᠢᠭ ᠢ ᠰᠢᠯᠭᠠᠬᠤ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠠᠢ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠦᠰ᠂ ᠬᠤᠳᠠᠯᠳᠤᠭᠠᠨ ᠤ ᠲᠠᠯᠠᠪᠠᠢ ᠳᠤ ᠢᠷᠡᠬᠦ ᠬᠡᠷᠡᠭᠯᠡᠭᠴᠢᠳ ᠤᠨ ᠬᠠᠮᠢᠶᠠᠷᠤᠯᠲᠠ ᠶᠢ ᠴᠢᠩᠭ᠎ᠠ ᠨᠢᠮᠪᠠᠶ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠲᠦᠭᠰᠢᠬᠦᠷᠢ ᠪᠣᠯᠤᠨ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠪᠠ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠪᠠᠨ ᠴᠢᠩᠭᠠᠳᠬᠠᠵᠤ᠂ ᠢᠳᠡᠭᠡᠨ ᠤ ᠵᠦᠢᠯ ᠡᠵᠡᠩᠨᠡᠭᠴᠢᠳ ᠤᠨ ᠪᠠᠷᠠᠭ᠎ᠠ ᠣᠷᠣᠭᠤᠯᠬᠤ ᠳᠠᠭᠠᠨ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠬᠤᠳᠠᠯᠳᠤᠨ ᠠᠪᠤᠭᠰᠠᠨ᠂ ᠪᠣᠷᠣᠯᠠᠭᠤᠯᠤᠭᠰᠠᠨ ᠢᠳᠡᠭᠡᠨ ᠤ ᠵᠦᠢᠯ ᠤᠨ ᠢᠷᠡᠯᠲᠡ ᠶᠢ ᠪᠠᠶᠢᠴᠠᠭᠠᠵᠤ ᠪᠣᠯᠬᠤ᠂ ᠬᠠᠮᠢᠭᠠᠰᠢ ᠶᠠᠪᠤᠭᠰᠠᠨ ᠢ ᠮᠦᠷᠳᠡᠵᠤ ᠪᠣᠯᠬᠤ ᠶᠢ ᠪᠠᠲᠤᠯᠠᠬᠤ ᠬᠡᠷᠡᠭᠲᠡᠶ᠃ ᠠᠮᠤ ᠪᠤᠳᠠᠭ᠎ᠠ ᠲᠤᠰᠤ ᠮᠢᠬ᠎ᠠ ᠥᠨᠳᠡᠭᠡ ᠰᠦ ᠵᠢᠮᠢᠰ ᠨᠣᠭᠤᠭ᠎ᠠ ᠵᠡᠷᠭᠡ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠡᠯᠪᠡᠭᠵᠢᠬᠦᠯᠵᠤ᠂ ᠠᠷᠠᠳ ᠤᠯᠠᠨ ᠤ ᠬᠡᠷᠡᠭᠯᠡᠬᠡᠨ ᠤ ᠬᠡᠷᠡᠭᠴᠡᠭᠡ ᠶᠢ ᠦᠨᠡᠨ ᠬᠦ ᠬᠠᠩᠭᠠᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠂ ᠪᠠᠶᠠᠷ ᠤᠨ ᠡᠳᠦᠷ ᠤᠨ ᠭᠤᠦᠯᠳᠠᠯᠭ᠎ᠠ ᠲᠠᠢ ᠬᠡᠷᠡᠭᠯᠡᠭᠡᠨ ᠤ ᠵᠦᠶᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ ᠠᠵᠢᠯᠯᠠᠭ᠎ᠠ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ