2021 ᠤᠨ ᠤ 12 ᠰᠠᠷ᠎ᠠ ᠶᠢᠨ 31 ᠤ ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠰᠤᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠪᠦᠬᠦ ᠣᠷᠣᠨ ᠤ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠦᠷ᠎ᠠ ᠪᠦᠲᠦᠮᠵᠢ ᠶᠢ ᠨᠡᠶᠢᠲᠡᠯᠡᠪᠠ᠃ | ᠤᠶᠢᠯᠠᠭᠠᠭᠰᠠᠨ ᠢᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠣᠷᠣᠨ ᠤᠰᠤᠨ ᠤ ᠡᠬᠢ ᠪᠠᠶᠠᠯᠢᠭ ᠤᠨ ᠬᠠᠮᠤᠭ ᠤᠨ | ᠴᠢᠩᠭ᠎ᠠ ᠬᠠᠮᠢᠶᠠᠷᠤᠯᠲᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠤᠨ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ | ᠪᠤᠯᠤᠨ ᠦᠷ᠎ᠡ ᠪᠦᠲᠦᠮᠵᠢ ᠶᠢ ᠡᠵᠡᠮᠳᠡᠬᠦ ᠲᠠᠯ᠎ᠠ ᠪᠠᠷ ᠴᠢᠩᠭ᠎ᠠ ᠪᠣᠳᠠᠲᠠᠶ ᠠᠷᠭ᠎ᠠ ᠬᠡᠮᠵᠢᠶ᠎ᠠ ᠠᠪᠴᠤ᠂ ᠬᠢᠨᠠᠨ ᠰᠢᠯᠭᠠᠬᠤ ᠲᠣᠭᠲᠠᠴᠠ ᠶᠢᠨ ᠰᠢᠨ᠎ᠡ ᠶᠢ ᠡᠭᠦᠳᠤᠨ ᠢᠳᠡᠪᠬᠢ | ᠦᠷ᠎ᠡ ᠪᠦᠲᠦᠮᠵᠢ ᠤᠯᠵᠡᠢ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠣᠷᠣᠨ ᠤ ᠵᠢᠯ ᠳᠤᠮᠳᠠᠴᠢ ᠶᠢᠨ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ | 191.13 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠪᠠᠶᠢᠵᠤ᠂ ᠤᠯᠤᠰ ᠠᠴᠠ ᠪᠠᠭᠤᠯᠭᠠᠭᠰᠠᠨ ᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ | ᠬᠠᠷᠠᠯᠲᠠ ᠶᠢ ᠪᠡᠶᠡᠯᠡᠭᠦᠯᠪᠡ︔ ᠪᠥᠬᠦ ᠣᠷᠣᠨ ᠤ ᠤᠰᠤ ᠬᠡᠷᠡᠭᠯᠡᠬᠦ ᠦᠷ᠎ᠡ ᠪᠦᠲᠦᠮᠵᠢ ᠢᠯᠡᠳᠲᠡ ᠳᠡᠭᠡᠭᠰᠢᠯᠡᠵᠤ᠂ ᠲᠤᠮᠳᠠᠴᠢ ᠪᠠᠷ ᠲᠦᠮᠡᠨ ᠲᠥᠭᠦᠷᠢᠭ ᠤᠨ ᠤᠯᠤᠰ ᠤᠨ | ᠳᠣᠲᠣᠭᠠᠳᠤ ᠶᠢᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠪᠤᠯᠤᠨ ᠲᠦᠮᠡᠨ ᠲᠥᠭᠦᠷᠢᠭ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ ᠪᠡᠶᠡᠯᠡᠬᠦᠯᠬᠦ ᠳᠤ | ᠬᠡᠷᠡᠭᠯᠡᠭᠰᠡᠨ ᠤᠰᠤᠨ ᠤ ᠬᠡᠮᠵᠢᠶ᠎ᠡ ᠲᠣᠰ ᠲᠣᠰ 2015 ᠣᠨ ᠤ ᠬᠢ ᠠᠴᠠ 25% ᠪᠠ 43.55% ᠪᠠᠷ ᠪᠠᠭᠤᠷᠠᠵᠤ᠂ ᠲᠠᠷᠢᠶᠠᠨ ᠭᠠᠵᠠᠷ ᠤᠨ ᠤᠰᠤᠯᠠᠯᠲᠠ ᠳᠠᠬᠢ | ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠭᠡᠮᠵᠢ 0.564 ᠳᠤ ᠬᠦᠷᠴᠤ᠂ 2015 ᠣᠨ ᠤ ᠬᠢ ᠠᠴᠠ 8% ᠪᠠᠷ ᠳᠡᠭᠡᠭᠰᠢᠯᠡᠪᠠ︔ ᠮᠠᠨ ᠤ ᠣᠷᠣᠨ ᠤ | ᠤᠯᠤᠰ ᠤᠨ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠳᠠᠮᠵᠢ ᠶᠢᠨ ᠣᠷᠣᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ | 71.8% ᠳᠤ ᠬᠦᠷᠴᠤ᠂ 2015 ᠣᠨ ᠤ ᠬᠢ ᠠᠴᠠ 17% ᠪᠠᠷ ᠳᠡᠭᠡᠭᠰᠢᠯᠡᠪᠡ︔ ᠬᠥᠯᠥᠨ ᠨᠠᠭᠤᠷ᠂ ᠲᠠᠭ᠎ᠠ ᠶᠢᠨ ᠨᠠᠭᠤᠷ ᠪᠠ ᠤᠯᠠᠭᠠᠨᠰᠤᠬᠠᠢ ᠵᠡᠷᠭᠡ | ᠭᠤᠤᠯᠳᠠᠯᠭ᠎ᠠ ᠲᠠᠢ ᠨᠠᠭᠤᠷ ᠤᠨ ᠤᠰᠤᠨ ᠭᠠᠳᠠᠷᠭᠤ ᠶᠢᠨ ᠲᠠᠯᠠᠪᠠᠢ ᠵᠦᠶ ᠵᠣᠬᠢᠰᠲᠠᠶ ᠬᠡᠮᠵᠢᠶᠠᠨ ᠳᠤ ᠪᠠᠶᠢᠵᠤ᠂ ᠡᠷᠬᠢᠨ ᠲᠣᠭᠤᠷᠢᠨ ᠤ ᠭᠠᠵᠠᠷ ᠳᠤᠤᠷᠠᠬᠢ ᠤᠰᠤᠨ | ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠵᠤ᠂ ᠤᠯᠠᠭᠠᠨᠰᠤᠬᠠᠢ ᠶᠢᠨ ᠤᠰᠤᠨ ᠤ ᠴᠢᠨᠠᠷ ᠪᠦᠬᠦᠯᠢ ᠴᠣᠭᠴᠠ ᠳᠠᠭᠠᠨ V ᠲᠥᠷᠥᠯ᠂ ᠬᠡᠰᠡᠭ ᠭᠠᠵᠠᠷ ᠲᠠᠭᠠᠨ IV | ᠲᠥᠷᠥᠯ ᠤᠨ ᠪᠠᠷᠢᠮᠵᠢᠶ᠎ᠠ ᠳᠤ ᠬᠦᠷᠴᠤ᠂ ᠤᠰᠤᠨ ᠣᠷᠣᠨ ᠤ ᠲᠠᠯᠠᠪᠠᠶ ᠴᠥᠮ 40 ᠲᠡᠭᠰᠢ ᠳᠥᠷᠪᠡᠯᠵᠢᠨ ᠺᠢᠯᠣᠮᠧᠲᠷ ᠢ ᠲᠠᠪᠠᠨ᠂ ᠤᠰᠤᠨ ᠤ ᠤᠷᠭᠤᠮᠠᠯ ᠪᠠ ᠬᠤᠪᠣᠷ | ᠴᠤᠬᠠᠭ ᠰᠢᠪᠠᠭᠤᠨ ᠤ ᠲᠥᠷᠥᠯ ᠤᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠪᠦᠲᠦᠮᠵᠢᠲᠡᠶ ᠰᠠᠶᠢᠵᠢᠷᠠᠭᠰᠠᠨ ᠪᠠᠶᠢᠨ᠎ᠠ᠃ ᠡᠭᠦᠨ ᠤ ᠬᠠᠮᠲᠤ᠂ ᠬᠥᠪᠴᠢ ᠶᠢᠨ | ᠡᠯᠡᠰᠦ᠂ ᠤᠯᠠᠭᠠᠨᠪᠤᠬ᠎ᠠ ᠶᠢᠨ ᠡᠯᠡᠰᠦ ᠶᠢᠨ ᠥᠷᠭᠡᠵᠢᠯ ᠪᠠ ᠳᠠᠭᠠᠷᠢᠯᠲᠠ ᠶᠢ ᠪᠦᠲᠦᠮᠵᠢᠲᠡᠶ ᠬᠤᠷᠢᠭᠯᠠᠵᠤ᠂ ᠡᠯᠡᠰᠦ ᠰᠢᠪᠠᠷ ᠤᠨ ᠬᠠᠲᠤᠨ ᠭᠤᠤᠯ ᠳᠤ ᠤᠷᠤᠰᠤᠨ | ᠣᠷᠣᠬᠤ ᠶᠢ ᠪᠦᠳᠦᠮᠵᠢᠳᠠᠢ ᠪᠠᠭᠠᠰᠬᠠᠵᠠᠢ᠃ |