12 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠭᠠᠳᠠᠨᠠᠬᠢ | ᠬᠥᠮᠦᠰ ᠠᠴᠠ 2022 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠢ ᠰᠠᠨᠠᠯ ᠰᠠᠨᠠᠭᠤᠯᠭ᠎ᠠ ᠬᠤᠷᠢᠶᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠠᠷᠢᠯᠴᠠᠬᠤ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠶᠠᠷᠢᠯᠴᠠᠬᠤ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ᠂ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠯᠢ ᠷᠦᠩ ᠰᠢ᠂ | ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠳ᠋ᠦᠩ ᠾᠧᠩ ᠢᠤᠢ᠂ | ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠵᠧᠩ ᠹᠦ᠋ ᠲᠢᠶᠠᠨ ᠪᠣᠯᠤᠨ | ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ | ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ᠂ ᠵᠠᠰᠠᠭ ᠤᠨ ᠣᠷᠳᠣᠨ ᠤ ᠵᠥᠪᠳᠡᠭᠴᠢ᠂ ᠰᠣᠶᠣᠯ ᠲᠡᠦᠬᠡ ᠶᠢᠨ ᠣᠷᠳᠣᠨ ᠤ ᠠᠵᠢᠯᠲᠠᠳ ᠤᠨ | ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠠᠳᠠᠯᠢ ᠪᠤᠰᠤ ᠬᠠᠷᠠᠭᠠᠰᠤ ᠠᠴᠠ ᠰᠠᠨᠠᠯ ᠰᠠᠨᠠᠭᠤᠯᠭ᠎ᠠ ᠳᠤᠷᠠᠳᠪᠠ᠃ | ᠸᠠᠩ ᠯᠢ ᠰᠢᠶᠠ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠵᠤᠷᠪᠤᠰ ᠳᠠᠷᠠᠭᠠᠯᠠᠨ ᠲᠡᠮᠳᠡᠭᠯᠡᠵᠦ᠂ ᠤᠯᠠᠨ ᠤ ᠤᠷᠳᠤ ᠬᠤᠭᠤᠴᠠᠭᠠᠨ ᠤ ᠲᠤᠷᠰᠢ ᠵᠠᠰᠠᠭ ᠤᠨ | ᠣᠷᠳᠣᠨ ᠤ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠸᠠᠩ ᠯᠢ ᠰᠢᠶᠠ᠂ ᠴᠢᠨᠠᠷ ᠰᠠᠶᠢᠲᠠᠢ᠂ ᠥᠨᠳᠥᠷ ᠲᠦᠪᠰᠢᠨ ᠲᠠᠢ | ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠪᠦᠷᠢᠯᠳᠦᠭᠦᠯᠬᠦ ᠨᠢ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ | ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠨᠡᠩ ᠰᠠᠶᠢᠲᠤᠷ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠡᠩ ᠰᠠᠶᠢᠲᠤᠷ ᠨᠠᠶᠢᠳᠠᠪᠤᠷᠢᠵᠢᠭᠤᠯᠵᠤ᠂ 2022 ᠤᠨ | ᠴᠢᠨᠠᠭᠰᠢᠯᠠᠪᠠᠯ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠲᠥᠯᠥᠪᠵᠢᠭᠦᠯᠬᠦ ᠳᠤ ᠲᠤᠶᠢᠯ ᠤᠨ ᠴᠢᠬᠤᠯᠠ | ᠶᠤᠮ᠃ ᠨᠠᠮ ᠤᠨ ᠭᠠᠳᠠᠨᠠᠬᠢ ᠬᠥᠮᠦᠰ ᠥᠪᠡᠷᠲᠡᠭᠡᠨ ᠵᠠᠰᠠᠬᠤ ᠣᠷᠣᠨ ᠤ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ | ᠪᠣᠯᠤᠭᠰᠠᠨ ᠤ ᠬᠤᠪᠢ ᠳᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠮᠠᠰᠢ ᠣᠯᠠᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠠᠶ᠂ ᠢᠯᠡᠳᠭᠡᠯ ᠢ | ᠲᠤᠭᠤᠷᠪᠢᠬᠤ ᠳᠤᠭᠤᠶᠢᠯᠠᠩ ᠵᠤᠷᠪᠤᠰ ᠨᠢᠬᠡᠪᠦᠷᠢ ᠵᠦᠢᠯ ᠨᠢᠬᠡᠪᠦᠷᠢ ᠶᠢ ᠨᠢ ᠡᠮᠬᠢᠯᠡᠨ ᠰᠤᠳᠤᠯᠵᠤ᠂ ᠭᠦᠶᠴᠡᠳ ᠰᠢᠩᠭᠡᠭᠡᠨ ᠠᠪᠴᠤ᠂ ᠢᠯᠡᠳᠭᠡᠯ ᠳᠤ ᠵᠠᠰᠠᠪᠤᠷᠢ | ᠣᠷᠣᠭᠤᠯᠵᠤ ᠤᠯᠠᠮ ᠲᠡᠭᠦᠯᠳᠡᠷᠵᠢᠭᠦᠯᠬᠦ ᠬᠡᠷᠡᠭᠲᠡᠶ ᠭᠡᠵᠡᠢ᠃ | ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠯ᠎ᠡ ᠲᠠᠯ᠎ᠠ ᠶᠢᠨ ᠬᠢᠨ ᠤ ᠲᠠᠭᠤᠨ ᠢ ᠰᠣᠨᠣᠰᠬᠤ ᠠᠷᠭ᠎ᠠ ᠵᠠᠮ ᠢ ᠦᠷᠭᠦᠯᠵᠢᠯᠡᠨ | ᠰᠠᠭᠠᠳ ᠥᠬᠡᠶ ᠨᠡᠪᠲᠡᠷᠡᠭᠦᠯᠵᠦ᠂ ᠦᠷᠭᠦᠯᠵᠢᠯᠡᠨ ᠨᠥᠬᠦᠴᠡᠯ ᠪᠦᠷᠢᠯᠳᠦᠭᠦᠯᠵᠦ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠲᠠᠪᠴᠠᠩ ᠢ | ᠪᠠᠶᠢᠭᠤᠯᠵᠤ᠂ ᠠᠵᠢᠯ ᠤᠨ ᠬᠠᠷᠢᠯᠴᠠᠬᠤ ᠲᠣᠭᠲᠠᠴᠠ᠂ ᠵᠥᠪᠳᠡᠯᠴᠡᠨ ᠬᠠᠷᠢᠭᠤ ᠲᠤᠰᠬᠠᠬᠤ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠣᠯᠠᠨ ᠲᠠᠢ | ᠬᠠᠮᠲᠤᠷᠠᠨ ᠠᠵᠢᠯᠯᠠᠬᠤ ᠶᠢ ᠦᠷᠭᠦᠯᠵᠢᠯᠡᠨ ᠴᠢᠩᠭᠠᠳᠬᠠᠨ᠎ᠠ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ | ᠪᠦᠯᠦᠭ ᠤᠨ ᠪᠤᠰᠤ ᠬᠥᠮᠦᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠲᠤᠰᠬᠠᠶ | ᠮᠡᠷᠭᠡᠵᠢᠯ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠤᠬᠠᠭᠠᠨᠳᠠᠨ ᠤ ᠪᠦᠯᠬᠦᠮ ᠤᠨ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ᠂ ᠰᠣᠳᠣ ᠮᠡᠷᠭᠡᠨ ᠰᠠᠨᠠᠯ | ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠪᠣᠳᠠᠲᠠᠶ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠶᠢ | ᠢᠯᠡᠭᠦᠬᠡᠨ ᠰᠦᠪᠡᠭᠴᠢᠯᠡᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠵᠠᠰᠠᠭ ᠤᠨ ᠣᠷᠳᠣᠨ ᠤ ᠠᠵᠢᠯ ᠢ ᠳᠡᠮᠵᠢᠵᠦ᠂ ᠶᠡᠷᠦᠩᠬᠡᠶ ᠱᠦᠵᠢ ᠰᠢ ᠶᠢᠨ ᠫᠢᠩ ᠤᠨ ᠵᠠᠬᠢᠭᠰᠠᠨ | ᠶᠠᠪᠤᠳᠠᠯ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠭᠰᠠᠨ ᠶᠠᠪᠤᠳᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠶᠠᠪᠤᠳᠠᠯ᠂ | ᠣᠯᠠᠨ ᠲᠦᠮᠡᠨ ᠤ ᠬᠦᠰᠡᠨ ᠪᠠᠷᠠᠯᠠᠵᠤ ᠪᠠᠶᠢᠭ᠎ᠠ ᠶᠠᠪᠤᠳᠠᠯ ᠢ ᠰᠠᠶᠢᠲᠤᠷ ᠪᠤᠲᠠᠲᠠᠢ ᠬᠢᠵᠦ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ | ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃ | | | |