1 ᠳ᠋ᠦ᠋ᠭᠡᠷ ᠰᠠᠷ᠎ᠠ ᠶᠢᠨ 3 ᠤ ᠣᠷᠣᠶ᠂ WCBA ᠶᠢᠨ ᠶᠡᠷᠦᠩᠬᠡᠶ ᠮᠠᠩᠯᠠᠶ ᠶᠢᠨ ᠴᠤᠯᠠ ᠬᠠᠮᠠᠭᠠᠯᠠᠭᠰᠠᠨ ᠥᠪᠥᠷ ᠮᠣᠩᠭᠤᠯ ᠤᠨ ᠬᠥᠳᠡᠭᠡ ᠲᠣᠰᠬᠤᠨ ᠤ | ᠢᠲᠡᠭᠡᠮᠵᠢ ᠶᠢᠨ ᠬᠤᠷᠰᠢᠶ᠎ᠠ ᠶᠢᠨ ᠡᠮᠡᠭᠲᠡᠶ ᠶᠢᠨ ᠰᠠᠭᠰᠤᠨ ᠪᠥᠮᠪᠦᠭᠡ ᠶᠢᠨ ᠠᠩᠭᠢ ᠶᠢᠨ ᠪᠥᠬᠦ ᠲᠠᠮᠢᠷᠴᠢᠳ ᠨᠢᠰᠬᠡᠯ ᠢᠶᠠᠷ ᠬᠥᠬᠡᠬᠤᠲᠠ ᠳᠤ ᠪᠤᠴᠠᠵᠤ ᠢᠷᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠡᠶ᠎ᠡ ᠪᠠᠷ ᠢᠶᠠᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠳᠤ ᠬᠦᠷᠴᠦ ᠨᠢᠰᠬᠡᠯ | ᠳᠤᠰᠤᠭᠰᠠᠨ ᠪᠥᠭᠡᠳ ᠤᠭᠲᠤᠬᠤ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃ | ᠪᠦᠦ ᠰᠢᠶᠠᠨ ᠬᠤᠸᠠ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠡᠮᠡᠭᠲᠡᠶ ᠶᠢᠨ ᠰᠠᠭᠰᠤᠨ ᠪᠥᠮᠪᠦᠭᠡ ᠶᠢᠨ ᠠᠩᠭᠢ ᠶᠢᠨ ᠪᠦᠬᠦ ᠲᠠᠮᠢᠷᠴᠢᠳ ᠲᠤ | ᠬᠠᠯᠠᠭᠤᠨ ᠪᠠᠶᠠᠷ ᠬᠦᠷᠭᠡᠵᠦ᠂ ᠲᠡᠳᠡᠨ ᠤ ᠢᠷᠠᠭᠤ ᠠᠯᠳᠠᠷᠲᠠᠢ ᠪᠠᠷ ᠪᠤᠴᠠᠵᠤ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ | ᠭᠠᠷᠭᠠᠭᠰᠠᠨ ᠨᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠡᠮᠡᠭᠲᠡᠶ ᠶᠢᠨ ᠰᠠᠭᠰᠤᠨ ᠪᠥᠮᠪᠦᠭᠡ ᠶᠢᠨ ᠠᠩᠭᠢ WCBA ᠶᠢᠨ ᠶᠡᠷᠦᠩᠬᠡᠶ ᠮᠠᠩᠯᠠᠶ ᠶᠢᠨ | ᠴᠤᠯᠠ ᠬᠠᠮᠠᠭᠠᠯᠠᠭᠰᠠᠨ ᠨᠢ ᠮᠠᠨ ᠤ ᠣᠷᠣᠨ ᠤ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠬᠥᠭᠵᠢᠯᠲᠡ ᠶᠢᠨ ᠨᠢᠭᠡᠨ ᠴᠢᠬᠤᠯᠠ ᠦᠷ᠎ᠡ ᠪᠦᠲᠦᠭᠡᠯ ᠮᠥᠨ᠂ ᠮᠠᠨ ᠤ | ᠣᠷᠣᠨ ᠤ ᠪᠡᠶ᠎ᠡ ᠶᠢᠨ ᠲᠠᠮᠢᠷ ᠤᠨ ᠦᠢᠯᠡᠰ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠬᠤ ᠨᠢ ᠯᠠᠪᠲᠠᠶ ᠶᠤᠮ᠃ ᠪᠦᠬᠦ | ᠡᠮᠡᠭᠲᠡᠢ ᠶᠢᠨ ᠰᠠᠭᠰᠤᠨ ᠪᠥᠮᠪᠦᠭᠡ ᠶᠢᠨ ᠲᠠᠮᠢᠷᠴᠢᠳ ᠬᠦᠴᠦ ᠪᠠᠨ ᠬᠠᠮᠲᠤᠳᠬᠠᠨ᠂ ᠡᠷᠡᠯᠬᠡᠭᠯᠡᠨ ᠲᠡᠮᠡᠴᠡᠵᠦ᠂ ᠰᠢᠯᠢᠳᠡᠭ ᠠᠮᠵᠢᠯᠲᠠ ᠶᠢ ᠦᠷᠭᠦᠯᠵᠢᠯᠡᠨ ᠡᠭᠦᠳᠴᠦ᠂ | ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠷᠠᠳ ᠲᠦᠮᠡᠨ ᠤ ᠦᠯᠢᠭᠡᠷ ᠳᠠᠭᠤᠷᠢᠶᠠᠯ ᠪᠤᠯᠵᠤ᠂ ᠪᠦᠬᠦ ᠣᠷᠣᠨ ᠤ ᠠᠷᠠᠳ ᠲᠦᠮᠡᠨ ᠤ ᠢᠲᠡᠭᠡᠯ ᠵᠣᠷᠢᠭ ᠪᠣᠯᠤᠨ | ᠴᠤᠭ ᠰᠦᠯᠳᠡ ᠶᠢ ᠤᠯᠠᠮ ᠴᠢᠨᠠᠭᠰᠢᠳᠠ ᠬᠥᠭᠵᠢᠭᠡᠵᠦ᠂ ᠥᠷᠭᠡᠨ ᠤᠯᠠᠨ ᠲᠦᠮᠡᠨ ᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠶᠢᠨ | ᠲᠥᠯᠥᠭᠡ ᠴᠥᠬᠦᠷᠡᠰᠢ ᠦᠭᠡᠢ ᠲᠡᠮᠡᠴᠡᠬᠦ ᠶᠢ ᠵᠣᠷᠢᠭᠵᠢᠭᠤᠯᠬᠤ ᠨᠢ ᠯᠠᠪᠲᠠᠢ ᠶᠤᠮ᠃ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ | ᠡᠮᠡᠭᠲᠡᠢ ᠶᠢᠨ ᠰᠠᠭᠰᠤᠨ ᠪᠥᠮᠪᠦᠭᠡ ᠶᠢᠨ ᠠᠩᠬᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ ᠶᠡᠭᠡ ᠥᠷᠢᠰᠥᠯᠳᠦᠭᠡᠨ ᠢ ᠤᠭᠲᠤᠵᠤ᠂ ᠨᠡᠩ ᠠᠯᠤᠰ ᠬᠡᠳᠦ ᠶᠢᠨ | ᠢᠷᠡᠭᠡᠳᠦᠢ ᠲᠡᠶᠢᠰᠢ ᠤᠷᠤᠭᠰᠢᠯᠠᠬᠤ ᠶᠢ ᠬᠦᠰᠡᠵᠦ ᠪᠠᠶᠢᠨ᠎ᠠ ᠭᠡᠵᠡᠢ᠃ | ᠲᠤᠬᠠᠢ ᠶᠢᠨ ᠲᠠᠯᠠᠪᠠᠢ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ | ᠢᠲᠡᠭᠡᠮᠵᠢ ᠶᠢᠨ ᠬᠤᠷᠰᠢᠶ᠎ᠠ ᠶᠢᠨ ᠬᠠᠮᠲᠤᠷᠠᠭᠰᠠᠨ ᠬᠤᠷᠰᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠵᠠᠭᠤ ᠰᠢᠬᠠᠮ ᠪᠥᠮᠪᠥᠭᠡᠨ ᠬᠤᠷᠤᠬᠠᠢᠢᠳᠠᠨ | ᠮᠠᠩᠯᠠᠶᠢᠴᠤᠳ ᠢᠶᠠᠨ ᠬᠠᠯᠠᠭᠤᠨ ᠢᠶᠠᠷ ᠤᠭᠲᠤᠪᠠ᠃ | ᠣᠶᠢᠯᠠᠭᠠᠭᠰᠠᠨ ᠢᠶᠠᠷ᠂ ᠲᠣᠰ ᠤᠷᠤᠯᠳᠤᠭᠠᠨ ᠤ ᠤᠯᠠᠷᠢᠯ ᠳᠤ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠡᠮᠡᠭᠲᠡᠶ ᠶᠢᠨ | ᠰᠠᠭᠰᠤᠨ ᠪᠥᠮᠪᠦᠭᠡ ᠶᠢᠨ ᠠᠩᠭᠢ ᠵᠣᠷᠰᠢᠯᠲᠤ ᠤᠷᠤᠯᠳᠤᠭᠠᠨ ᠳᠤ 16 ᠢᠯᠠᠵᠤ 1 ᠢᠯᠠᠭᠳᠠᠵᠤ᠂ ᠨᠡᠶᠢᠲᠡ ᠬᠤᠪᠢ ᠶᠢᠨ ᠵᠢᠭᠰᠠᠭᠠᠯᠲᠠ ᠶᠢᠨ ᠬᠤᠶᠠᠳᠤᠭᠠᠷ ᠪᠠᠶᠢᠷᠢ ᠶᠢᠨ | ᠬᠢᠷᠢ ᠪᠦᠲᠦᠮᠵᠢ ᠪᠠᠷ ᠰᠢᠪᠲᠦᠷᠠᠭᠠ ᠤᠷᠤᠯᠳᠤᠭᠠᠨ ᠳᠤ ᠣᠷᠣᠪᠠ᠃ ᠰᠢᠪᠲᠦᠷᠠᠭᠠ ᠤᠷᠤᠯᠳᠤᠭᠠᠨ ᠳᠤ ᠤᠷᠢᠳ ᠬᠤᠵᠢᠳ ᠱᠠᠨ ᠰᠢ ᠶᠢᠨ ᠡᠮᠡᠭᠲᠡᠶ ᠶᠢᠨ ᠰᠠᠭᠰᠤᠨ | ᠪᠥᠮᠪᠦᠭᠡ ᠶᠢᠨ ᠠᠩᠭᠢ ᠪᠠ ᠱᠠᠩᠬᠠᠶ ᠶᠢᠨ ᠡᠮᠡᠭᠲᠡᠶ ᠶᠢᠨ ᠰᠠᠭᠰᠤᠨ ᠪᠥᠮᠪᠦᠭᠡ ᠶᠢᠨ ᠠᠩᠭᠢ ᠶᠢ ᠢᠯᠠᠵᠤ᠂ ᠡᠴᠦᠰ ᠲᠤ ᠪᠠᠨ ᠶᠡᠷᠦᠩᠬᠡᠶ ᠰᠢᠢᠳᠪᠦᠷᠢᠲᠦ ᠤᠷᠤᠯᠳᠤᠭᠠᠨ ᠳᠤ | ᠣᠷᠤᠵᠤ ᠶᠡᠷᠦᠩᠬᠡᠶ ᠮᠠᠩᠯᠠᠢ ᠴᠤᠯᠠ ᠬᠠᠮᠠᠭᠠᠯᠠᠵᠠᠢ᠃ |