ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠥᠯᠥᠪᠵᠢᠭᠦᠯᠭᠡ︾ ᠳᠤ ᠲᠠᠶᠢᠯᠤᠮᠵᠢ ᠬᠢᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ︾ | ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠲᠣᠭᠲᠠᠭᠠᠭᠰᠠᠨ ᠶᠠᠪᠤᠴᠠ᠂ ᠭᠤᠤᠯ ᠠᠭᠤᠯᠭ᠎ᠠ ᠪᠠ ᠬᠠᠮᠢᠶ᠎ᠠ ᠪᠥᠬᠦᠶ ᠪᠠᠶᠢᠳᠠᠯ ᠢ ᠵᠠᠷᠯᠠᠨ | ᠮᠡᠳᠡᠭᠳᠡᠪᠡ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ︾ ᠶᠢ ᠥᠪᠡᠷᠲᠡᠭᠡᠨ ᠵᠠᠰᠠᠬᠤ ᠣᠷᠣᠨ ᠤ ︽N︾ | ᠲᠥᠷᠥᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠤᠰᠬᠠᠶ ᠲᠥᠯᠥᠪᠵᠢᠭᠦᠯᠭᠡ ᠳᠤ ᠵᠢᠭᠰᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ᠳᠠᠷᠤᠮᠠᠯᠯᠠᠨ ᠲᠠᠷᠬᠠᠭᠠᠪᠠ᠃ ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ 2020 ᠣᠨ ᠤ 7 ᠳ᠋ᠤᠭᠠᠷ ᠰᠠᠷ᠎ᠠ ᠠᠴᠠ ᠡᠬᠢᠯᠡᠵᠦ᠂ | ᠮᠠᠨ ᠤ ᠣᠷᠣᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠠᠮᠵᠢᠯᠲᠠ ᠶᠢ ᠪᠦᠬᠦ ᠲᠠᠯ᠎ᠠ ᠪᠠᠷ ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ᠂ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠢᠳ ᠬᠤᠵᠢᠳ 12 ᠠᠶᠢᠮᠠᠭ ᠬᠤᠲᠠ ᠳᠤ ᠬᠦᠷᠴᠦ 2 | ᠡᠭᠡᠯᠵᠢ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠲᠤᠭᠤᠷᠪᠢᠨ ᠪᠢᠴᠢᠬᠦ ᠶᠠᠪᠤᠴᠠ ᠳᠤ 30 ᠭᠠᠷᠤᠶ ᠵᠥᠪᠯᠡᠯ ᠠᠯᠪᠠᠨ ᠬᠡᠷ ᠲᠢᠩᠬᠢᠮ | ᠲᠣᠪᠴᠢᠶ᠎ᠠ ᠪᠣᠯᠤᠨ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠵᠢᠴᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ | ᠵᠡᠷᠭᠡ ᠠᠴᠠ ᠥᠷᠭᠡᠨ ᠢᠶᠠᠷ ᠰᠠᠨᠠᠯ ᠬᠤᠷᠢᠶᠠᠵᠤ᠂ ᠨᠢᠮᠪᠠᠶ ᠰᠦᠪᠡᠭᠴᠢᠯᠡᠬᠦ ᠪᠠ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠪᠠᠷ ᠳᠡᠮᠵᠢᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠪᠢᠴᠢᠪᠡ᠃ | ︽ᠲᠥᠯᠥᠪᠵᠢᠭᠦᠯᠭᠡ︾ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠶᠡᠷᠦᠩᠬᠡᠶ ᠬᠠᠷᠠᠯᠲᠠ ᠶᠢ ᠲᠣᠳᠣᠷᠬᠠᠶᠢᠯᠠᠪᠠ᠂ ᠲᠤᠬᠠᠶᠢᠯᠠᠪᠠᠯ ︽ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ᠠᠷᠠᠳ ᠤᠨ | ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠭᠤᠣᠯᠳᠠᠯᠭ᠎ᠠ ᠪᠠᠨ ᠲᠥᠪᠯᠡᠷᠡᠭᠦᠯᠵᠦ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ︾ ᠶᠢᠨ | ᠲᠣᠭᠤᠷᠢᠨ ᠳᠤ᠂ 2025 ᠣᠨ ᠪᠣᠯᠬᠤ ᠳᠤ᠂ ᠨᠢᠭᠡᠳᠦᠯᠲᠡᠢ ᠪᠥᠭᠡᠳ ᠨᠡᠭᠡᠭᠡᠯᠲᠡᠲᠡᠢ᠂ ᠥᠷᠢᠰᠥᠯᠳᠦᠭᠡᠨ ᠲᠠᠢ ᠪᠥᠭᠡᠳ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠢ | ᠪᠥᠭᠡᠳ ᠬᠠᠤᠯᠢ ᠶᠢ ᠰᠠᠬᠢᠬᠤ᠂ ᠬᠢᠨᠠᠯᠲᠠ ᠬᠠᠮᠢᠶᠠᠷᠤᠯᠲᠠ ᠬᠦᠴᠦᠲᠡᠢ ᠤᠳᠤ ᠦᠶ᠎ᠡ ᠶᠢᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ᠂ | ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠦᠷᠢᠯᠳᠦᠭᠦᠯᠵᠦ᠂ ᠨᠠᠮ ᠤᠨ ᠬᠤᠷᠢᠶ᠎ᠠ ᠪᠠᠷ | ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠴᠢᠯᠠᠨ ᠵᠢᠯᠤᠭᠤᠳᠤᠭᠰᠠᠨ᠂ ᠰᠠᠯᠠᠭ᠎ᠠ ᠮᠥᠴᠢᠷ ᠬᠤᠯᠪᠣᠭᠠᠯᠠᠭᠰᠠᠨ᠂ ᠠᠵᠤ ᠠᠬᠤᠶᠢᠯᠠᠯ ᠭᠤᠣᠯᠯᠠᠨ ᠬᠠᠷᠢᠭᠤᠴᠠᠭᠰᠠᠨ᠂ | ᠨᠡᠶᠢᠭᠡᠮ ᠳᠠᠶᠠᠭᠠᠷ ᠣᠷᠣᠯᠴᠠᠭᠰᠠᠨ ᠶᠡᠭᠡ ᠶᠠᠰᠤ ᠴᠢᠨᠠᠷ ᠤᠨ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠡᠭᠦᠨ ᠤ ᠬᠠᠮᠲᠤ᠂ ︽ᠲᠥᠯᠥᠪᠵᠢᠭᠦᠯᠭᠡ︾ ᠨᠢ ᠬᠡᠮᠵᠢᠶ᠎ᠡ | ᠲᠣᠭᠲᠠᠭᠠᠬᠤ ᠠᠷᠭ᠎ᠠ ᠬᠡᠯᠪᠡᠷᠢ ᠪᠠᠷ ᠲᠦᠮᠡᠨ ᠬᠥᠮᠦᠨ ᠪᠦᠷᠢ ᠳᠤ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠶ ᠠᠰᠢᠭ ᠤᠨ ᠪᠠᠶᠢᠬᠤ ᠬᠡᠮᠵᠢᠶ᠎ᠡ᠂ ᠬᠡᠷᠡᠭᠯᠡᠭᠡ ᠶᠢᠨ | ᠵᠠᠭᠠᠯᠳᠤᠯᠭ᠎ᠠ ᠶᠢ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠦᠢᠯᠡᠳᠬᠡᠯ ᠤᠨ ᠦᠢᠯᠡᠰ ᠤᠨ ᠦᠢᠯᠡᠳᠬᠦᠨ ᠤ ᠶᠠᠰᠤ ᠴᠢᠨᠠᠷ ᠤᠨ ᠬᠢᠷᠢ | ᠲᠡᠩᠴᠡᠭᠰᠡᠨ ᠨᠣᠷᠮ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠬᠠᠨᠤᠮᠵᠢ ᠶᠢᠨ ᠬᠡᠮᠵᠢᠶ᠎ᠡ᠂ ᠴᠢᠨᠠᠷᠯᠢᠭ ᠬᠥᠭᠵᠢᠯᠲᠡ ᠶᠢ ᠠᠬᠢᠭᠤᠯᠬᠤ ᠪᠠᠷᠢᠮᠵᠢᠶ᠎ᠠ | ᠲᠣᠭᠲᠠᠯᠴᠠᠭᠠᠨ ᠤ ᠲᠥᠷᠥᠯ ᠵᠦᠢᠯ ᠢ ᠪᠠᠶᠢᠭᠤᠯᠬᠤ ᠵᠡᠷᠭᠡ 5 ᠴᠢᠬᠤᠯᠠ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ᠂ ᠵᠢᠴᠢ ᠲᠠᠰᠢᠷᠠᠮ ᠳᠤ ᠨᠢ ᠰᠤᠭᠤᠴᠢᠨ | ᠪᠠᠶᠢᠴᠠᠭᠠᠬᠤ ᠵᠦᠢᠯᠡᠰ ᠤᠨ ᠨᠠᠷᠢᠨ ᠳᠠᠩᠰᠠ ᠶᠢ ᠬᠠᠮᠤᠷᠤᠭᠤᠯᠬᠤ᠂ ᠢᠯᠡᠴᠢᠯᠡᠨ ᠮᠡᠳᠡᠭᠦᠯᠦᠭᠰᠡᠨ ᠢ ᠲᠣᠭᠲᠠᠭᠰᠠᠨ ᠬᠤᠭᠤᠴᠠᠭᠠᠨ ᠳᠤ ᠬᠠᠷᠭᠤᠭᠤᠯᠤᠨ ᠪᠠᠶᠢᠴᠠᠭᠠᠬᠤ | ᠨᠣᠷᠮ᠎ᠠ᠂ ᠮᠢᠩᠭᠠᠨ ᠬᠥᠮᠦᠨ ᠤ ᠲᠠᠷᠢᠶᠠᠯᠠᠩ ᠤᠨ ᠪᠦᠲᠦᠭᠡᠭᠳᠡᠬᠦᠨ ᠪᠠ ᠢᠳᠡᠭᠡᠨ ᠢ ᠰᠢᠯᠭᠠᠨ ᠪᠠᠶᠢᠴᠠᠭᠠᠬᠤ ᠬᠡᠮᠵᠢᠶ᠎ᠡ᠂ ᠢᠳᠡᠭᠡᠨ ᠢ ᠰᠤᠭᠤᠴᠢᠨ ᠪᠠᠶᠢᠴᠠᠭᠠᠵᠤ | ᠠᠰᠠᠭᠤᠳᠠᠯ ᠢ ᠰᠢᠢᠳᠪᠦᠷᠢᠯᠡᠬᠦ ᠨᠣᠷᠮ᠎ᠠ᠂ ᠦᠨᠳᠦᠰᠦᠨ ᠡᠮ ᠤᠨ ᠵᠦᠢᠯ ᠤᠨ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ᠂ ᠲᠦᠮᠡᠨ ᠰᠠᠤᠷᠢ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠦᠬᠦᠯᠲᠡ ᠶᠢᠨ ᠨᠣᠷᠮ᠎ᠠ ᠵᠡᠷᠭᠡ 6 ᠬᠢᠵᠠᠭᠠᠷᠯᠠᠬᠤ ᠴᠢᠨᠠᠷᠲᠠᠶ ᠴᠢᠬᠤᠯᠠ ᠭᠦᠢᠴᠡᠳᠬᠡᠯ ᠲᠤᠭ᠎ᠠ ᠶᠢ ᠳᠤᠷᠠᠳᠤᠨ | ᠭᠠᠷᠭᠠᠪᠠ᠃ | ︽ᠲᠥᠯᠥᠪᠵᠢᠭᠦᠯᠭᠡ︾ ᠳᠤ ᠪᠠᠰᠠ ᠰᠢᠨᠡᠴᠢᠯᠡᠯᠲᠡ ᠶᠢᠨ ᠴᠢᠨᠠᠷᠲᠠᠶ ᠪᠠᠷ ︽4+4︾ ᠡᠭᠦᠷᠭᠡ ᠶᠢᠨ ᠵᠠᠭᠪᠤᠷ ᠢ ᠳᠤᠷᠠᠳᠤᠨ ᠭᠠᠷᠭᠠᠵᠠᠶ᠂ ᠲᠤᠬᠠᠶᠢᠯᠠᠪᠠᠯ᠄ | 4 ᠣᠷᠴᠢᠨ ᠨᠥᠬᠦᠴᠡᠯ ᠢ ᠰᠢᠯᠢᠳᠡᠭᠵᠢᠭᠦᠯᠵᠦ᠂ 4 ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ︵ᠠᠭᠤᠵᠢᠭᠤ ᠪᠥᠭᠡᠳ ᠳᠥᠭᠦᠮ ᠳᠥᠲᠡ ᠵᠠᠬ᠎ᠠ ᠳᠡᠯᠭᠡᠭᠦᠷ ᠲᠤ | ᠵᠥᠪᠰᠢᠶᠡᠷᠡᠨ ᠣᠷᠣᠭᠤᠯᠬᠤ ᠣᠷᠴᠢᠨ ᠨᠥᠬᠦᠴᠡᠯ ᠢ ᠪᠤᠢ ᠪᠣᠯᠭᠠᠬᠤ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠣᠷᠴᠢᠨ | ᠨᠥᠬᠦᠴᠡᠯ ᠢ ᠪᠤᠢ ᠪᠣᠯᠭᠠᠬᠤ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠤᠢ ᠪᠣᠯᠭᠠᠬᠤ᠂ ᠥᠨᠳᠥᠷ ᠪᠠᠷᠢᠮᠵᠢᠶᠠᠲᠤ ᠶᠠᠰᠤ | ᠴᠢᠨᠠᠷ ᠤᠨ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ᠂ ᠣᠳᠣᠬᠢᠴᠢᠯᠠᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ | ᠪᠠᠶᠢᠭᠤᠯᠬᠤ᠂ ᠥᠨᠳᠥᠷ ᠦᠷ᠎ᠡ ᠪᠦᠲᠦᠮᠵᠢᠲᠡᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠬᠤ᠂ ᠤᠯᠠᠨ ᠡᠰᠢᠲᠦ ᠬᠤᠷᠠᠮᠠᠯ ᠬᠠᠮᠵᠢᠯᠴᠠᠨ | ᠬᠠᠮᠲᠤ ᠪᠠᠷ ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠲᠤᠯᠭᠠᠭᠤᠷᠢᠯᠠᠯ ᠤᠨ ᠲᠣᠭᠲᠠᠯᠴᠠᠭ᠎ᠠ ᠶᠢ | ᠪᠠᠬᠢᠵᠢᠭᠦᠯᠬᠦ︶᠃ 37 ᠵᠦᠢᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠲᠣᠬᠢᠷᠠᠭᠤᠯᠵᠤ᠂ ᠣᠳᠣᠬᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠡᠩ ᠤᠨ ᠠᠵᠢᠯ ᠢ ᠬᠠᠮᠤᠷᠤᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠬᠡᠷᠡᠭᠴᠡᠭᠡ ᠶᠢ ᠬᠠᠮᠲᠤ ᠳᠤ ᠨᠢ | ᠬᠠᠷᠠᠭᠠᠯᠵᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠳᠤ ︽ᠲᠤᠮᠤ ᠵᠠᠬ᠎ᠠ | ᠳᠡᠯᠭᠡᠭᠦᠷ︾ ᠢ ᠪᠠᠶᠢᠭᠤᠯᠬᠤ᠂ ︽ᠲᠤᠮᠤ ᠶᠠᠰᠤ ᠴᠢᠨᠠᠷ︾ ᠢ ᠳᠡᠭᠡᠭᠰᠢᠯᠡᠭᠦᠯᠬᠦ᠂ ︽ᠲᠤᠮᠤ ᠬᠢᠨᠠᠯᠲᠠ ᠬᠠᠮᠢᠶᠠᠷᠤᠯᠲᠠ︾ ᠶᠢ ᠪᠣᠳᠠᠲᠠᠶᠢᠵᠢᠭᠤᠯᠬᠤ ᠳᠤ ᠦᠨᠳᠦᠰᠦ ᠪᠠᠷᠢᠮᠲᠠ | ᠬᠠᠩᠭᠠᠬᠤ ᠶᠢᠨ ᠬᠠᠮᠲᠤ ᠭᠦᠢᠴᠡᠳ ᠣᠷᠣᠨ ᠵᠠᠶ ᠦᠯᠡᠳᠡᠭᠡᠪᠡ᠃ ᠡᠭᠦᠨ ᠤ ᠬᠠᠮᠲᠤ᠂ ︽ᠲᠥᠯᠥᠪᠵᠢᠭᠦᠯᠭᠡ︾ ᠨᠢ ᠴᠢᠨᠠᠷᠯᠢᠭ ᠬᠥᠭᠵᠢᠯᠲᠡ ᠳᠤ ᠦᠢᠯᠡᠴᠢᠯᠡᠬᠦ᠂ | ︽ᠬᠤᠶᠠᠷ ᠰᠠᠭᠤᠷᠢᠨ︾ ᠳᠤ ᠦᠢᠯᠡᠴᠢᠯᠡᠬᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠭᠤᠷᠪᠠᠨ ᠲᠠᠯ᠎ᠠ ᠶᠢᠨ ᠲᠣᠭᠤᠷᠢᠨ ᠳᠤ᠂ 16 ᠴᠢᠬᠤᠯᠠ ᠶᠡᠭᠡ | ᠲᠥᠷᠥᠯ ᠵᠦᠢᠯ ᠢ ᠳᠣᠭᠢᠷᠠᠭᠤᠯᠵᠤ᠂ ᠪᠣᠳᠠᠲᠠᠶ ᠶᠢ ᠡᠷᠬᠢᠮᠯᠡᠬᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠪᠠ᠃ |