|
ᠥᠰᠥᠭ ᠪᠢᠴᠢᠭ ᠢᠶᠠᠷ ᠥᠭᠦᠯᠡᠬᠦᠢ᠄ ︽ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠤᠨ ᠲᠠᠶᠢᠯᠤᠮᠵᠢ |
|
|
ᠨᠡᠶᠢᠲᠡᠯᠡᠭᠰᠡᠨ ᠴᠠᠭ᠄
2022/1/4
|
|
ᠨᠢᠭᠡ᠂ ᠲᠣᠭᠲᠠᠭᠠᠭᠰᠠᠨ ᠠᠬᠤᠶ ᠪᠠᠶᠢᠳᠠᠯ ᠰᠢᠨ᠎ᠡ ᠳᠤᠮᠳᠠᠳᠤ ᠤᠯᠤᠰ ᠤᠨ ᠴᠠᠭ ᠠᠭᠤᠷ ᠤᠨ ᠦᠶᠯᠡᠰ ᠤᠨ 70 ᠵᠢᠯ ᠤᠨ ᠣᠶ ᠶᠢᠨ ᠲᠠᠰᠢᠷᠠᠮ ᠳᠤ ᠶᠡᠷᠦᠩᠬᠡᠢ ᠱᠦᠵᠢ ᠰᠢ ᠶᠢᠨ ᠫᠢᠩ ᠴᠠᠭ ᠠᠭᠤᠷ ᠤᠨ ᠠᠵᠢᠯ ᠳᠤ ᠴᠢᠬᠤᠯᠠ ᠵᠢᠭᠠᠪᠤᠷᠢ ᠥᠭᠴᠦ᠂ ᠴᠠᠭ ᠠᠭᠤᠷ ᠤᠨ ᠠᠵᠢᠯ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠬᠥᠭᠵᠢᠯᠲᠡ᠂ ᠪᠠᠶᠠᠨ ᠴᠢᠨᠡᠭᠡᠯᠢᠭ ᠠᠮᠢᠳᠤᠷᠠᠯ᠂ ᠰᠠᠶᠢᠨ ᠰᠠᠶᠢᠬᠠᠨ ᠠᠮᠢ ᠠᠬᠤᠶ ᠲᠠᠢ ᠬᠤᠯᠪᠤᠭᠳᠠᠳᠠᠭ ᠪᠣᠯᠬᠤᠷ ᠴᠠᠭ ᠠᠭᠤᠷ ᠤᠨ ᠠᠵᠢᠯ ᠢ ᠰᠠᠶᠢᠲᠤᠷ ᠬᠢᠬᠦ ᠶᠢᠨ ᠠᠴᠢ ᠬᠤᠯᠪᠣᠭᠳᠠᠯ ᠴᠢᠬᠤᠯᠠ᠂ ᠬᠠᠷᠢᠭᠤᠴᠠᠯᠭ᠎ᠠ ᠠᠰᠤᠷᠤ ᠬᠦᠨᠳᠦ ᠪᠠᠶᠢᠳᠠᠭ ᠢ ᠵᠢᠭᠠᠨ ᠭᠠᠷᠭᠠᠵᠤ᠂ ᠥᠷᠭᠡᠨ ᠣᠯᠠᠨ ᠴᠠᠭ ᠠᠭᠤᠷ ᠤᠨ ᠠᠵᠢᠯᠲᠠᠳ ᠢ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢ ᠲᠦᠷᠭᠡᠳᠬᠡᠵᠦ᠂ ᠨᠠᠷᠢᠨ ᠨᠢᠭᠲᠠ ᠬᠢᠨᠠᠨ ᠰᠢᠨᠵᠢᠯᠡᠬᠦ᠂ ᠨᠠᠷᠢᠯᠢᠭ ᠣᠨᠣᠪᠴᠢᠲᠠᠶ ᠤᠷᠢᠳᠴᠢᠯᠠᠨ ᠮᠡᠳᠡᠭᠡᠯᠡᠬᠦ᠂ ᠨᠠᠷᠢᠯᠢᠭ ᠬᠢᠨᠠᠮᠠᠭᠠᠢ ᠦᠢᠯᠡᠴᠢᠯᠡᠬᠦ ᠶᠢ ᠪᠡᠶᠡᠯᠡᠭᠦᠯᠵᠦ᠂ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠵᠤ᠂ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤᠮᠳᠠᠳᠤ ᠤᠯᠤᠰ ᠤᠨ ᠬᠦᠰᠡᠯᠡᠩ ᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠬᠡᠮᠡᠨ ᠱᠠᠭᠠᠷᠳᠠᠵᠠᠢ᠃ ᠶᠡᠷᠦᠩᠬᠡᠢ ᠰᠠᠶᠢᠳ ᠯᠢ ᠺᠧ ᠴᠢᠶᠠᠩ ᠴᠠᠭ ᠠᠭᠤᠷ ᠤᠨ ᠠᠵᠢᠯ ᠳᠤ ᠴᠣᠬᠤᠯᠠᠪᠤᠷᠢ ᠥᠭᠴᠦ᠂ ᠳᠡᠳ᠋ ᠶᠡᠷᠦᠩᠬᠡᠢ ᠰᠠᠶᠢᠳ ᠬᠤ᠋ ᠴᠦᠨ ᠬᠤᠸᠠ ᠰᠢᠨ᠎ᠡ ᠳᠤᠮᠳᠠᠳᠤ ᠤᠯᠤᠰ ᠤᠨ ᠴᠠᠭ ᠠᠭᠤᠷ ᠤᠨ ᠦᠢᠯᠡᠰ ᠤᠨ 70 ᠵᠢᠯ ᠤᠨ ᠤᠢ ᠶᠢᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠷᠢᠳ ᠬᠤᠵᠢᠳ 2 ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠠᠵᠢᠯ ᠵᠢᠯᠤᠭᠤᠳᠴᠤ᠂ 4 ᠤᠳᠠᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠭᠠᠳ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠲᠣᠳᠣᠷᠬᠠᠶ ᠵᠢᠭᠠᠨ ᠭᠠᠷᠭᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠬᠦᠰᠡᠯᠡᠩ ᠢ ᠬᠠᠮᠲᠤ ᠪᠠᠷ ᠪᠡᠶᠡᠯᠡᠭᠦᠯᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠯ᠎ᠠ᠃ ᠶᠡᠷᠦᠩᠬᠡᠶ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠵᠢᠴᠢ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠨᠢ ᠮᠠᠨ ᠤ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠵᠤ᠂ ᠤᠯᠤᠰ ᠲᠤ ᠦᠶᠯᠡᠴᠢᠯᠡᠬᠦ᠂ ᠠᠷᠠᠳ ᠲᠦᠮᠡᠨ ᠳᠤ ᠦᠶᠯᠡᠴᠢᠯᠡᠬᠦ ᠦᠨᠳᠦᠰᠦᠨ ᠴᠢᠭᠯᠡᠯ ᠢ ᠲᠣᠳᠤᠷᠬᠠᠶᠢᠯᠠᠭᠰᠠᠨ ᠪᠠᠶᠢᠨ᠎ᠠ᠃ ᠦᠨᠡᠯᠡᠨ ᠵᠢᠱᠢᠬᠦ ᠪᠠᠷ ᠳᠠᠮᠵᠢᠭᠠᠳ᠂ 2020 ᠣᠨ ᠪᠣᠯᠬᠤ ᠳᠤ᠂ ᠮᠠᠨ ᠤ ᠣᠷᠣᠨ ᠬᠠᠩᠭᠠᠯᠭ᠎ᠠ ᠬᠡᠷᠡᠭᠴᠡᠭᠡ ᠳᠤ ᠳᠣᠭᠢᠷᠬᠠᠰᠠᠨ᠂ ᠪᠦᠷᠢᠨ ᠲᠡᠭᠦᠯᠳᠡᠷ ᠪᠦᠲᠦᠴᠡ᠂ ᠲᠡᠷᠢᠭᠦᠨ ᠤ ᠴᠢᠳᠠᠮᠵᠢ ᠪᠠ ᠬᠦᠴᠦᠲᠡᠢ ᠪᠠᠲᠤᠯᠠᠭ᠎ᠠ ᠲᠠᠢ ᠥᠪᠥᠷ ᠮᠣᠩᠭᠤᠯ ᠤᠨ ᠣᠨᠴᠠᠯᠢᠭ ᠪᠦᠬᠦᠢ ᠴᠠᠭ ᠠᠭᠤᠷ ᠤᠨ ᠣᠳᠣᠬᠢᠴᠢᠯᠠᠯᠲᠠ ᠶᠢᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ᠂ ᠴᠠᠭ ᠠᠭᠤᠷ ᠤᠨ ᠣᠳᠣᠬᠢᠴᠢᠯᠠᠯᠲᠠ ᠶᠢᠨ ᠪᠦᠬᠦᠯᠢ ᠴᠣᠭᠴᠠ ᠶᠢᠨ ᠬᠢᠷᠢ ᠲᠥᠪᠰᠢᠨ ᠢ ᠢᠯᠡᠳᠲᠡ ᠳᠡᠭᠡᠭᠰᠢᠯᠡᠭᠦᠯᠦᠨ᠂ ᠬᠡᠰᠡᠭ ᠬᠦᠷᠢᠶ᠎ᠡ ᠴᠠᠷᠠᠭ᠎ᠠ ᠶᠢ ᠮᠤᠵᠢ ᠶᠢᠨ ᠱᠠᠲᠤᠨ ᠤ ᠲᠡᠷᠢᠭᠦᠨ ᠤ ᠬᠢᠷᠢ ᠲᠥᠪᠰᠢᠨ ᠳᠤ ᠬᠦᠷᠦᠭᠦᠯᠪᠡ᠃ ᠭᠡᠪᠡᠴᠦ ᠬᠥᠭᠵᠢᠭᠰᠡᠨ ᠮᠤᠵᠢ ᠣᠷᠣᠨ ᠲᠠᠢ ᠬᠠᠷᠢᠴᠠᠭᠤᠯᠪᠠᠯ᠂ ᠮᠠᠨ ᠤ ᠣᠷᠣᠨ ᠤ ᠴᠠᠭ ᠠᠭᠤᠷ ᠤᠨ ᠦᠶᠯᠡᠰ ᠲᠤ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠬᠢᠬᠦ ᠲᠣᠭᠲᠠᠯᠴᠠᠭ᠎ᠠ ᠦᠢᠯᠡᠳᠦᠯ ᠨᠢ ᠳᠣᠣᠷ᠎ᠠ᠂ ᠴᠠᠭ ᠠᠭᠤᠷ ᠢ ᠠᠵᠢᠭᠯᠠᠨ ᠰᠢᠨᠵᠢᠯᠡᠬᠦ ᠶᠡᠷᠦᠩᠬᠡᠶᠢᠯᠡᠭᠰᠡᠨ ᠴᠢᠳᠠᠪᠤᠷᠢ ᠶᠢ ᠴᠢᠩᠭᠠᠳᠬᠠᠵᠤ᠂ ᠤᠷᠢᠳᠴᠢᠯᠠᠨ ᠮᠡᠳᠡᠭᠡᠯᠡᠵᠦ ᠲᠥᠰᠦᠭᠡᠯᠡᠬᠦ ᠶᠢ ᠨᠠᠷᠢᠯᠢᠬᠵᠢᠭᠤᠯᠬᠤ ᠬᠢᠷᠢ ᠲᠥᠪᠰᠢᠨ ᠢ ᠳᠡᠭᠡᠭᠰᠢᠯᠡᠭᠦᠯᠬᠦ ᠴᠢᠬᠤᠯᠠᠲᠠᠶ᠂ ᠴᠠᠭ ᠠᠭᠤᠷ ᠤᠨ ᠦᠶᠯᠡᠴᠢᠯᠡᠭᠡᠨ ᠤ ᠬᠠᠩᠭᠠᠯᠭ᠎ᠠ ᠶᠢᠨ ᠪᠦᠲᠦᠴᠡ ᠲᠡᠩᠴᠡᠭᠦᠷᠢ ᠦᠭᠡᠢ ᠵᠡᠷᠭᠡ ᠠᠰᠠᠭᠤᠳᠠᠯ ᠤᠳ ᠣᠷᠣᠰᠢᠵᠤ ᠪᠤᠢ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠪᠠ ᠳᠡᠳ᠋ ᠶᠡᠷᠦᠩᠬᠡᠶ ᠰᠠᠶᠢᠳ ᠬᠤ᠋ ᠴᠦᠨ ᠬᠤᠸᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠯᠠᠳᠠ᠂ ᠪᠥᠬᠦ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠵᠢᠯᠣᠭᠤᠳᠬᠤ ᠴᠢᠨᠠᠷᠲᠠᠶ ᠰᠠᠨᠠᠯ ᠢ ᠨᠡᠶᠢᠲᠡᠯᠡᠨ᠂ ᠰᠢᠨ᠎ᠡ ᠴᠠᠭ ᠤᠨ ᠪᠠᠶᠢᠳᠠᠯ ᠳᠠᠬᠢ ᠪᠥᠬᠦ ᠣᠷᠣᠨ ᠤ ᠴᠠᠭ ᠠᠭᠤᠷ ᠤᠨ ᠦᠶᠯᠡᠰ ᠤᠨ ᠬᠥᠭᠵᠢᠯᠲᠡ ᠶᠢᠨ ᠭᠤᠤᠯ ᠰᠡᠳᠬᠢᠮᠵᠢ᠂ ᠭᠤᠤᠯᠳᠠᠯᠭ᠎ᠠ ᠲᠠᠢ ᠡᠭᠦᠷᠭᠡ ᠵᠢᠴᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠥᠬᠦ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠᠲᠠᠶ᠃ ᠬᠤᠶᠠᠷ᠂ ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠳᠤ ᠲᠤᠭᠤᠰᠢᠯᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ ᠪᠠ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠴᠢᠩᠭ᠎ᠠ ᠨᠢᠭᠲᠠᠷᠠᠵᠤ᠂ ︽ᠨᠠᠷᠢᠨ ᠨᠢᠭᠲᠠ ᠬᠢᠨᠠᠨ ᠰᠢᠨᠵᠢᠯᠡᠬᠦ᠂ ᠨᠠᠷᠢᠯᠢᠭ ᠣᠨᠣᠪᠴᠢᠲᠠᠶ ᠤᠷᠢᠳᠴᠢᠯᠠᠨ ᠮᠡᠳᠡᠭᠡᠯᠡᠬᠦ᠂ ᠨᠠᠷᠢᠯᠢᠭ ᠬᠢᠨᠠᠮᠠᠭᠠᠢ ᠦᠢᠯᠡᠴᠢᠯᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠶᠯᠡᠳᠦᠯ ᠢ ᠭᠦᠶᠴᠡᠳ ᠪᠠᠳᠠᠷᠠᠭᠤᠯᠤᠨ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠬᠥᠭᠵᠢᠯᠲᠡ᠂ ᠠᠮᠢᠳᠤᠷᠠᠯ ᠤᠨ ᠪᠠᠶᠠᠨ ᠴᠢᠨᠡᠭᠡᠯᠢᠭ᠂ ᠠᠮᠢ ᠠᠬᠤᠶ ᠶᠢᠨ ᠰᠠᠶᠢᠨ ᠰᠠᠶᠢᠬᠠᠨ ᠪᠠᠶᠢᠬᠤ ᠶᠢ ᠦᠨᠡᠨ ᠬᠦ ᠪᠠᠲᠤᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠬᠦᠰᠡᠯᠡᠩ ᠢ ᠬᠠᠮᠲᠤ ᠪᠠᠷ ᠪᠡᠶᠡᠯᠡᠭᠦᠯᠬᠦ ᠳᠤ ᠪᠠᠲᠤ ᠪᠠᠬᠢ ᠠᠭᠤᠷ ᠠᠮᠢᠰᠬᠤᠯ ᠤᠨ ᠪᠠᠲᠤᠯᠠᠭ᠎ᠠ ᠬᠠᠩᠭᠠᠨ᠎ᠠ᠃ ᠭᠤᠷᠪᠠ᠂ ᠬᠥᠭᠵᠢᠯᠲᠡ ᠶᠢᠨ ᠬᠠᠷᠠᠯᠲᠠ 2025 ᠣᠨ ᠪᠣᠯᠬᠤ ᠳᠤ᠂ ᠬᠠᠩᠭᠠᠯᠭ᠎ᠠ ᠬᠡᠷᠡᠭᠴᠡᠭᠡ ᠳᠤ ᠲᠣᠬᠢᠷᠠᠭᠰᠠᠨ᠂ ᠪᠦᠷᠢᠨ ᠲᠡᠭᠦᠯᠳᠡᠷ ᠪᠦᠲᠦᠴᠡ᠂ ᠲᠡᠷᠢᠭᠦᠨ ᠤ ᠴᠢᠳᠠᠮᠵᠢ ᠪᠠ ᠬᠦᠴᠦᠲᠡᠶ ᠪᠠᠲᠤᠯᠠᠭ᠎ᠠ ᠲᠠᠢ ᠣᠲᠣ ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ᠂ ᠦᠶᠯᠡᠴᠢᠯᠡᠭᠡ᠂ ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠠᠮᠢ ᠠᠬᠤᠶ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠵᠡᠷᠭᠡ ᠬᠦᠷᠢᠶ᠎ᠡ ᠴᠠᠷᠠᠭ᠎ᠠ ᠶᠢ ᠪᠥᠬᠦ ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠵᠦ᠂ ᠴᠠᠭ ᠠᠭᠤᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠭᠤᠯᠤᠨ᠎ᠠ᠃ 2035 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ᠂ ᠣᠨᠴᠠᠯᠢᠭ ᠢᠯᠡ ᠲᠣᠳᠣ᠂ ᠮᠡᠷᠭᠡᠵᠢᠯ ᠲᠡᠷᠢᠭᠦᠨ ᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠵᠤ᠂ ᠴᠠᠭ ᠠᠭᠤᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠯᠭᠤᠬᠤ ᠦᠷ᠎ᠡ ᠪᠦᠲᠦᠮᠵᠢ ᠶᠢ ᠨᠠᠩ ᠢᠯᠡᠷᠬᠡᠶ ᠪᠣᠯᠭᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠤᠯᠤᠰ ᠤᠨ ᠲᠡᠷᠢᠭᠦᠨ ᠤ ᠲᠦᠪᠰᠢᠨ ᠳᠤ ᠬᠦᠷᠭᠡᠨ ᠴᠠᠭ ᠠᠭᠤᠷ ᠤᠨ ᠲᠣᠮᠣ ᠣᠷᠣᠨ ᠠᠴᠠ ᠴᠠᠭ ᠠᠭᠤᠷ ᠤᠨ ᠬᠦᠴᠦᠷᠬᠡᠭ ᠣᠷᠣᠨ ᠲᠠᠶᠢᠰᠢ ᠳᠡᠪᠰᠢᠯᠲᠡ ᠲᠠᠢ ᠪᠣᠯᠭᠠᠨ᠎ᠠ᠃ ᠳᠥᠷᠪᠡ᠂ ᠭᠤᠣᠯ ᠡᠭᠦᠷᠭᠡ ︽ᠰᠠᠨᠠᠯ︾ ᠳᠤ ᠲᠤᠯᠤᠭᠠᠨ ᠲᠠᠯ᠎ᠠ ᠶᠢᠨ ᠭᠤᠤᠯ ᠡᠭᠦᠷᠭᠡ ᠶᠢ ᠳᠤᠷᠠᠳᠤᠨ ᠭᠠᠷᠭᠠᠪᠠ᠄ ᠨᠢᠭᠡ᠂ ᠴᠠᠭ ᠠᠭᠤᠷ ᠤᠨ ᠭᠠᠮᠰᠢᠭ ᠠᠴᠠ ᠰᠡᠷᠭᠡᠶᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠶᠯᠡᠳᠦᠯ ᠢ ᠭᠦᠶᠴᠡᠳ ᠪᠠᠳᠠᠷᠠᠭᠤᠯᠤᠨ᠎ᠠ︔ ᠬᠤᠶᠠᠷ᠂ ᠠᠮᠢ ᠠᠬᠤᠢ ᠶᠢᠨ ᠪᠣᠯᠪᠠᠰᠤᠨ ᠳᠠᠬᠢ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠳᠤ ᠦᠢᠯᠡᠴᠢᠯᠡᠬᠦ ᠴᠠᠭ ᠠᠭᠤᠷ ᠤᠨ ᠪᠠᠲᠤᠯᠠᠭ᠎ᠠ ᠶᠢᠨ ᠦᠢᠯᠡᠳᠦᠯ ᠢ ᠨᠢ ᠪᠠᠳᠠᠷᠠᠭᠤᠯᠤᠨ᠎ᠠ︔ ᠭᠤᠷᠪᠠ᠂ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠳᠠᠬᠢ ᠴᠠᠭ ᠠᠭᠤᠷ ᠤᠨ ᠦᠶᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ︔ ᠳᠥᠷᠪᠡ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠬᠢᠷᠠᠯ ᠠᠴᠠ ᠵᠠᠶᠢᠯᠠᠭᠤᠯᠬᠤ ᠦᠶᠯᠡᠴᠢᠯᠡᠭᠡᠨ ᠤ ᠪᠠᠲᠤᠯᠠᠭ᠎ᠠ ᠶᠢᠨ ᠦᠷ᠎ᠡ ᠠᠰᠢᠭ ᠢ ᠪᠠᠳᠠᠷᠠᠭᠤᠯᠤᠨ᠎ᠠ︔ ᠲᠠᠪᠤ᠂ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠲᠥᠪᠰᠢᠨ ᠢ ᠳᠡᠭᠡᠭᠰᠢᠯᠡᠭᠦᠯᠦᠨ᠎ᠡ︔ ᠵᠢᠷᠭᠤᠭ᠎ᠠ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠳᠤ ᠰᠢᠨᠡᠴᠢᠯᠡᠯᠲᠡ ᠬᠢᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ︔ ᠳᠣᠯᠤᠭ᠎ᠠ᠂ ᠣᠳᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠢ ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠪᠠ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠲᠥᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠬᠤ ᠳᠣᠪᠣᠶᠢᠮ᠎ᠠ ᠠᠰᠠᠭᠤᠳᠠᠯ ᠤᠳ ᠢ ᠴᠠᠭ ᠲᠤᠬᠠᠶ ᠳᠤ ᠨᠢ ᠵᠣᠬᠢᠴᠠᠭᠤᠯᠤᠨ ᠰᠢᠶᠳᠪᠦᠷᠢᠯᠡᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠬᠠᠤᠯᠢᠵᠢᠯ ᠤᠨ ᠪᠠᠲᠤᠯᠠᠭ᠎ᠠ᠂ ᠴᠢᠳᠠᠪᠤᠷᠢᠲᠠᠨ ᠤ ᠪᠠᠲᠤᠯᠠᠭ᠎ᠠ ᠪᠠ ᠰᠢᠯᠭᠠᠨ ᠬᠢᠨᠠᠵᠤ ᠦᠨᠡᠯᠡᠬᠦ ᠶᠢ ᠴᠢᠩᠭᠠᠳᠬᠠᠨ ᠪᠥᠬᠦ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|