ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ 1 ᠳ᠋ᠦ᠋ᠭᠡᠷ ᠰᠠᠷ᠎ᠠ ᠶᠢᠨ 3 ᠤ ᠡᠳᠦᠷ | ᠮᠠᠨ ᠤ ᠣᠷᠣᠨ ᠳᠤ ᠢᠷᠡᠵᠦ 2022 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ᠃ 1 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ | ᠵᠢᠯᠣᠭᠤᠳᠣᠭᠴᠢ ᠪᠦᠦ ᠰᠢᠶᠠᠨ ᠬᠤᠸᠠ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠳᠡᠳ᠋ ᠰᠠᠶᠢᠳ ᠵᠣᠣ | ᠴᠥᠩ ᠵᠢᠦ ᠨᠡᠷ ᠲᠠᠢ ᠶᠠᠷᠢᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠵᠤᠤ ᠴᠥᠩ ᠵᠢᠦ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠵᠤ᠂ | ᠰᠢᠮᠳᠠᠭᠤᠯᠤᠨ ᠪᠠᠶᠢᠴᠠᠭᠠᠬᠤ ᠭᠤᠣᠯᠳᠠᠯᠭ᠎ᠠ ᠲᠠᠢ ᠠᠭᠤᠯᠭ᠎ᠠ᠂ ᠠᠵᠢᠯ ᠤᠨ ᠲᠤᠬᠢᠷᠠᠭᠤᠯᠤᠯᠳᠠ ᠵᠡᠷᠭᠡ ᠶᠢ ᠲᠠᠨᠢᠯᠴᠠᠭᠤᠯᠪᠠ᠃ ᠲᠡᠷᠡ ᠵᠢᠭᠠᠵᠤ ᠭᠠᠷᠭᠠᠭᠰᠠᠨ ᠨᠢ᠂ | ᠣᠳᠣᠬᠠᠨ ᠳᠤ ᠮᠠᠨ ᠤ ᠤᠯᠤᠰ ᠤᠨ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠳᠠᠷᠤᠯᠲᠠ ᠶᠡᠭᠡ ᠪᠠᠶᠢᠨ᠎ᠠ᠂ ᠰᠢᠨ᠎ᠡ ᠣᠨ ᠰᠠᠶ᠋ᠢᠬᠠᠨ ᠥᠩᠭᠡᠷᠡᠵᠦ᠂ ᠴᠠᠭᠠᠨ ᠰᠠᠷ᠎ᠠ | ᠤᠳᠠᠯ ᠥᠬᠡᠶ ᠢᠷᠡᠬᠦ ᠭᠡᠵᠦ ᠪᠠᠶᠢᠨ᠎ᠠ᠂ ᠪᠡᠭᠡᠵᠢᠩ ᠤᠨ ᠡᠪᠦᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠤᠳᠠᠯ ᠥᠬᠡᠶ ᠶᠠᠪᠤᠭᠳᠠᠬᠤ ᠭᠡᠵᠦ ᠪᠠᠶᠢᠨ᠎ᠠ᠂ ᠥᠪᠥᠷ ᠮᠣᠩᠭᠤᠯ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ | ᠨᠣᠴᠢᠲᠠᠶ ᠴᠢᠨᠠᠷ ᠪᠠ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ | ᠭᠡᠵᠡᠶ᠃ | ᠪᠦᠦ ᠰᠢᠶᠠᠨ ᠬᠤᠸᠠ ᠮᠠᠨ ᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ | ᠬᠠᠷᠢᠭᠤ ᠮᠡᠳᠡᠭᠦᠯᠦᠯᠲᠡ ᠬᠢᠵᠡᠢ᠃ ᠲᠡᠷᠡ ᠢᠯᠡᠷᠬᠡᠶᠢᠯᠡᠭᠰᠡᠨ ᠨᠢ᠂ ᠪᠦᠬᠦ ᠣᠷᠣᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ᠂ ᠨᠡᠶᠢᠰᠯᠡᠯ ᠤᠨ ︽ᠬᠤᠳᠠ ᠶᠢ ᠬᠠᠮᠠᠭᠠᠯᠠᠬᠤ ᠭᠤᠣᠯ︾ ᠢ ᠪᠠᠬᠢᠵᠢᠭᠦᠯᠬᠦ | ᠦᠨᠳᠦᠷᠴᠡ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠳᠤᠨᠤᠨ ᠤ ᠭᠤᠷᠪᠠᠨ ᠬᠢᠯᠢ ᠶᠢᠨ ᠪᠣᠭᠤᠮᠲᠠ ᠶᠢᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠷᠰᠢᠯᠭ᠎ᠠ | ᠰᠤᠷᠭᠠᠮᠵᠢ ᠶᠢ ᠬᠢᠨᠠᠮᠠᠭᠠᠢ ᠰᠢᠩᠭᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠯᠢ ᠶᠢᠨ | ᠪᠣᠭᠤᠮᠲᠠ ᠶᠢᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠢᠲᠡᠭᠦᠮᠵᠢᠯᠡᠭᠰᠡᠨ ᠣᠷᠣᠨ ᠤ ᠬᠠᠮᠢᠶᠠᠷᠤᠯᠲᠠ ᠡᠵᠡᠮᠳᠡᠯ ᠪᠠ ᠠᠶᠤᠯ ᠲᠦᠭᠰᠢᠭᠦᠷᠢ ᠶᠡᠬᠡᠲᠡᠢ | ᠬᠥᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠪᠣᠭᠤᠮᠲᠠ ᠶᠢ ᠡᠷᠡᠰ ᠪᠠᠲᠤ ᠡᠵᠡᠮᠳᠡᠬᠦ ᠬᠡᠷᠡᠭᠲᠡᠢ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠶᠣᠰᠣᠭᠠᠷ᠂ ᠨᠢᠭᠡ ᠠᠴᠠ ᠭᠤᠷᠪᠠ ᠶᠢ ᠵᠦᠢᠴᠢᠯᠡᠨ ᠴᠡᠭᠴᠡᠯᠡᠨ ᠰᠠᠶᠢᠵᠢᠷᠠᠭᠤᠯᠬᠤ | ᠠᠵᠢᠯ ᠢ ᠠᠳᠬᠤᠵᠤ᠂ ᠬᠢᠵᠢᠭ ᠤᠨ ᠪᠠᠶᠢᠳᠠᠯ ᠤᠨ ᠪᠠᠶᠢᠩᠭᠤ ᠶᠢᠨ ᠴᠢᠨᠠᠷᠲᠠᠢ ᠰᠡᠷᠭᠡᠶᠢᠯᠡᠯᠲᠡ ᠡᠵᠡᠮᠳᠡᠯ ᠢ ᠪᠦᠬᠦ ᠲᠠᠯ᠎ᠠ ᠪᠠᠷ ᠴᠢᠩᠭᠠᠳᠬᠠᠵᠤ᠂ ᠨᠡᠩ ᠪᠠᠲᠤ ᠪᠠᠬᠢ | ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠣᠣᠷ ᠢ ᠪᠠᠶᠢᠭᠤᠯᠵᠤ᠂ ︽ᠬᠤᠶᠠᠷ ᠪᠠᠶᠠᠷ︾ ᠤᠨ ᠡᠶ᠎ᠡ ᠨᠠᠶᠢᠷᠠᠮᠳᠠᠭᠤ᠂ ᠨᠡᠶᠢᠰᠯᠡᠯ ᠤᠨ ᠠᠮᠤᠷ ᠲᠦᠪᠰᠢᠨ᠂ ᠡᠪᠦᠯ ᠤᠨ | ᠣᠯᠢᠮᠫᠢᠺ ᠤᠨ ᠲᠠᠮᠢᠷ ᠤᠨ ᠴᠤᠭᠯᠠᠭᠠᠨ ᠪᠣᠯᠤᠨ ᠡᠪᠦᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠳᠤ | ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠥᠪᠥᠷ ᠮᠣᠩᠭᠤᠯ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠵᠠᠪᠠᠯ ᠦᠵᠡᠭᠦᠯᠦᠨ᠎ᠡ ᠭᠡᠵᠡᠢ᠃ |