ᠸᠠᠩ ᠯᠢ ᠰᠢᠶᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠶᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠢᠴᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠤᠨ ᠦᠷᠢᠰᠦᠯᠳᠦᠬᠦ ᠬᠦᠴᠦᠨ ᠢ ᠴᠢᠩᠭᠠᠳᠬᠠᠬᠤ ᠲᠤᠰᠬᠠᠢ ᠰᠡᠳᠦᠪᠲᠦ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠵᠢᠷᠭᠤᠭᠠᠨ ᠶᠡᠭᠡ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠶᠯᠡᠳᠪᠦᠷᠢᠯᠡᠯ ᠤᠨ ᠰᠠᠭᠤᠷᠢᠨ ᠢ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/1/5
      1 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠶᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠢᠴᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠤᠨ ᠦᠷᠢᠰᠦᠯᠳᠦᠬᠦ ᠬᠦᠴᠦᠨ ᠢ ᠴᠢᠩᠭᠠᠳᠬᠠᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠷᠭᠤᠭᠠᠨ ᠶᠡᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠬᠡᠮᠵᠢᠶ᠎ᠡ ᠶᠢ ᠥᠷᠭᠡᠳᠭᠡᠬᠦ ᠬᠡᠯᠪᠡᠷᠢ ᠠᠴᠠ ᠶᠠᠰᠤ ᠴᠢᠨᠠᠷ ᠠᠭᠤᠯᠤᠭᠳᠠᠬᠤᠨ ᠲᠠᠢ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠸᠠᠩ ᠯᠢ ᠰᠢᠶᠠ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠬᠳᠠᠭᠠᠵᠤ ᠦᠭᠬᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠮᠥᠨ᠂ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃       ᠸᠠᠩ ᠯᠢ ᠰᠢᠶᠠ᠂ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠳᠬᠤᠵᠤ᠂ ᠡᠬᠦᠯᠳᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠳᠠᠪᠠᠭᠤᠯᠢᠭ ᠤᠨᠴᠠᠯᠢᠬᠳᠤ ᠡᠭᠦᠯᠳᠡᠷ ᠢ ᠪᠣᠶᠢᠵᠢᠭᠤᠯᠬᠤ᠂ ᠡᠭᠦᠯᠳᠡᠷ ᠢ ᠰᠠᠶᠢᠵᠢᠷᠠᠭᠤᠯᠬᠤ ᠲᠦᠪᠰᠢᠨ ᠢ ᠳᠡᠭᠡᠭᠰᠢᠯᠡᠭᠦᠯᠬᠦ ︽ᠭᠤᠷᠪᠠᠨ ᠶᠡᠭᠡ ᠢᠨᠵᠧᠨᠧᠷᠢᠩ︾ ᠢ ᠶᠡᠭᠡ ᠪᠠᠷ ᠬᠡᠷᠡᠭᠵᠢᠭᠦᠯᠵᠦ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠡᠵᠡᠮᠳᠡᠵᠦ ᠪᠣᠯᠬᠤ ᠠᠮᠢᠳᠤ ᠪᠣᠳᠠᠰ ᠤᠨ ᠦᠷ᠎ᠡ ᠶᠢ ᠪᠣᠶᠢᠵᠢᠭᠤᠯᠬᠤ ᠵᠠᠩᠭᠢᠯᠠᠭ᠎ᠠ ᠶᠢᠨ ᠭᠤᠣᠯ ᠮᠡᠷᠭᠡᠵᠢᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠲᠠᠷᠢᠶᠠᠨ ᠭᠠᠵᠠᠷ ᠤᠨ ᠶᠠᠰᠤ ᠴᠢᠨᠠᠷ ᠢ ᠠᠳᠬᠤᠵᠤ᠂ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠲᠠᠯᠠᠪᠠᠢ ᠶᠢ ᠴᠢᠷᠮᠠᠶᠢᠨ ᠨᠡᠮᠡᠭᠳᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠵᠦ᠂ ᠳᠤᠮᠳᠠ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠢ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠤᠨ ᠬᠦᠴᠦ ᠰᠢᠮ᠎ᠡ ᠶᠢᠨ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠨᠠᠯᠲᠠ ᠶᠢ ᠲᠣᠭᠲᠠᠪᠤᠷᠢᠵᠢᠭᠤᠯᠵᠤ ᠤᠨᠠᠯᠳᠠ ᠶᠢ ᠨᠡᠮᠡᠭᠳᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰᠵᠢᠭᠰᠡᠨ ᠬᠥᠭᠵᠢᠯᠲᠡ ᠶᠢ ᠠᠳᠬᠤᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠦᠪᠰᠢᠨ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠪᠥᠬᠦ ᠭᠤᠭᠴᠤᠭ᠎ᠠ ᠶᠢᠨ ᠳᠡᠭᠡᠭᠰᠢᠯᠡᠯᠲᠡ᠂ ᠪᠥᠬᠦ ᠬᠡᠯᠬᠢᠶ᠎ᠡ ᠶᠢᠨ ᠥᠷᠲᠡᠭ ᠤᠨ ᠨᠡᠮᠡᠭᠳᠡᠯ᠂ ᠪᠥᠬᠦ ᠠᠵᠤ ᠦᠶᠯᠡᠰ ᠤᠨ ᠠᠭᠤᠰᠤᠯᠴᠠᠯ ᠢ ᠪᠡᠶᠡᠯᠡᠭᠦᠯᠵᠦ᠂ ᠢᠵᠢ ᠪᠦᠷᠢᠳᠦᠭᠦᠯᠬᠦ ᠠᠵᠤ ᠦᠶᠯᠡᠰ᠂ ᠬᠤᠯᠪᠣᠭᠳᠠᠬᠤ ᠠᠵᠢᠯ ᠲᠥᠷᠥᠯ᠂ ᠡᠬᠢᠨ ᠤ ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠤᠨ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠥᠨᠳᠦᠷᠯᠢᠭ ᠢᠶᠠᠷ ᠬᠥᠲᠥᠯᠥᠨ ᠳᠠᠭᠠᠭᠤᠯᠬᠤ ᠶᠢ ᠠᠳᠬᠤᠵᠤ᠂ ᠤᠯᠤᠰ ᠤᠨ ᠲᠠᠰ ᠤᠨ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠵᠤ ᠦᠶᠯᠡᠰ ᠤᠨ ᠰᠦᠷᠦᠭᠵᠢᠯ᠂ ᠮᠡᠷᠭᠡᠵᠢᠯ ᠤᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠤᠨᠳᠤᠤᠰᠢᠭᠤᠯᠬᠤ ᠪᠠ ᠴᠢᠳᠠᠪᠤᠷᠢᠲᠠᠨ ᠢ ᠬᠥᠮᠦᠵᠢᠭᠦᠯᠬᠦ ᠶᠢᠨ ᠲᠣᠭᠤᠷᠢᠨ ᠳᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠥᠨᠳᠦᠷᠯᠢᠭ᠂ ᠰᠢᠨ᠎ᠡ ᠶᠢ ᠡᠭᠦᠳᠬᠦ ᠥᠨᠳᠦᠷᠯᠢᠭ ᠢ ᠴᠣᠭᠴᠠᠯᠠᠵᠤ᠂ ᠰᠦᠷᠦᠭᠵᠢᠯ ᠤᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠶᠯ ᠢ ᠲᠥᠯᠥᠪᠵᠢᠭᠦᠯᠦᠨ ᠨᠥᠭᠡᠴᠡᠯᠡᠵᠦ᠂ ᠬᠥᠭᠵᠢᠯᠲᠡ ᠶᠢᠨ ᠰᠡᠯᠬᠦᠬᠦ ᠬᠦᠴᠦᠨ ᠢ ᠴᠢᠩᠭᠠᠳᠬᠠᠬᠤ ᠬᠡᠷᠡᠭᠲᠡᠶ᠃ ᠲᠦᠷᠦᠯ ᠳᠡᠮᠳᠡᠭ ᠢ ᠪᠣᠶᠢᠵᠢᠭᠤᠯᠬᠤ ᠶᠢ ᠠᠳᠬᠤᠵᠤ᠂ ᠲᠦᠷᠦᠯ ᠳᠡᠮᠳᠡᠭ ᠤᠨ ᠦᠷᠢᠰᠦᠯᠳᠦᠬᠦ ᠬᠦᠴᠦᠨ ᠢ ᠴᠢᠩᠭᠠᠳᠬᠠᠬᠤ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠪᠦᠬᠦᠯᠢ ᠴᠣᠭᠴᠠ ᠶᠢᠨ ᠤᠬᠠᠭᠤᠯᠭ᠎ᠠ ᠶᠢᠨ ᠦᠢᠯᠡᠳᠦᠯ ᠢ ᠥᠷᠭᠡᠳᠭᠡᠵᠦ᠂ ︽ᠦᠪᠦᠷ ᠮᠤᠩᠭᠤᠯ ᠲᠡᠮᠳᠡᠭᠳᠤ︾ ᠪᠣᠯᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠳᠡᠮᠳᠡᠭ ᠤᠨ ᠠᠯᠳᠠᠷᠰᠢᠯ᠂ ᠨᠡᠷ᠎ᠡ ᠠᠯᠳᠠᠷᠰᠢᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠲᠦᠷᠦᠯ ᠳᠡᠮᠳᠡᠭ ᠢ ᠨᠡᠷ᠎ᠡ ᠠᠯᠳᠠᠷ ᠲᠠᠢ᠂ ᠣᠷᠣᠰᠢᠨ ᠲᠣᠭᠲᠠᠨᠢᠵᠤ ᠳᠡᠶᠢᠯᠬᠦ᠂ ᠬᠥᠮᠦᠰ ᠲᠤ ᠲᠠᠭᠠᠰᠢᠶᠠᠭᠳᠠᠬᠤ᠂ ᠤᠷᠳᠤ ᠤᠳᠠᠭᠠᠨ ᠦᠷᠭᠦᠯᠵᠢᠯᠡᠵᠦ ᠴᠢᠳᠠᠬᠤ ᠪᠣᠯᠭᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠳᠬᠤᠵᠤ᠂ ᠡᠮᠦᠨᠡᠬᠢ ᠬᠡᠰᠡᠭ ᠨᠢ ᠲᠠᠷᠢᠶᠠᠯᠠᠩ ᠮᠠᠯ ᠠᠵᠤ ᠠᠬᠤᠢ ᠶᠢᠨ ᠰᠤᠳᠤᠯᠤᠨ ᠨᠡᠭᠡᠭᠡᠬᠦ᠂ ᠡᠭᠦᠯᠳᠡᠷ ᠪᠣᠶᠢᠵᠢᠭᠤᠯᠬᠤ᠂ ᠦᠢᠯᠡᠳᠪᠦᠷᠢᠯᠡᠯ ᠵᠡᠷᠭᠡ ᠭᠤᠭᠴᠤᠭ᠎ᠠ ᠶᠢ ᠬᠤᠯᠪᠤᠭᠰᠠᠨ᠂ ᠬᠤᠶᠢᠨᠠᠬᠢ ᠬᠡᠰᠡᠭ ᠨᠢ ᠡᠳ᠋ᠰᠢᠭᠦᠯᠦᠨ ᠪᠤᠯᠪᠠᠰᠤᠷᠠᠭᠤᠯᠬᠤ᠂ ᠨᠦᠬᠡᠴᠡᠯᠠᠵᠤ ᠲᠡᠭᠡᠭᠡᠪᠦᠷᠢᠯᠡᠬᠦ᠂ ᠪᠣᠷᠣᠯᠠᠭᠤᠯᠬᠤ᠂ ᠲᠦᠷᠦᠯ ᠲᠡᠮᠳᠡᠭ᠂ ᠪᠡᠶᠡᠴᠢᠯᠡᠨ ᠣᠶᠢᠯᠠᠭᠠᠬᠤ᠂ ᠬᠡᠷᠡᠭᠯᠡᠭᠡ᠂ ᠦᠢᠯᠡᠴᠢᠯᠡᠭᠡ ᠵᠡᠷᠭᠡ ᠭᠤᠭᠴᠤᠭ᠎ᠠ ᠶᠢ ᠦᠷᠭᠡᠳᠭᠡᠭᠰᠡᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠵᠠᠬ᠎ᠠ ᠳᠡᠯᠭᠡᠭᠦᠷ ᠤᠨ ᠰᠢᠨ᠎ᠡ ᠵᠠᠭᠪᠤᠷ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠠᠶ ᠯᠢ ᠬᠤᠸᠠ᠂ ᠯᠢ ᠪᠢᠩ ᠷᠦᠩ᠂ ᠴᠢ᠊ ᠪᠠᠲᠤ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ