ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2021 ᠣᠨ ᠳᠤ᠂ ᠮᠠᠨ ᠤ ᠣᠷᠣᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 460 ᠲᠦᠮᠡᠨ ᠮᠥ ᠰᠢᠨ᠎ᠡ ᠪᠠᠷ ᠪᠠᠶᠢᠭᠤᠯᠵᠤ᠂ ᠤᠯᠤᠰ ᠠᠴᠠ ᠪᠠᠭᠤᠯᠭᠠᠭᠰᠠᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ | ᠳᠠᠪᠠᠭᠤᠯᠤᠨ ᠪᠡᠶᠡᠯᠡᠭᠦᠯᠪᠡ᠃ | ᠣᠶᠢᠯᠠᠭᠠᠭᠰᠠᠨ ᠢᠶᠠᠷ᠂ ᠨᠢᠳᠤᠨᠤᠨ ᠮᠠᠨ ᠤ ᠣᠷᠣᠨ ᠤᠷᠢᠳ ᠬᠤᠵᠢᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ︽ᠬᠤᠤᠰ ᠰᠠᠷ᠎ᠠ ᠶᠢᠨ ᠪᠣᠭᠤᠮᠲᠠ ᠰᠢᠪᠲᠤᠯᠬᠤ︾ ᠠᠵᠢᠯᠯᠠᠭ᠎ᠠ ᠪᠠ ︽ᠡᠪᠦᠯ ᠬᠠᠪᠤᠷ ᠤᠨ ᠤᠯᠠᠷᠢᠯ ᠤᠨ ᠭᠠᠵᠠᠷ ᠰᠢᠷᠣᠶ ᠶᠢ ᠡᠮᠬᠢᠯᠡᠨ ᠴᠡᠭᠴᠡᠯᠡᠬᠦ ᠬᠠᠮᠲᠤᠷᠠᠭᠰᠠᠨ | ᠳᠠᠶᠢᠯᠠᠯᠳᠤᠭᠠᠨ︾ ᠤ ᠠᠵᠢᠯᠯᠠᠭ᠎ᠠ ᠶᠢ ᠡᠬᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠲᠤᠰᠬᠠᠶ ᠪᠣᠭᠤᠮᠲᠠ ᠰᠢᠪᠲᠤᠯᠬᠤ | ᠠᠵᠢᠯᠯᠠᠭ᠎ᠠ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ︽ᠲᠦᠷᠭᠡᠳᠬᠡᠬᠦ︾ ᠶᠢ ᠪᠥᠬᠦ | ᠬᠦᠴᠦᠨ ᠢᠶᠠᠷ ᠢᠶᠠᠨ ᠠᠬᠢᠭᠤᠯᠤᠭᠰᠠᠨ ᠪᠠᠶᠢᠨ᠎ᠠ᠃ ᠣᠳᠣᠬᠠᠨ ᠳᠤ᠂ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠶ 4585 ᠲᠦᠮᠡᠨ | ᠮᠥ ᠳᠤ ᠬᠦᠷᠴᠦ᠂ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠮᠵᠢ ᠶᠢ 430 ᠳ᠋ᠦᠩᠰᠢᠭᠤᠷ ᠵᠢᠩ ᠠᠴᠠ ᠳᠡᠭᠡᠭᠰᠢ ᠪᠦᠲᠦᠮᠵᠢᠲᠡᠶ ᠪᠠᠷ ᠲᠤᠯᠭᠠᠭᠤᠷᠢᠯᠠᠵᠤ᠂ | ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ︾ ᠶᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠠᠮᠤ ᠪᠤᠳᠠᠭᠠᠨ ᠤ ᠠᠮᠤᠷ ᠲᠦᠪᠰᠢᠨ ᠤ ︽ᠰᠠᠭᠤᠷᠢ ᠴᠢᠯᠠᠭᠤ︾ ᠶᠢ ᠲᠣᠭᠲᠠᠪᠤᠷᠢᠵᠢᠭᠤᠯᠬᠤ ᠳᠤ᠂ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠶᠢ ᠦᠨᠡᠨ ᠬᠦ | ᠪᠠᠲᠤᠯᠠᠬᠤ ᠪᠠᠷ ᠪᠠᠷᠠᠬᠤ ᠥᠬᠡᠶ ᠪᠠᠰᠠ ᠲᠠᠷᠢᠶᠠᠯᠠᠬᠤ ᠭᠠᠵᠠᠷ ᠤᠨ ᠶᠠᠰᠤ ᠴᠢᠨᠠᠷ ᠵᠢᠴᠢ ᠪᠦᠬᠦ᠋ᠢᠯᠡ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ | ᠴᠢᠳᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ | ᠥᠨᠳᠥᠷ ᠬᠤᠷᠢᠶᠠᠯᠲᠠ ᠲᠣᠭᠲᠠᠭᠤᠨ ᠬᠤᠷᠢᠶᠠᠯᠲᠠ ᠲᠠᠢ ᠲᠠᠷᠢᠶᠠᠨ ᠭᠠᠵᠠᠷ ᠪᠣᠯᠬᠤ ᠤᠴᠢᠷ ᠠᠴᠠ ᠲᠤᠭ᠎ᠠ ᠬᠡᠮᠵᠢᠶ᠎ᠡ᠂ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ | ᠴᠢᠬᠤᠯᠠᠲᠠᠢ᠃ ᠮᠠᠨ ᠤ ᠣᠷᠣᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠵᠠᠭᠪᠤᠷ ᠢ ᠬᠠᠶᠢᠨ ᠰᠦᠪᠡᠭᠴᠢᠯᠡᠵᠦ᠂ ᠭᠦᠢᠴᠡᠳ ᠪᠠᠶᠢᠴᠠᠭᠠᠨ ᠰᠤᠳᠤᠯᠤᠯᠲᠠ ᠬᠢᠵᠦ ᠳ᠋ᠦᠩᠨᠡᠭᠰᠡᠨ ᠰᠠᠭᠤᠷᠢᠨ ᠳᠡᠭᠡᠷ᠎ᠡ᠂ ᠤᠷᠢᠳ ᠬᠤᠵᠢᠳ ︽ᠥᠪᠥᠷ ᠮᠣᠩᠭᠤᠯ ᠤᠨ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︽ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ 8 ᠵᠦᠢᠯ ᠤᠨ ᠲᠦᠷᠢᠮ ᠲᠣᠭᠲᠠᠭᠠᠯ ᠢ ᠲᠣᠭᠲᠠᠭᠠᠨ ᠨᠡᠶᠢᠲᠡᠯᠡᠪᠡ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶ᠎ᠠ ᠪᠥᠬᠦᠶ | ᠬᠠᠮᠢᠶᠠᠷᠤᠯᠲᠠ ᠶᠢᠨ 2 ᠵᠦᠢᠯ ᠤᠨ ᠠᠷᠭ᠎ᠠ ᠶᠢ ᠳᠠᠮᠵᠢᠭᠤᠯᠤᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ 2 | ᠢᠵᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠪᠠᠷᠢᠮᠵᠢᠶ᠎ᠠ ᠶᠢᠨ ᠲᠦᠢᠮᠣ ᠲᠥᠰᠦᠪ ᠪᠠ ᠨᠡᠶᠢᠲᠡᠯᠢᠭ ᠵᠢᠱᠢᠶ᠎ᠡ ᠶᠢᠨ ᠵᠢᠷᠤᠭ ᠲᠥᠯᠥᠪᠯᠡᠭᠡ ᠶᠢ ᠨᠠᠶᠢᠷᠠᠭᠤᠯᠤᠨ | ᠵᠣᠬᠢᠶᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠦᠷᠢᠮ ᠪᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠠᠩᠬ᠎ᠠ ᠠᠯᠬᠤᠮ | ᠪᠠᠶᠢᠭᠤᠯᠵᠤ᠂ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠬᠡᠷᠡᠭᠯᠡᠯᠲᠡ ᠵᠢᠷᠤᠮᠯᠠᠬᠤ ᠲᠦᠷᠢᠮ ᠲᠠᠢ᠂ | ᠵᠢᠷᠤᠮᠯᠠᠬᠤ ᠬᠠᠤᠯᠢ ᠲᠠᠢ ᠪᠠᠶᠢᠬᠤ ᠶᠢ ᠪᠦᠲᠦᠮᠵᠢᠲᠡᠶ ᠠᠬᠢᠭᠤᠯᠪᠠ᠃ | ᠶᠠᠰᠤ ᠴᠢᠨᠠᠷ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠨ ᠲᠣᠳᠤᠯᠠᠬᠤ ᠶᠢᠨ ᠲᠥᠯᠥᠭᠡ᠂ ᠮᠠᠨ ᠤ ᠣᠷᠣᠨ ︽ᠬᠡᠨ ᠬᠡᠷᠡᠭᠵᠢᠭᠦᠯᠪᠡᠯ ᠬᠡᠨ ᠵᠢᠭᠰᠠᠭᠠᠨ | ᠪᠠᠶᠢᠴᠠᠭᠠᠵᠤ ᠬᠡᠨ ᠴᠡᠭᠴᠡᠯᠡᠨ ᠰᠠᠶᠢᠵᠢᠷᠠᠭᠤᠯᠬᠤ︾ ᠵᠠᠷᠴᠢᠮ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ | ᠴᠢᠨᠠᠷ ᠤᠨ ︽ᠪᠤᠴᠠᠨ ᠪᠠᠶᠢᠴᠠᠭᠠᠬᠤ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ 2011 ᠣᠨ — 2018 ᠣᠨ ᠤ ᠬᠤᠭᠤᠷᠣᠨᠳᠣᠬᠢ 3487 ᠲᠥᠷᠥᠯ | ᠵᠦᠢᠯ ᠳᠤ ᠵᠢᠭᠰᠠᠭᠠᠨ ᠪᠠᠶᠢᠴᠠᠭᠠᠯᠲᠠ ᠬᠢᠵᠦ᠂ ᠠᠰᠠᠭᠤᠳᠠᠯ ᠤᠨ ᠨᠠᠷᠢᠨ ᠲᠠᠩᠰᠠ ᠪᠠ ᠡᠬᠡ ᠲᠠᠩᠰᠠ ᠪᠠᠶᠢᠭᠤᠯᠵᠤ᠂ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠪᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠣᠷᠣᠨ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 885 ᠲᠦᠮᠡᠨ ᠮᠥ | ᠰᠢᠨ᠎ᠡ ᠪᠠᠷ ᠪᠠᠶᠢᠭᠤᠯᠵᠤ᠂ 512 ᠲᠦᠮᠡᠨ ᠮᠥ ᠶᠢ ᠥᠭᠡᠷᠡᠴᠢᠯᠡᠨ ᠳᠡᠭᠡᠭᠰᠢᠯᠡᠭᠦᠯᠬᠦ ᠪᠠᠷ ᠪᠠᠶᠢᠨ᠎ᠠ᠃ 2025 ᠣᠨ ᠪᠣᠯᠬᠤ ᠳᠤ᠂ ᠮᠠᠨ ᠤ ᠣᠷᠣᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠶ ᠶᠢ 5470 ᠲᠦᠮᠡᠨ ᠮᠥ ᠳᠤ ᠬᠦᠷᠦᠭᠦᠯᠵᠦ᠂ 2030 ᠣᠨ ᠳᠤ 6000 ᠲᠦᠮᠡᠨ ᠮᠥ ᠪᠥᠲᠥᠭᠡᠨ ᠪᠠᠶᠢᠭᠤᠯᠬᠤ ᠪᠠᠷ | ᠴᠢᠷᠮᠠᠶᠢᠨ᠎ᠠ᠃ ᠡᠭᠦᠨ ᠤ ᠬᠠᠮᠲᠤ᠂ 2022 ᠣᠨ ᠤ 6 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠡᠯ᠎ᠡ ᠠᠶᠢᠮᠠᠭ ᠬᠤᠲᠠ ᠪᠠ ᠬᠤᠰᠢᠭᠤ ᠰᠢᠶᠠᠨ ᠵᠣᠬᠢᠬᠤ | ᠲᠥᠯᠥᠪᠵᠢᠭᠦᠯᠭᠡ ᠲᠣᠭᠲᠠᠭᠠᠵᠤ ᠨᠡᠶᠢᠲᠡᠯᠡᠨ᠎ᠡ᠃ ᠠᠶᠢᠮᠠᠭ ᠬᠤᠳᠠ ᠶᠢᠨ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠭᠤᠣᠯᠳᠠᠯᠭ᠎ᠠ ᠳᠤ ᠣᠷᠣᠨ | ᠪᠦᠰᠡ ᠶᠢᠨ ᠪᠠᠶᠢᠷᠢᠰᠢᠭᠤᠯᠤᠯᠲᠠ ᠶᠢ ᠳᠤᠷᠠᠳᠴᠤ᠂ ᠭᠤᠣᠯᠳᠠᠯᠭ᠎ᠠ ᠲᠠᠢ ᠲᠥᠷᠥᠯ ᠵᠦᠢᠯ ᠪᠣᠯᠤᠨ ᠪᠡᠯᠡ ᠣᠷᠣᠭᠤᠯᠤᠯᠲᠠ ᠶᠢᠨ ᠲᠤᠬᠢᠷᠠᠭᠤᠯᠤᠯᠳᠠ ᠶᠢ ᠲᠣᠭᠲᠠᠭᠠᠨ᠎ᠠ᠃ | ᠬᠤᠰᠢᠭᠤ ᠰᠢᠶᠠᠨ ᠤ ᠲᠥᠯᠥᠪᠵᠢᠭᠦᠯᠭᠡ ᠨᠢ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠣᠳᠠᠲᠠᠶ ᠨᠠᠷᠢᠯᠢᠬᠵᠢᠭᠤᠯᠵᠤ᠂ ᠬᠥᠳᠡᠭᠡ ᠲᠣᠰᠬᠤᠨ ᠪᠠ | ᠭᠠᠵᠠᠷ ᠰᠢᠷᠣᠶ ᠳᠤ ᠪᠤᠲᠠᠲᠠᠶᠢᠵᠢᠭᠤᠯᠤᠨ᠂ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠲᠥᠯᠥᠪᠵᠢᠭᠦᠯᠭᠡ ᠶᠢᠨ ᠲᠥᠷᠥᠯ ᠵᠦᠢᠯ ᠤᠨ | ᠪᠠᠶᠢᠷᠢᠰᠢᠭᠤᠯᠤᠯᠲᠠ ᠶᠢᠨ ᠵᠢᠷᠤᠭ ᠪᠠ ᠲᠥᠷᠥᠯ ᠵᠦᠢᠯ ᠤᠨ ᠬᠥᠮᠥᠷᠭᠡ ᠶᠢ ᠪᠣᠶ ᠪᠣᠯᠭᠠᠵᠤ᠂ ᠲᠥᠷᠥᠯ ᠵᠦᠢᠯ ᠢ ᠬᠡᠷᠡᠭᠵᠢᠭᠦᠯᠬᠦ ᠪᠠ ᠪᠠᠯᠠ ᠣᠷᠣᠭᠤᠯᠤᠯᠲᠠ ᠶᠢ | ᠪᠤᠲᠠᠲᠠᠶᠢᠵᠢᠭᠤᠯᠬᠤ ᠳᠤ ᠰᠠᠶᠢᠲᠤᠷ ᠪᠡᠯᠡᠳᠬᠡᠯ ᠬᠢᠵᠦ᠂ ᠰᠠᠭᠤᠷᠢ ᠶᠢ ᠰᠠᠶᠢᠲᠤᠷ ᠲᠠᠯᠪᠢᠬᠤ ᠪᠣᠯᠤᠨ᠎ᠠ᠃ | |