ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ 2022 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ  ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ  ᠯᠢ ᠰᠢᠤ ᠯᠢᠩ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2022/1/6
      1 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠣᠭᠲᠠᠭᠰᠠᠨ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃       ᠬᠤᠷᠠᠯ ᠠᠴᠠ ᠡᠮᠦᠨ᠎ᠡ᠂ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠥᠪᠡᠷ ᠢᠶᠠᠨ ᠨᠠᠷᠢᠨ ᠬᠢᠨᠠᠮᠠᠭᠠᠶ ᠰᠤᠷᠤᠯᠴᠠᠪᠠ᠃ ᠬᠤᠷᠠᠯ ᠳᠡᠭᠡᠷ᠎ᠡ᠂ ᠸᠠᠩ ᠯᠢ ᠰᠢᠶᠠ᠂ ᠯᠢᠦ ᠱᠤᠸᠠᠩ᠂ ᠶᠠᠩ ᠸᠧᠢ ᠳ᠋ᠦᠩ᠂ ᠪᠣᠣ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠬᠤᠸᠠᠩ ᡁᠢ ᠴᠢᠶᠠᠩ᠂ ᠬᠦᠦᠳᠠᠭᠤᠯᠠ᠂ᠢᠤᠢ ᠯᠢ ᠰᠢᠨ ᠤᠷᠢᠳ ᠬᠤᠵᠢᠳ ᠦᠭᠡ ᠬᠡᠯᠡᠪᠡ᠃ ᠣᠯᠠᠨ ᠢᠶᠠᠷ ᠢᠶᠠᠨ ᠨᠠᠮ ᠤᠨ ᠳᠡᠥᠬᠡ ᠶᠢ ᠰᠤᠷᠤᠯᠴᠠᠬᠤ᠂ ᠦᠵᠡᠯ ᠰᠠᠨᠠᠭ᠎ᠠ ᠪᠠᠨ ᠰᠡᠭᠡᠭᠡᠷᠡᠭᠦᠯᠬᠦ᠂ ᠪᠤᠳᠠᠳᠤ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ ᠲᠠᠢ ᠤᠶᠠᠯᠳᠤᠭᠤᠯᠤᠨ᠂ ᠲᠣᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠭᠰᠠᠨ ᠣᠯᠤᠯᠲᠠ ᠪᠠ ᠲᠥᠷᠥᠭᠳᠡᠯ ᠢᠶᠠᠨ ᠭᠦᠨᠵᠡᠭᠡᠶ ᠰᠣᠯᠢᠯᠴᠠᠵᠤ᠂ ᠲᠡᠦᠬᠡ ᠶᠢᠨ ᠢᠲᠡᠭᠡᠯ ᠢᠶᠠᠨ ᠪᠠᠲᠤᠳᠬᠠᠬᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠬᠦ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠭᠢᠯᠭᠡ ᠪᠠᠨ ᠵᠤᠵᠠᠭᠠᠳᠬᠠᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠬᠠᠮᠰᠠᠷ ᠢᠶᠠᠨ ᠴᠢᠩᠭᠠᠳᠬᠠᠨ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠪᠠ᠃       ᠱᠢ ᠲᠠᠢ ᠹᠧᠩ᠂ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠬᠦ ᠲᠤᠬᠠᠶ ᠴᠢᠬᠤᠯᠠ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠲᠡᠦᠬᠡ ᠶᠢᠨ ᠤᠬᠠᠮᠰᠠᠷ ᠢᠶᠠᠨ ᠴᠢᠩᠭᠠᠳᠬᠠᠨ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠩ ᠢᠲᠡᠭᠡᠯ ᠲᠡᠭᠦᠯᠳᠡᠷ ᠢᠶᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠪᠠᠶᠢᠭᠤᠯᠬᠤ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠨ ᠢᠯᠡ ᠲᠣᠳᠣ ᠣᠨᠴᠠᠯᠢᠭ ᠪᠣᠯ ᠳᠠᠷᠤᠢ ᠢᠲᠡᠭᠡᠯ ᠲᠡᠭᠦᠯᠳᠡᠷ ᠪᠠᠶᠢᠬᠤ ᠶᠠᠪᠤᠳᠠᠯ ᠮᠥᠨ᠂ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ᠂ ᠤᠷᠤᠭᠰᠢᠲᠠᠢ ᠪᠠᠶᠢᠭᠰᠠᠨ ᠴᠤ ᠲᠡᠷᠡ᠂ ᠪᠡᠷᠬᠡ ᠬᠦᠴᠢᠷ ᠲᠠᠢ ᠪᠠᠶᠢᠭᠰᠠᠨ ᠴᠤ ᠲᠡᠷᠡ᠂ ᠶᠠᠮᠠᠷ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠪᠤᠯᠤᠨ ᠠᠶᠤᠯ ᠲᠦᠭᠰᠢᠭᠦᠷᠢ ᠰᠢᠯᠭᠠᠯᠲᠠ ᠳᠤ ᠲᠤᠯᠭᠠᠷᠠᠭᠰᠠᠨ ᠴᠤ ᠢᠮᠠᠭᠲᠠ ᠢᠲᠡᠭᠡᠯ ᠵᠣᠷᠢᠭ ᠢᠶᠠᠨ ᠪᠠᠲᠤᠳᠬᠠᠨ ᠤᠷᠤᠭᠰᠢᠯᠠᠪᠠ᠃ ᠨᠠᠮ ᠤᠨ ᠲᠡᠦᠬᠡ ᠶᠢᠨ ᠢᠲᠡᠭᠡᠯ ᠪᠣᠯ ᠬᠡᠢ ᠬᠤᠭᠤᠰᠣᠨ ᠢᠶᠠᠷ ᠢᠷᠡᠭᠰᠡᠨ ᠪᠢᠰᠢ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠳᠤ ᠬᠤᠷᠠᠮᠳᠤᠵᠤ᠂ ᠨᠠᠮ ᠤᠨ ᠬᠦᠰᠡᠯᠡᠩ ᠢᠲᠡᠭᠡᠯ ᠪᠢᠰᠢᠷᠡᠯ᠂ ᠰᠢᠨᠵᠢ ᠴᠢᠨᠠᠷ ᠵᠣᠷᠢᠯᠲᠠ ᠪᠣᠯᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠲᠤᠮᠳᠠ ᠪᠤᠢ ᠪᠤᠯᠵᠤ ᠡᠭᠦᠰᠦᠭᠰᠡᠨ ᠶᠤᠮ᠂ ᠦᠨᠳᠦᠰᠦ ᠨᠢ ᠨᠠᠮ ᠤᠨ ᠲᠡᠷᠢᠭᠦᠨ ᠤ ᠴᠢᠨᠠᠷ᠂ ᠨᠠᠮ ᠤᠨ ᠬᠢᠵᠦ ᠪᠠᠶᠢᠭ᠎ᠠ ᠠᠵᠢᠯ ᠦᠢᠯᠡᠰ ᠤᠨ ᠰᠢᠳᠤᠷᠭᠤ ᠶᠣᠰᠣᠴᠢ ᠴᠢᠨᠠᠷ᠂ ᠮᠠᠷᠺᠰ ᠤᠨ ᠦᠵᠡᠯ ᠤᠨ ᠦᠨᠡᠨ ᠶᠣᠰᠣᠴᠢ ᠴᠢᠨᠠᠷ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠰᠣᠩᠭᠤᠬᠤ ᠵᠠᠶᠢᠯᠠᠰᠢ ᠦᠭᠡᠢ ᠴᠢᠨᠠᠷ ᠲᠤ ᠪᠤᠢ᠃ ᠪᠢᠳᠡ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠬᠦ ᠳᠤ᠂ ᠮᠠᠨ ᠤ ᠨᠠᠮ ᠶᠠᠮᠠᠷ ᠶᠠᠪᠤᠳᠠᠯ ᠬᠢᠭᠰᠡᠨ᠂ ᠶᠠᠭᠤ ᠶᠢ ᠬᠢᠵᠦ ᠪᠦᠲᠦᠭᠡᠭᠰᠡᠨ ᠲᠤᠬᠠᠢ ᠢᠲᠡᠭᠡᠯ ᠵᠣᠷᠢᠭ ᠢᠶᠠᠨ ᠨᠡᠮᠡᠭᠳᠡᠭᠦᠯᠬᠦ ᠪᠠᠷ ᠪᠠᠷᠠᠬᠤ ᠦᠭᠡᠢ᠂ ᠪᠠᠰᠠ ᠮᠠᠨ ᠤ ᠨᠠᠮ ᠶᠠᠭᠠᠬᠢᠭᠠᠳ ᠢᠩᠭᠢᠵᠦ ᠬᠢᠭᠰᠡᠨ᠂ ᠶᠠᠭᠠᠬᠢᠭᠠᠳ ᠬᠢᠵᠤ ᠪᠦᠳᠦᠬᠡᠵᠤ ᠴᠢᠳᠠᠬᠰᠠᠨ ᠪᠡ ᠶᠠᠭᠠᠬᠢᠭᠠᠳ ᠵᠦᠪᠬᠡᠨ ᠳᠤᠮᠳᠠᠳᠤ ᠤᠯᠤᠰ ᠤᠨ ᠡᠪ ᠬᠠᠮᠲᠤ ᠨᠠᠮ ᠰᠠᠶ᠋ᠢ ᠬᠢᠵᠦ ᠪᠦᠲᠦᠭᠡᠵᠦ ᠴᠢᠳᠠᠬᠤ ᠲᠤᠬᠠᠢ ᠢᠲᠡᠭᠡᠯ ᠢᠶᠠᠨ ᠨᠡᠮᠡᠭᠳᠡᠭᠦᠯᠵᠦ᠂ ᠮᠠᠨ ᠤ ᠢᠲᠡᠭᠡᠨ ᠪᠢᠰᠢᠷᠡᠵᠦ ᠪᠠᠶᠢᠭ᠎ᠠ ᠮᠠᠷᠺᠰ ᠤᠨ ᠦᠵᠡᠯ ᠪᠣᠯ ᠰᠢᠨᠵᠢᠯᠡᠬᠦ ᠤᠬᠠᠭᠠᠨᠴᠢ ᠮᠥᠨ᠂ ᠦᠨᠡᠨ ᠶᠣᠰᠣ ᠮᠥᠨ᠂ ᠮᠠᠨ ᠤ ᠶᠠᠪᠤᠵᠤ ᠪᠠᠶᠢᠭ᠎ᠠ ᠵᠠᠮ ᠪᠣᠯ ᠲᠦᠷᠦ ᠶᠢᠨ ᠡᠷᠬᠡ ᠶᠢ ᠲᠦᠮᠡᠨ ᠤ ᠬᠢ ᠪᠣᠯᠭᠠᠬᠤ ᠬᠥᠮᠦᠨ ᠤ ᠶᠢᠷᠲᠢᠨᠴᠦ ᠶᠢᠨ ᠲᠥᠪ ᠶᠣᠰᠣ ᠮᠥᠨ᠂ ᠮᠠᠨ ᠤ ᠨᠠᠮ ᠤᠨ ᠲᠡᠮᠡᠴᠡᠯ ᠤᠨ ᠵᠣᠷᠢᠭ ᠰᠠᠨᠠᠭ᠎ᠠ ᠪᠣᠯ ᠬᠦᠴᠦᠨ ᠴᠢᠳᠠᠯ ᠢᠶᠠᠷ ᠪᠢᠯᠬᠠᠮ᠎ᠠ᠂ ᠬᠦᠴᠦᠨ ᠴᠢᠳᠠᠯ ᠢᠶᠠᠷ ᠬᠠᠮᠤᠭ ᠤᠨ ᠴᠢᠩᠭ᠎ᠠ ᠪᠠᠶᠢᠳᠠᠭ ᠭᠡᠳᠡᠭ ᠢ ᠨᠡᠩ ᠭᠦᠨᠵᠡᠭᠡᠢ ᠲᠠᠨᠢᠵᠤ᠂ ᠬᠡᠷᠡᠭ ᠤᠴᠢᠷ ᠤᠨ ᠦᠡᠭᠭᠡᠨ ᠲᠠᠯ᠎ᠠ ᠶᠢ ᠨᠢ ᠮᠡᠳᠡᠬᠦ ᠶᠢᠨ ᠬᠠᠮᠲᠤ ᠨᠡᠩ ᠴᠣ᠋ ᠮᠦᠨ ᠴᠢᠨᠠᠷ ᠢ ᠨᠢ ᠤᠶᠢᠯᠠᠭᠠᠵᠤ᠂ ᠵᠠᠶᠢᠯᠠᠰᠢ ᠦᠭᠡᠢ ᠴᠢᠨᠠᠷ ᠢ ᠨᠢ ᠲᠠᠨᠢᠵᠤ ᠴᠢᠳᠠᠬᠤ ᠶᠢ ᠪᠡᠶᠡᠯᠡᠬᠦᠯᠬᠦ ᠬᠡᠷᠡᠭᠲᠡᠢ᠃ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠬᠦ ᠳᠤᠮᠳᠠ ᠲᠡᠦᠬᠡ ᠶᠢᠨ ᠤᠬᠠᠮᠰᠠᠷ ᠢᠶᠠᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠴᠢᠩᠭᠠᠳᠬᠠᠵᠤ᠂ ᠲᠡᠦᠬᠡ ᠶᠢᠨ ᠵᠢᠮ᠎ᠡ ᠶᠣᠰᠣ ᠶᠢ ᠨᠡᠩ ᠰᠠᠶᠢᠲᠤᠷ ᠡᠵᠡᠮᠳᠡᠵᠦ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠲᠡᠦᠬᠡᠲᠦ ᠡᠭᠦᠷᠭᠡ ᠪᠠᠨ ᠨᠡᠩ ᠰᠠᠶᠢᠲᠤᠷ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃       ᠱᠢ ᠲᠠᠢ ᠹᠧᠩ᠂ ᠶᠡᠷᠦᠩᠬᠡᠶ ᠱᠦᠵᠢ ᠰᠢ ᠶᠢᠨ ᠫᠢᠩ ᠤᠨ ᠪᠦᠯᠬᠦᠮᠳᠡᠯ ᠨᠢᠭᠡᠳᠦᠯ ᠢ ᠴᠢᠩᠭᠠᠳᠬᠠᠬᠤ ᠲᠤᠬᠠᠶ ᠴᠢᠬᠤᠯᠠ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠰᠦᠷᠦᠰᠢ ᠦᠬᠡᠢ ᠲᠡᠦᠬᠡ ᠶᠢᠨ ᠠᠬᠢᠴᠠ ᠳᠤ ᠣᠷᠣᠵᠤ ᠴᠢᠳᠠᠭᠰᠠᠨ ᠤ ᠬᠠᠮᠤᠭ ᠤᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠬᠤᠪᠢ ᠪᠠᠷ ᠵᠠᠯᠠᠭᠤᠷ ᠢ ᠡᠵᠡᠮᠳᠡᠵᠤ ᠠᠶᠠᠯᠠᠯ ᠢ ᠵᠢᠯᠤᠭᠤᠳᠤᠭᠰᠠᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠᠶᠢᠬᠰᠠᠨ ᠳᠤ ᠪᠤᠢ᠃ ᠪᠢᠳᠡ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠷᠡᠰ ᠭᠤᠶᠢᠪᠢᠰᠢ ᠥᠬᠡᠶ ᠪᠠᠷ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠶ ᠪᠠᠶᠢᠵᠤ᠂ ᠶᠡᠷᠦᠩᠬᠡᠶ ᠱᠦᠵᠢ ᠰᠢ ᠶᠢᠨ ᠫᠢᠩ ᠲᠠᠢ ᠨᠢᠭᠡᠳᠦᠯᠲᠡᠶ ᠪᠠᠶᠢᠵᠤ᠂ ︽ᠬᠤᠶᠠᠷ ᠶᠡᠭᠡ ᠲᠠᠯ᠎ᠠ︾ ᠶᠢ ᠰᠡᠳᠭᠢᠯ ᠳᠡᠭᠡᠨ ᠪᠤᠳᠤᠵᠤ᠂︽ᠤᠯᠤᠰ ᠤᠨ ᠶᠡᠭᠡ ᠶᠠᠪᠤᠳᠠᠯ︾ ᠢ ᠬᠡᠬᠦᠳᠡᠭ ᠴᠡᠬᠡᠵᠢᠨ ᠳᠡᠭᠡᠨ ᠠᠬᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠮᠠᠭᠲᠠ ᠶᠡᠷᠦᠩᠬᠡᠶ ᠱᠦᠵᠢ ᠰᠢ ᠶᠢᠨ ᠫᠢᠩ ᠤᠨ ᠵᠢᠭᠠᠵᠤ ᠦᠭᠬᠦᠭᠰᠡᠨ ᠴᠢᠭᠯᠡᠯ ᠢᠶᠠᠷ ᠤᠷᠤᠭᠰᠢᠯᠠᠬᠤ ᠬᠡᠷᠡᠭᠲᠡᠶ᠃ ᠠᠷᠠᠳ ᠲᠦᠮᠡᠨ ᠢ ᠪᠦᠯᠬᠦᠮᠳᠡᠭᠦᠯᠬᠦ ᠪᠣᠯ ᠨᠠᠮ ᠤᠨ ᠢᠮᠠᠬᠳᠠ ᠶᠠᠪᠤᠵᠤ ᠢᠷᠡᠭᠰᠡᠨ ᠴᠢᠬᠤᠯᠠ ᠲᠤᠷᠰᠢᠯᠭ᠎ᠠ ᠮᠥᠨ᠃ ᠪᠢᠳᠡ ᠲᠥᠷᠥ ᠵᠠᠰᠠᠭ ᠪᠣᠯ ᠲᠠᠷᠤᠢ ᠠᠷᠠᠳ ᠲᠦᠮᠡᠨ ᠮᠦᠨ᠂ ᠠᠷᠠᠳ ᠲᠦᠮᠡᠨ ᠪᠣᠯ ᠲᠠᠷᠤᠢ ᠲᠥᠷᠥ ᠵᠠᠰᠠᠭ ᠮᠥᠨ ᠭᠡᠳᠡᠭ ᠶᠣᠰᠣ ᠶᠢ ᠭᠦᠨᠵᠡᠭᠡᠶ ᠣᠶᠢᠯᠠᠭᠠᠵᠤ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠭᠢᠯ ᠳᠡᠯᠪᠢᠨ ᠬᠦᠴᠦ ᠣᠷᠣᠭᠤᠯᠤᠨ ᠰᠠᠶᠢᠲᠤᠷ ᠰᠢᠶᠳᠪᠦᠷᠢᠯᠡᠵᠦ᠂ ᠬᠠᠮᠲᠤ ᠪᠠᠷ ᠪᠠᠶᠠᠵᠢᠬᠤ ᠶᠢ ᠣᠷᠳᠣ ᠬᠤᠭᠤᠴᠠᠭ᠎ᠠ ᠪᠠᠷ ᠪᠠᠷᠢᠮᠲᠠᠯᠠᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠨᠠᠮ ᠳᠠᠬᠢ ᠢᠲᠡᠭᠡᠯ ᠨᠠᠶᠢᠳᠠᠯᠭ᠎ᠠ ᠶᠢ ᠤᠯᠬᠤ ᠪᠠ ᠨᠡᠮᠡᠭᠳᠡᠭᠦᠯᠵᠦ᠂ ᠵᠠᠭᠤᠨ ᠵᠢᠯ ᠤᠨ ᠨᠠᠮ ᠤᠨ ᠲᠡᠦᠬᠡ ᠪᠠᠷ ᠭᠤᠤᠯᠳᠠᠯᠭ᠎ᠠ ᠪᠣᠯᠭᠠᠨ ᠤᠬᠠᠭᠤᠯᠭ᠎ᠠ ᠬᠥᠮᠦᠵᠢᠯ ᠢ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠩ ᠦᠨᠡᠨ ᠰᠡᠳᠭᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠲᠥᠯᠥᠨ ᠵᠢᠯᠣᠭᠤᠳᠴᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠠᠬᠢ ᠨᠠᠮ ᠤᠨ ᠲᠥᠷᠥ ᠪᠠᠷᠢᠬᠤ ᠰᠠᠭᠤᠷᠢ ᠶᠢ ᠨᠠᠩ ᠪᠠᠲᠤᠳᠬᠠᠨ ᠪᠠᠬᠢᠵᠢᠬᠦᠯᠬᠦ ᠬᠡᠷᠡᠭᠲᠡᠶ ᠭᠡᠵᠦ ᠴᠢᠬᠤᠯᠠᠴᠢᠯᠠᠪᠠ᠃       ᠱᠢ ᠲᠠᠢ ᠹᠧᠩ᠂ ᠶᠡᠷᠦᠩᠬᠡᠢ ᠱᠦᠵᠢ ᠰᠢ ᠶᠢᠨ ᠫᠢᠩ ᠤᠨ ᠲᠡᠮᠡᠴᠡᠯ ᠤᠨ ᠵᠣᠷᠢᠭ ᠰᠠᠨᠠᠭ᠎ᠠ ᠶᠢ ᠴᠢᠩᠭᠠᠳᠬᠠᠬᠤ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠲᠡᠮᠡᠴᠡᠯ ᠤᠨ ᠡᠷᠳᠡᠮ ᠴᠢᠳᠠᠪᠤᠷᠢ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠪᠠᠨ ᠡᠷᠡᠰ ᠪᠠᠳᠤ ᠡᠬᠦᠷᠬᠡᠯᠡᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠨᠢ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ ᠲᠤᠭᠤᠰᠢᠯᠠᠭᠳᠠᠵᠤ᠂ ᠨᠠᠮ ᠪᠣᠯᠤᠨ ᠠᠷᠠᠳ ᠲᠦᠮᠡᠨ ᠤ ᠣᠯᠤᠭᠰᠠᠨ ᠠᠯᠢᠪᠠ ᠠᠮᠵᠢᠯᠲᠠ ᠪᠦᠲᠦᠮᠵᠢ ᠶᠢ ᠴᠥᠮ ᠲᠡᠮᠡᠴᠡᠯ ᠢᠶᠠᠷ ᠲᠠᠮᠵᠢᠨ ᠣᠯᠤᠭᠰᠠᠨ ᠶᠤᠮ᠃ ᠣᠳᠣᠬᠠᠨ ᠳᠤ ᠥᠪᠥᠷ ᠮᠣᠩᠭᠤᠯ ᠶᠠᠭ ᠡᠯ᠎ᠡ ᠲᠥᠷᠥᠯ ᠤᠨ ᠵᠥᠷᠢᠴᠡᠯ ᠪᠠ ᠲᠦᠭᠰᠢᠭᠦᠷᠢ ᠠᠮᠠᠷᠬᠠᠨ ᠡᠭᠦᠰᠭᠦ ᠬᠤᠭᠤᠴᠠᠭᠠᠨ ᠳᠤ ᠣᠷᠣᠰᠢᠵᠤ ᠪᠤᠢ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠬᠢᠴᠠ ᠳᠤᠮᠳᠠᠬᠢ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠦ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠦᠭᠬᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ᠂ ᠡᠷᠬᠡᠪᠰᠢ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠪᠠ ᠬᠠᠷᠰᠢ ᠰᠠᠭᠠᠳ ᠲᠠᠢ ᠵᠣᠷᠢᠭᠲᠠᠶ ᠪᠠᠷ ᠲᠡᠮᠡᠴᠡᠬᠦ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠮᠤᠵᠢ ᠶᠢᠨ ᠲᠡᠰ ᠤᠨ ᠤᠳᠤᠷᠢᠳᠬᠤ ᠺᠠᠳ᠋ᠷᠴᠤᠳ ᠡᠪ ᠬᠠᠮᠲᠤᠴᠤᠳ ᠤᠨ ᠵᠣᠷᠢᠭᠲᠠᠢ ᠪᠠᠷ ᠲᠡᠮᠡᠴᠡᠯ ᠬᠢᠬᠦ ᠵᠠᠩ ᠴᠢᠨᠠᠷ᠂ ᠴᠢᠬᠡᠴᠢ ᠵᠣᠷᠢᠭ᠂ ᠴᠢᠩ ᠵᠢᠷᠤᠮ᠂ ᠰᠥᠰᠥ ᠵᠣᠷᠢᠭ ᠢᠶᠠᠨ ᠢᠮᠠᠭᠲᠠ ᠪᠠᠲᠤᠯᠠᠵᠤ᠂ ᠬᠦᠨᠳᠦ ᠶᠡᠭᠡ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠬᠤᠷᠢᠭᠯᠠᠵᠤ᠂ ᠬᠦᠨᠳᠦ ᠶᠡᠭᠡ ᠬᠠᠷᠰᠢ ᠰᠠᠭᠠᠳ ᠢ ᠢᠯᠠᠨ ᠳᠠᠪᠠᠵᠤ᠂ ᠬᠦᠨᠳᠦ ᠶᠡᠭᠡ ᠵᠥᠷᠢᠴᠡᠯ ᠢ ᠰᠢᠢᠳᠪᠦᠷᠢᠯᠡᠵᠦ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠢ ᠲᠠᠰᠤᠷᠠᠯᠳᠠ ᠦᠭᠡᠢ ᠤᠷᠤᠬᠰᠢ ᠪᠠᠨ ᠠᠬᠢᠭᠤᠯᠬᠤ ᠬᠡᠷᠡᠭᠲᠡᠢ᠃ ᠤᠳᠤ ᠨᠢᠭᠡᠨᠲᠡ ᠨᠢᠭᠡᠳᠦᠭᠡᠷ ᠤᠯᠠᠷᠢᠯ ᠳᠤ ᠣᠷᠣᠪᠠ᠂ ᠡᠷᠬᠡᠪᠰᠢ ᠨᠠᠮ ᠤᠨ ᠲᠥᠪ ᠬᠤᠷᠢᠶᠠᠨ ᠤ ᠡᠨᠡ ᠵᠢᠯ ᠤᠨ ᠠᠵᠤ ᠠᠬᠤᠢ ᠶᠢᠨ ᠠᠵᠢᠯ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠲᠤᠬᠠᠢ ᠴᠢᠬᠤᠯᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠶᠢ ᠪᠠᠲᠤᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠵᠣᠷᠢᠭᠲᠠᠢ ᠪᠠᠷ ᠵᠦᠷᠢᠴᠡᠯ ᠳᠤ ᠰᠢᠭᠤᠳ ᠬᠠᠨᠳᠤᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠨᠡᠨ ᠬᠦ ᠴᠢᠩᠭ᠎ᠠ ᠠᠳᠬᠤᠵᠤ᠂ ᠦᠨᠡᠨ ᠬᠦ ᠪᠣᠳᠠᠲᠠᠢ ᠨᠠᠶᠢᠳᠠᠪᠤᠷᠢᠵᠢᠭᠤᠯᠬᠤ ᠶᠢ ᠲᠦᠷᠭᠡᠳᠬᠡᠵᠤ᠂ ᠡᠯ᠎ᠡ ᠵᠦᠢᠯ ᠤᠨ ᠠᠵᠢᠯ ᠢ ᠤᠷᠤᠬᠰᠢ ᠪᠠᠨ ᠠᠬᠢᠭᠤᠯᠵᠤ᠂ ᠠᠵᠤ ᠠᠬᠤᠢ ᠶᠢᠨ ᠡᠷᠭᠢᠯᠲᠡ ᠶᠢ ᠲᠣᠭᠲᠠᠭᠤᠨ ᠪᠠᠶᠢᠯᠭᠠᠵᠤ᠂ ᠰᠢᠯᠢᠳᠡᠭ ᠬᠢᠷᠢ ᠪᠦᠳᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ