1 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ | ᠭᠤᠣᠯ ᠳᠤᠭᠤᠶᠢᠯᠠᠩ 2022 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠲᠡᠦᠬᠡ ᠶᠢᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠩ ᠱᠤᠤ ᠴᠦᠨ᠂ ᠠᠶ ᠯᠢ ᠬᠤᠸᠠ᠂ ᠾᠧᠩ | ᠰᠢᠶᠤᠤ ᠹᠠᠨ᠂ ᠴᠢ᠊ ᠪᠠᠲᠤ᠂ ᠵᠧᠩ ᠳ᠋ᠦᠩ ᠪᠥᠸᠧ ᠪᠣᠯᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠭᠤᠤᠯᠳᠠᠯᠭ᠎ᠠ ᠲᠠᠢ ᠦᠭᠡ | ᠬᠡᠯᠡᠪᠡ᠃ | ᠬᠤᠷᠠᠯ ᠠᠴᠠ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠪᠠᠨ ᠰᠡᠭᠡᠭᠡᠷᠡᠬᠦᠯᠬᠦ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠡᠭᠦᠳᠬᠦ ᠪᠣᠯ | ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠥᠨᠢᠳᠡ ᠶᠢᠨ ᠰᠡᠳᠦᠪ ᠮᠥᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ | ᠳ᠋ᠦᠩᠨᠡᠬᠦ᠂ ᠰᠠᠶᠢᠲᠤᠷ ᠪᠠᠬᠢᠵᠢᠭᠦᠯᠬᠦ᠂ ᠰᠠᠶᠢᠲᠤᠷ ᠥᠷᠭᠡᠳᠭᠡᠬᠦ ᠪᠣᠯ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠨᠠᠰᠤᠨ ᠲᠤᠷᠰᠢᠳᠠ ᠶᠢᠨ ᠪᠠᠷᠢᠮᠳᠠᠯᠠᠬᠤ ᠰᠡᠳᠦᠪ ᠮᠥᠨ᠃ | ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠤᠯᠠᠮᠵᠢᠯᠠᠨ | ᠵᠠᠯᠭᠠᠮᠵᠢᠯᠠᠵᠤ᠂ ᠡᠷᠴᠢ ᠵᠣᠷᠢᠭ ᠢᠶᠠᠨ ᠬᠥᠪᠴᠢᠯᠡᠨ ᠲᠡᠮᠡᠴᠡᠵᠤ᠂ ᠰᠢᠳᠤᠷᠭᠤ ᠪᠠᠷ ᠰᠢᠨᠲᠠᠷᠠᠰᠢ ᠦᠭᠡᠢ ᠴᠢᠷᠮᠠᠶᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ | ᠠᠴᠠ ᠪᠠᠳᠠᠷᠠᠭᠤᠯᠤᠭᠰᠠᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠭᠢᠯᠭᠡ ᠶᠢ ᠦᠨᠡᠨ ᠬᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ | ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠢᠮᠠᠭᠳᠠ ᠨᠠᠮ ᠪᠣᠯᠤᠨ ᠠᠷᠠᠳ ᠲᠦᠮᠡᠨ ᠳᠤ ᠦᠨᠡᠨᠴᠢ ᠰᠢᠳᠤᠷᠭᠤ᠂ ᠨᠠᠮ ᠤᠨ ᠬᠦᠰᠡᠯᠡᠩ ᠢᠲᠡᠭᠡᠯ | ᠪᠢᠰᠢᠷᠡᠯ ᠳᠤ ᠦᠨᠡᠨᠴᠢ ᠰᠢᠳᠤᠷᠭᠤ᠂ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠳᠤ ᠦᠨᠡᠨᠴᠢ ᠰᠢᠳᠤᠷᠭᠤ᠂ ᠨᠠᠮ ᠤᠨ ᠵᠣᠬᠢᠶᠠᠨ ᠪᠠᠶᠢᠭᠤᠯᠤᠯᠲᠠ ᠳᠤ ᠦᠨᠡᠨᠴᠢ | ᠰᠢᠳᠤᠷᠭᠤ᠂ ᠨᠠᠮ ᠤᠨ ᠣᠨᠣᠯ ᠪᠣᠯᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠳᠤ ᠦᠨᠡᠨᠴᠢ ᠰᠢᠳᠤᠷᠭᠤ ᠪᠠᠶᠢᠵᠤ᠂ ᠨᠠᠮ ᠤᠨ ᠤᠯᠤᠰ ᠲᠥᠷᠥ ᠶᠢᠨ ᠰᠠᠬᠢᠯᠭ᠎ᠠ | ᠪᠠᠲᠤ ᠪᠣᠯᠤᠨ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠣᠯᠤᠨ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠬᠤ | ᠬᠡᠷᠡᠭᠲᠡᠶ᠃ ᠤᠨᠤᠯ ᠤᠨ ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠤᠭ ᠪᠦᠲᠦᠭᠡᠯ ᠢ ᠨᠢ ᠢᠯᠡᠭᠦᠬᠡᠨ ᠤᠩᠰᠢᠵᠤ᠂ ᠤᠭ ᠵᠣᠬᠢᠶᠠᠯ ᠢ ᠨᠢ ᠴᠢᠷᠮᠠᠶᠢᠨ ᠰᠤᠷᠤᠯᠴᠠᠵᠤ᠂ | ᠤᠭ ᠶᠣᠰᠣ ᠶᠢ ᠨᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ᠡᠪ ᠬᠠᠮᠲᠤ ᠶᠣᠰᠣᠨ ᠤ ᠠᠯᠤᠰ ᠬᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠡᠷᠡᠰ ᠪᠠᠲᠤ ᠢᠳᠡᠬᠡᠨ ᠪᠢᠰᠢᠷᠡᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠤᠨ ᠡᠷᠡᠰ ᠬᠠᠳᠠᠨ ᠡᠭᠦᠳᠦᠨ ᠪᠦᠲᠦᠭᠡᠭᠴᠢ ᠪᠠ | ᠴᠤᠴᠠᠯᠳᠠ ᠦᠭᠡᠢ ᠲᠡᠮᠡᠴᠡᠭᠴᠢ ᠪᠣᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ᠂ ᠬᠥᠮᠦᠵᠢᠯ᠂ ᠤᠬᠠᠭᠤᠯᠭ᠎ᠠ ᠶᠢ ᠴᠥᠬᠦᠷᠡᠰᠢ ᠦᠭᠡᠢ ᠠᠬᠢᠭᠤᠯᠵᠤ᠂ | ᠲᠡᠦᠬᠡ ᠶᠢᠨ ᠢᠲᠡᠭᠡᠯ ᠢᠶᠠᠨ ᠴᠢᠨᠠᠭᠰᠢᠳᠠ ᠪᠠᠲᠤᠳᠬᠠᠵᠤ᠂ ᠲᠡᠦᠬᠡᠲᠦ ᠡᠭᠦᠷᠭᠡ ᠶᠢ ᠡᠭᠦᠷᠭᠡᠯᠡᠵᠦ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠰᠢᠵᠦ᠂ ᠨᠠᠮ ᠤᠨ | ᠭᠡᠷᠡᠯ ᠰᠠᠴᠤᠷᠠᠩᠭᠤᠢ ᠥᠩᠭᠡᠷᠡᠯᠲᠡ᠂ ᠴᠢᠬᠤᠯᠠ ᠶᠡᠭᠡ ᠠᠮᠵᠢᠯᠲᠠ ᠪᠦᠳᠦᠮᠵᠢ᠂ ᠲᠡᠦᠬᠡᠨ ᠲᠤᠷᠰᠢᠯᠭ᠎ᠠ ᠠᠴᠠ ᠶᠣᠰᠣ᠂ ᠢᠲᠡᠭᠡᠯ᠂ ᠮᠣᠷᠠᠯ᠂ ᠠᠵᠢᠯᠯᠠᠭ᠎ᠠ ᠶᠢ ᠤᠬᠠᠵᠤ | ᠣᠶᠢᠯᠠᠭᠠᠨ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠲᠡᠮᠡᠴᠡᠬᠦ ᠢᠲᠡᠭᠡᠯ ᠪᠣᠯᠤᠨ ᠬᠥᠳᠡᠯᠭᠡᠬᠦ ᠬᠦᠴᠦᠨ ᠢ ᠲᠠᠰᠤᠷᠠᠯᠳᠠ ᠦᠭᠡᠢ ᠬᠥᠭᠵᠢᠭᠡᠬᠦ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠵᠥᠷᠢᠴᠡᠯ ᠪᠠ ᠠᠰᠠᠭᠤᠳᠠᠯ ᠵᠢᠴᠢ ᠠᠶᠤᠯ ᠲᠦᠭᠰᠢᠭᠦᠷᠢ ᠶᠢᠨ ᠰᠢᠯᠭᠠᠯᠲᠠ ᠶᠢᠨ ᠡᠮᠦᠨ᠎ᠡ᠂ ᠡᠷᠬᠡᠪᠰᠢ ᠬᠦᠴᠢᠷ ᠪᠡᠷᠬᠡᠰᠢᠶᠡᠯ ᠲᠠᠢ ᠲᠤᠳᠤᠮ | ᠡᠷᠡᠯᠬᠡᠭᠯᠡᠨ ᠤᠷᠤᠭᠰᠢᠯᠠᠬᠤ ᠡᠷᠴᠢ ᠵᠣᠷᠢᠭ ᠢ ᠪᠠᠳᠤᠯᠠᠵᠤ᠂ ᠤᠷᠤᠭᠰᠢᠯᠠᠯᠲᠠ ᠶᠢᠨ ᠵᠠᠮ ᠳᠡᠭᠡᠷᠡᠬᠢ ᠲᠥᠰᠦᠭᠡᠯᠡᠵᠦ ᠪᠣᠯᠬᠤ ᠪᠠ ᠲᠥᠰᠦᠭᠡᠯᠡᠬᠦᠶ᠎ᠡ ᠪᠡᠷᠬᠡ ᠠᠶᠤᠯ | ᠲᠦᠭᠰᠢᠭᠦᠷᠢ ᠪᠠ ᠥᠷᠢᠰᠥᠯᠳᠦᠭᠡᠨ ᠢ ᠪᠦᠲᠦᠮᠵᠢᠲᠡᠶ ᠠᠷᠭᠠᠴᠠᠭᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠪᠠᠳᠠᠷᠠᠭᠤᠯᠵᠤ᠂ ᠲᠡᠮᠡᠴᠡᠯ ᠬᠢᠬᠦ | ᠴᠢᠳᠠᠪᠤᠷᠢ ᠪᠠᠨ ᠪᠣᠯᠪᠠᠰᠤᠷᠠᠭᠤᠯᠵᠤ᠂ ᠨᠢᠭᠡ ᠯᠡ ᠰᠡᠳᠭᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠡᠭᠦᠯ ᠲᠣᠭᠲᠠᠭᠤᠨ ᠠᠵᠤ | ᠠᠬᠤᠶ ᠶᠢᠨ ᠣᠷᠴᠢᠨ᠂ ᠠᠮᠤᠷ ᠲᠦᠪᠰᠢᠨ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠤᠯᠤᠰ ᠲᠥᠷᠥ ᠶᠢᠨ ᠣᠷᠴᠢᠨ ᠢ | ᠪᠦᠬᠦ ᠬᠦᠴᠦᠨ ᠢᠶᠠᠷ ᠢᠶᠠᠨ ᠪᠤᠢ ᠪᠤᠯᠭᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃ |