ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/1/6

                                      ﹇2021﹈ 4 ᠳ᠋ᠦ᠋ᠭᠡᠷ ᠲᠣᠭᠠᠲᠤ


      2022 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠤᠷ ᠲᠦᠪᠰᠢᠨ᠂ ᠥᠯᠵᠡᠶ ᠪᠡᠯᠭᠡ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠡᠳᠦᠭᠡ ᠮᠠᠨ ᠤ ᠣᠷᠣᠨ ᠤ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠥᠮᠦᠰ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠪᠠ᠄
      ᠨᠢᠭᠡ᠂ ᠨᠡᠶᠢᠲᠡ ᠣᠯᠠᠨ ᠢᠶᠠᠷ ᠢᠶᠠᠨ ᠲᠤᠬᠠᠶ ᠶᠢᠨ ᠭᠠᠵᠠᠷ ᠲᠤ ᠪᠠᠨ ᠰᠢᠨᠡᠯᠡᠬᠦ ᠶᠢ ᠵᠣᠷᠢᠭᠵᠢᠭᠤᠯᠵᠤ᠂ ᠪᠥᠬᠦ ᠣᠷᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠶᠢᠨ ᠠᠵᠢᠯᠲᠠᠳ ᠠᠴᠠ ᠲᠦᠷᠦᠭᠦᠯᠡᠨ ᠲᠤᠬᠠᠶ ᠶᠢᠨ ᠭᠠᠵᠠᠷ ᠲᠤ ᠪᠠᠨ ᠰᠢᠨᠡᠯᠡᠬᠦ ᠶᠢ ᠨᠠᠶᠢᠳᠠᠪᠤᠷᠢᠵᠢᠭᠤᠯᠬᠤ ᠬᠡᠷᠡᠭᠲᠡᠢ᠃

      ᠬᠤᠶᠠᠷ᠂ ᠳᠤᠮᠳᠠ᠂ ᠥᠨᠳᠥᠷ ᠳᠡᠰ ᠤᠨ ᠲᠥᠭᠰᠢᠭᠦᠷᠢᠲᠦ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠦᠰ ᠤᠨ ᠭᠠᠳᠠᠭᠰᠢ ᠭᠠᠷᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠠᠶᠢᠮᠠᠭ ᠬᠤᠲᠠ ᠶᠢᠨ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠦᠰ ᠴᠢᠬᠤᠯᠠ ᠥᠬᠡᠶ ᠪᠣᠯ ᠭᠠᠳᠠᠭᠰᠢ ᠭᠠᠷᠬᠤ ᠥᠬᠡᠶ ᠪᠠᠶᠢᠵᠤ᠂ ᠦᠨᠡᠨ ᠬᠦ ᠭᠠᠳᠠᠭᠰᠢ ᠭᠠᠷᠬᠤ ᠴᠢᠬᠤᠯᠠ ᠲᠠᠢ ᠪᠣᠯ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃
      ᠭᠤᠷᠪᠠ᠂ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠣᠴᠢᠬᠤ ᠶᠢ ᠴᠢᠩᠭ᠎ᠠ ᠬᠢᠵᠠᠭᠠᠷᠯᠠᠵᠤ᠂ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠠᠶᠢᠮᠠᠭ ᠬᠤᠲᠠ ᠶᠢᠨ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠴᠢᠬᠤᠯᠠ ᠦᠭᠡᠢ ᠪᠣᠯ ᠣᠴᠢᠵᠤ ᠪᠣᠯᠬᠤ ᠦᠭᠡᠢ᠃ ᠦᠨᠡᠨ ᠬᠦ ᠣᠴᠢᠬᠤ ᠴᠢᠬᠤᠯᠠ ᠲᠠᠢ ᠪᠣᠯ ᠪᠥᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠬᠥᠮᠦᠨ ᠣᠯᠠᠨ ᠭᠠᠵᠠᠷ ᠲᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠪᠤᠴᠠᠬᠤ ᠠᠴᠠ ᠪᠠᠨ ᠡᠮᠦᠨ᠎ᠡ᠂ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠢ ᠳᠤ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ︔ ᠪᠤᠴᠠᠵᠤ ᠢᠷᠡᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃
      ᠳᠥᠷᠪᠡ᠂ ᠮᠠᠨ ᠤ ᠣᠷᠣᠨ ᠤ ᠮᠠᠨᠵᠤᠤᠷ ᠬᠤᠲᠠ᠂ ᠡᠷᠭᠦᠨ᠎ᠡ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠡᠷᠢᠶᠡᠨ ᠬᠤᠲᠠ᠂ ᠵᠡᠭᠦᠨ ᠦᠵᠦᠮᠦᠴᠢᠨ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠡᠵᠡᠨ᠎ᠡ ᠬᠤᠰᠢᠭᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠷᠠᠰᠢᠶᠠᠨ ᠬᠤᠲᠠ ᠵᠡᠷᠭᠡ ᠬᠢᠯᠢ ᠶᠢᠨ ᠪᠣᠭᠤᠮᠲᠠ ᠶᠢᠨ ᠬᠤᠲᠠ ᠳᠤ ᠴᠢᠬᠤᠯᠠ ᠥᠬᠡᠶ ᠪᠣᠯ ᠣᠴᠢᠵᠤ ᠪᠣᠯᠬᠤ ᠦᠭᠡᠢ᠂ ᠦᠨᠡᠨ ᠬᠦ ᠣᠴᠢᠬᠤ ᠴᠢᠬᠤᠯᠠ ᠲᠠᠢ ᠪᠣᠯ ᠬᠦᠷᠦᠭᠰᠡᠨ ᠤ ᠳᠠᠷᠠᠭ᠎ᠠ ᠨᠠᠭᠠᠳᠤ ᠵᠠᠬ᠎ᠠ ᠳᠤ ᠪᠠᠨ ᠨᠢᠭᠡ ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠶ᠃ ᠡᠷᠭᠦᠨ᠎ᠡ ᠬᠤᠲᠠ ᠶᠢᠨ ᠾᠧᠢ ᠱᠠᠨ ᠳᠧᠦ ᠪᠠᠯᠭᠠᠰᠤ᠂ ᠰᠢᠪᠡᠭᠡ ᠪᠠᠯᠭᠠᠰᠤ᠂ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠪᠠᠯᠭᠠᠰᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠤ ᠬᠠᠰᠢᠶᠠᠲᠤ ᠪᠠᠯᠭᠠᠰᠤ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠠᠯᠭᠠᠰᠤ᠂ ᠤᠷᠠᠳ ᠤᠨ ᠳᠤᠮᠳᠠᠳᠤ ᠬᠤᠰᠢᠭᠤᠨ ᠤ ᠭᠠᠭᠴᠠᠮᠤᠳᠤ ᠪᠠᠯᠭᠠᠰᠤ᠂ ᠡᠵᠡᠨ᠎ᠡ ᠬᠤᠰᠢᠭᠤᠨ ᠤ ᠴᠡᠭᠡ ᠪᠠᠯᠭᠠᠰᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ᠎ᠠ ᠪᠠᠯᠭᠠᠰᠤ ᠵᠡᠷᠭᠡ ᠬᠢᠯᠢ ᠶᠢᠨ ᠪᠣᠭᠤᠮᠲᠠ ᠶᠢᠨ ᠬᠤᠲᠠ ᠪᠠᠯᠭᠠᠰᠤ ᠳᠤ ᠣᠴᠢᠬᠤ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠃ ᠳᠡᠭᠡᠷᠡᠬᠢ 10 ᠬᠢᠯᠢ ᠶᠢᠨ ᠪᠣᠭᠤᠮᠲᠠ ᠶᠢᠨ ᠬᠤᠲᠠ ᠠᠴᠠ ᠭᠠᠷᠬᠤ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠃ 14 ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ 10 ᠬᠢᠯᠢ ᠶᠢᠨ ᠪᠣᠭᠤᠮᠲᠠ ᠶᠢᠨ ᠬᠤᠳᠠ ᠳᠤ ᠵᠤᠭᠠᠴᠠᠨ ᠰᠠᠭᠤᠭᠰᠠᠨ ᠲᠡᠦᠬᠡ ᠲᠠᠢ ᠬᠥᠮᠦᠰ ᠤᠨ ᠪᠡᠭᠡᠵᠢᠩ ᠳᠤ ᠣᠷᠣᠬᠤ ᠶᠢ ᠴᠢᠩᠭ᠎ᠠ ᠬᠢᠵᠠᠭᠠᠷᠯᠠᠨ᠎ᠠ᠃
      ᠲᠠᠪᠤ᠂ ᠬᠠᠭᠤᠷᠠᠶ ᠵᠠᠮ᠂ ᠠᠭᠠᠷ ᠤᠨ ᠠᠶᠠᠯᠠᠯ ᠤᠨ ᠪᠣᠭᠤᠮᠲᠠ ᠶᠢᠨ ᠬᠢᠯᠢ ᠪᠠᠷ ᠣᠷᠣᠵᠤ ᠢᠷᠡᠭᠰᠡᠨ ᠬᠥᠮᠦᠰ᠂ ᠡᠳ᠋ ᠪᠣᠳᠠᠰ᠂ ᠣᠷᠴᠢᠨ ᠲᠣᠭᠤᠷᠢᠨ ᠲᠠᠢ ᠣᠶᠢᠷᠠᠲᠤᠭᠰᠠᠨ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠂ ᠬᠠᠯᠠᠭᠤᠷᠠᠯ ᠤᠨ ᠡᠭᠦᠳᠡᠨ ᠡᠮᠨᠡᠯᠭᠡ ᠵᠡᠷᠭᠡ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠴᠢᠳᠠᠬᠤ ᠶᠢᠨ ᠬᠢᠷᠢ ᠪᠠᠷ ᠭᠠᠳᠠᠭᠰᠢ ᠭᠠᠷᠬᠤ ᠠᠴᠠ ᠵᠠᠶᠢᠯᠠᠰᠬᠢᠬᠦ ᠬᠡᠷᠡᠭᠲᠡᠶ᠂ ᠦᠨᠡᠨ ᠬᠦ ᠭᠠᠳᠠᠭᠰᠢ ᠭᠠᠷᠬᠤ ᠴᠢᠬᠤᠯᠠ ᠲᠠᠢ ᠪᠣᠯ ᠠᠵᠢᠯ ᠤᠨ ᠪᠠᠶᠢᠷᠢ ᠠᠴᠠ ᠪᠠᠨ ᠰᠠᠯᠤᠭᠠᠳ 14 ᠡᠳᠦᠷ ᠠᠴᠠ ᠳᠡᠭᠡᠭᠰᠢ ᠪᠣᠯᠤᠭᠰᠠᠨ ᠮᠥᠷᠲᠡᠭᠡᠨ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠶᠢᠨ ᠬᠠᠮᠲᠤ ᠪᠠᠶᠢᠭ᠎ᠠ ᠪᠠᠶᠢᠭᠤᠯᠭ᠎ᠠ ᠨᠢᠭᠡᠴᠢ ᠳᠤ ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
      ᠵᠢᠷᠭᠤᠭ᠎ᠠ᠂ ᠬᠢᠯᠢ ᠪᠠᠷ ᠣᠷᠣᠵᠤ ᠢᠷᠡᠭᠰᠡᠳ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠳᠠᠯᠠᠵᠤ᠂ ᠬᠢᠯᠢ ᠪᠠᠷ ᠣᠷᠣᠵᠤ ᠢᠷᠡᠭᠰᠡᠳ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ ᠪᠠ 7 ᠡᠳᠦᠷ ᠬᠡᠷ ᠲᠤ ᠪᠠᠨ ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠬᠡᠷ ᠲᠤ ᠪᠠᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ ᠴᠥᠮ ᠲᠥᠪᠯᠡᠷᠡᠭᠦᠯᠦᠨ ᠲᠤᠰᠠᠭᠠᠷᠯᠠᠬᠤ ᠶᠢ ᠬᠡᠷᠡᠭᠵᠢᠭᠦᠯᠵᠦ᠂ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ 1᠂ 4᠂ 7᠂ 10᠂ 14 ᠳ᠋ᠦ᠋ᠭᠡᠷ ᠡᠳᠦᠷ ᠵᠢᠴᠢ ᠬᠡᠷ ᠲᠤ ᠪᠠᠨ ᠲᠤᠰᠠᠭᠠᠷᠯᠠᠬᠤ 2᠂ 7 ᠡᠳᠦᠷ ᠲᠤ ᠲᠣᠰ ᠲᠣᠰ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠢ᠃
      ᠳᠣᠯᠤᠭ᠎ᠠ᠂ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠮᠠᠨ ᠤ ᠣᠷᠣᠨ ᠳᠤ ᠢᠷᠡᠭᠰᠡᠨ ︵ᠪᠤᠴᠠᠭᠰᠠᠨ︶ ᠬᠥᠮᠦᠰ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠮᠠᠨ ᠤ ᠣᠷᠣᠨ ᠳᠤ ᠢᠷᠡᠭᠰᠡᠨ ︵ᠪᠤᠴᠠᠭᠰᠠᠨ︶ ᠬᠥᠮᠦᠰ ᠲᠤ ᠴᠥᠮ ︽14 ᠡᠳᠦᠷ ᠬᠡᠷ ᠲᠤ ᠪᠠᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃
      ᠨᠠᠢᠮᠠ᠂ ᠡᠯ᠎ᠡ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠠᠵᠤ ᠠᠬᠤᠶᠢᠯᠠᠯ ᠤᠳ ᠳᠤᠮᠳᠠ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠮᠤᠵᠢ ︵ᠣᠷᠣᠨ᠂ ᠬᠤᠲᠠ︶ ᠶᠢᠨ ᠮᠤᠵᠢ ᠠᠯᠤᠰᠯᠠᠭᠰᠠᠨ ᠪᠦᠯᠬᠦᠮ ᠨᠡᠶᠢᠲᠡ ᠶᠢᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾ ᠤᠨ ᠲᠤᠬᠠᠶᠢᠯᠠᠭᠰᠠᠨ ᠠᠵᠢᠯ ᠢᠶᠠᠨ ᠲᠦᠷ ᠵᠣᠭᠰᠣᠭᠠᠵᠤ᠂ ᠡᠬᠡ ᠬᠠᠭᠤᠷᠠᠶ ᠶᠢᠨ ᠬᠢᠯᠢ ᠶᠢᠨ ᠪᠣᠭᠤᠮᠲᠠ ᠶᠢᠨ ᠬᠤᠲᠠ ᠶᠢᠨ ᠪᠦᠯᠬᠦᠮ ᠨᠡᠶᠢᠲᠡ ᠶᠢᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾ ᠤᠨ ᠲᠤᠬᠠᠶᠢᠯᠠᠭᠰᠠᠨ ᠠᠵᠢᠯ ᠢᠶᠠᠨ ᠲᠦᠷ ᠵᠣᠭᠰᠣᠭᠠᠬᠤ ᠬᠡᠷᠡᠭᠲᠡᠢ᠃
      ᠶᠢᠰᠦ᠂ ᠬᠠᠯᠠᠭᠤᠷᠠᠵᠤ ᠪᠠᠶᠢᠭ᠎ᠠ ᠡᠪᠡᠳᠴᠢᠲᠡᠨ᠂ ᠡᠷᠡᠭᠦᠯ ᠮᠡᠨᠳᠦ ᠶᠢᠨ ᠺᠣᠳ᠋ ᠨᠢ ︽ᠰᠢᠷ᠎ᠠ ᠺᠣᠳ᠋︾ ᠪᠣᠯᠣᠭᠰᠠᠨ ᠬᠥᠮᠦᠰ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠭᠡᠵᠦ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠠᠯᠳᠠᠪᠤᠷᠢᠯᠠᠬᠤ ᠲᠦᠭᠰᠢᠭᠦᠷᠢ ᠶᠢ ᠠᠷᠢᠯᠭᠠᠬᠤ ᠠᠴᠠ ᠡᠮᠦᠨ᠎ᠡ ᠭᠠᠳᠠᠭᠰᠢ ᠶᠠᠪᠤᠬᠤ ᠥᠬᠡᠶ᠂ ᠰᠢᠯᠵᠢᠬᠦ ᠥᠬᠡᠶ᠂ ᠴᠤᠭᠯᠠᠷᠠᠬᠤ ᠥᠬᠡᠶ ᠪᠠᠶᠢᠬᠤ ᠬᠡᠷᠡᠭᠲᠡᠶ᠃
      ᠠᠷᠪᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠴᠢᠯᠥᠭᠡ ᠲᠠᠯᠪᠢᠬᠤ ᠴᠠᠭ ᠢ ᠰᠢᠯᠢᠳᠡᠭᠵᠢᠭᠦᠯᠦᠨ ᠳᠣᠭᠢᠷᠠᠭᠤᠯᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠵᠦ ᠰᠤᠷᠭᠠᠭᠤᠯᠢ ᠳᠤ ᠪᠠᠨ ᠪᠤᠴᠠᠬᠤ ᠶᠢ ᠣᠷᠭᠢᠯ ᠦᠶ᠎ᠡ ᠠᠴᠠ ᠵᠥᠷᠢᠭᠦᠯᠦᠨ ᠳᠣᠭᠢᠷᠠᠭᠤᠯᠵᠤ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠤᠨ ᠬᠠᠮᠢᠶᠠᠷᠤᠯᠲᠠ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠦᠷᠦᠩᠭᠡ ᠵᠡᠷᠭᠡ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠮᠠᠷᠠᠯᠲᠠ ᠲᠠᠯᠪᠢᠬᠤ ᠪᠠ ᠠᠵᠢᠯ ᠢᠶᠠᠨ ᠰᠡᠷᠭᠦᠭᠡᠬᠦ ᠴᠠᠭ ᠢ ᠵᠦᠢ ᠵᠣᠬᠢᠰᠲᠠᠶ ᠲᠣᠬᠢᠷᠠᠭᠤᠯᠵᠤ᠂ ᠬᠦᠴᠦᠨ ᠤ ᠠᠵᠢᠯ ᠬᠢᠭᠰᠡᠳ ᠤᠨ ᠤᠷᠬᠢᠯ ᠤᠨ ᠬᠤᠭᠤᠴᠠᠭ᠎ᠠ ᠶᠢ ᠵᠥᠷᠢᠭᠦᠯᠦᠨ ᠨᠤᠲᠤᠭ ᠲᠤ ᠪᠠᠨ ᠪᠤᠴᠠᠬᠤ ᠪᠠ ᠠᠵᠢᠯ ᠤᠨ ᠪᠠᠶᠢᠷᠢ ᠳᠤ ᠪᠠᠨ ᠪᠤᠴᠠᠬᠤ ᠶᠢ ᠬᠥᠲᠥᠯᠥᠨ ᠵᠢᠯᠣᠭᠤᠳᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠳᠤ ᠪᠠᠨ ᠪᠤᠴᠠᠬᠤ ᠪᠠ ᠠᠵᠢᠯᠲᠠᠨ ᠣᠯᠠᠨ ᠠᠵᠤ ᠠᠬᠤᠶᠢᠯᠠᠯ ᠤᠨ ᠬᠦᠴᠦᠨ ᠤ ᠠᠵᠢᠯ ᠬᠢᠭᠰᠡᠳ ᠠᠵᠢᠯ ᠤᠨ ᠪᠠᠶᠢᠷᠢ ᠳᠤ ᠪᠠᠨ ᠪᠤᠴᠠᠬᠤ ᠳᠤ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠃
      ᠠᠷᠪᠠᠨ ᠨᠢᠭᠡ᠂ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ 2022 ᠣᠨ ᠤ 3 ᠳ᠋ᠤᠭᠠᠷ ᠰᠠᠷ᠎ᠠ ᠶᠢᠨ 15 ᠤ ᠡᠳᠦᠷ ᠬᠦᠷᠲᠡᠯ᠎ᠡ ᠬᠡᠷᠡᠭᠵᠢᠭᠦᠯᠦᠨ᠎ᠡ᠃ ᠬᠡᠷᠪᠡ ᠬᠡᠰᠡᠭ ᠭᠠᠵᠠᠷ ᠣᠷᠣᠨ ᠳᠤ ᠨᠡᠯᠢᠶᠡᠳ ᠶᠡᠭᠡ ᠬᠡᠪᠴᠢᠶ᠎ᠡ ᠲᠠᠢ ᠲᠤᠬᠠᠢ ᠶᠢᠨ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠬᠦ ᠶᠢᠨ ᠬᠠᠮᠲᠤ ᠣᠨᠳᠣᠤ ᠭᠠᠵᠠᠷ ᠲᠤ ᠲᠠᠷᠬᠠᠬᠤ ᠲᠦᠭᠰᠢᠭᠦᠷᠢ ᠣᠷᠣᠰᠢᠵᠤ ᠪᠠᠶᠢᠪᠠᠯ᠂ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠬᠥᠮᠦᠰ ᠤᠨ ᠣᠷᠣᠨ ᠪᠦᠰᠡ ᠠᠯᠤᠰᠯᠠᠨ ᠰᠢᠯᠵᠢᠬᠦ ᠪᠠ ᠲᠦᠭᠰᠢᠭᠦᠷᠢ ᠲᠠᠢ ᠬᠥᠮᠦᠰ ᠤᠨ ᠵᠢᠭᠰᠠᠭᠠᠨ ᠪᠠᠶᠢᠴᠠᠭᠠᠯᠲᠠ ᠵᠡᠷᠭᠡ ᠳᠤ ᠨᠠᠩ ᠴᠢᠩᠭ᠎ᠠ ᠠᠷᠭ᠎ᠠ ᠬᠡᠮᠵᠢᠶ᠎ᠡ ᠠᠪᠬᠤ ᠬᠡᠷᠡᠭᠲᠡᠶ᠃

 

                                                    2021 ᠣᠨ ᠤ 12 ᠳ᠋ᠤᠭᠠᠷ ᠰᠠᠷ᠎ᠠ ᠶᠢᠨ 31 ᠤ ᠡᠳᠦᠷ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ