ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠤᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠴᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠪᠠ  ᠱᠢ ᠲᠠᠢ ᠹᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/1/6

      12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
      ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠳᠤ ᠣᠷᠣᠯᠴᠠᠪᠠ᠃
      ᠬᠤᠷᠠᠯ ᠠᠴᠠ᠂ ᠣᠳᠣᠬᠠᠨ ᠳᠤ ᠮᠠᠨ ᠤ ᠤᠯᠤᠰ ᠤᠨ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠳᠠᠷᠤᠯᠲᠠ ᠦᠷᠭᠦᠯᠵᠢᠯᠡᠨ ᠨᠡᠮᠡᠭᠳᠡᠵᠦ᠂ ᠬᠢᠯᠢ ᠶᠢᠨ ᠪᠣᠭᠤᠮᠲᠠ ᠶᠢ ᠰᠠᠶᠢᠲᠤᠷ ᠰᠠᠬᠢᠵᠤ᠂ ᠤᠯᠤᠰ ᠤᠨ ᠡᠭᠦᠳᠡ ᠶᠢ ᠰᠠᠶᠢᠲᠤᠷ ᠰᠠᠬᠢᠬᠤ ᠪᠣᠯ ᠮᠠᠨᠤᠰ ᠤᠨ ᠬᠢᠵᠢᠭ ᠤᠨ ᠪᠠᠶᠢᠳᠠᠯ ᠤᠨ ᠲᠠᠬᠢᠨ ᠡᠭᠦᠰᠴᠦ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠬᠠᠮᠤᠭ ᠤᠨ ᠴᠢᠬᠤᠯᠠ ᠭᠤᠭᠴᠤᠭ᠎ᠠ᠂ ᠬᠠᠮᠤᠭ ᠤᠨ ᠪᠠᠴᠢᠮ ᠡᠭᠦᠷᠭᠡ ᠪᠣᠯᠤᠨ᠎ᠠ᠃ ᠪᠦᠬᠦ ᠣᠷᠣᠨ ᠤ ᠡᠯ᠎ᠡ ᠱᠠᠲᠤᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠠᠭ ᠢᠮᠠᠭᠲᠠ ᠴᠢᠩᠭᠠᠷᠠᠭᠤᠯᠵᠤ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠢᠮᠠᠭᠲᠠ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠬᠤ᠂ ᠴᠢᠩᠭ᠎ᠠ ᠴᠢᠩᠳᠠᠯᠠᠬᠤ ᠶᠢ ᠪᠠᠷᠢᠮᠲᠠᠯᠠᠵᠤ᠂ ᠪᠣᠭᠤᠮᠲᠠ ᠶᠢ ᠡᠮᠦᠨᠡᠰᠢᠯᠡᠭᠦᠯᠬᠦ᠂ ᠤᠷᠢᠳᠴᠢᠯᠠᠨ ᠰᠡᠷᠭᠡᠶᠢᠯᠡᠬᠦ ᠶᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠪᠠᠶᠢᠡᠭᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠳᠤ ᠨᠡᠩ ᠶᠡᠭᠡ ᠬᠦᠴᠦ ᠣᠷᠣᠭᠤᠯᠵᠤ᠂ ᠬᠠᠭᠤᠷᠠᠢ ᠵᠠᠮ ᠤᠨ ᠬᠢᠯᠢ ᠶᠢᠨ ᠪᠣᠭᠤᠮᠲᠠ ᠪᠣᠯᠤᠨ ᠤᠯᠠᠨ ᠤᠯᠤᠰ ᠤᠨ ᠵᠢᠰᠢᠶᠠᠨ ᠤ ᠨᠢᠰᠭᠡᠯ ᠢ ᠬᠤᠪᠢᠶᠠᠷᠢᠯᠠᠨ ᠪᠠᠭᠤᠯᠭᠠᠬᠤ ᠬᠤᠶᠠᠷ ᠪᠣᠭᠤᠮᠲᠠ ᠶᠢ ᠡᠷᠡᠰ ᠰᠠᠬᠢᠵᠤ᠂ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠪᠠ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ᠂ ᠪᠠᠶᠢᠡᠭᠭᠤᠵᠢᠭᠤᠯᠤᠨ ᠰᠡᠷᠭᠡᠶᠢᠯᠡᠨ ᠡᠵᠡᠮᠳᠡᠬᠦ ᠲᠠᠯ᠎ᠠ ᠪᠠᠷ ︽ᠴᠢᠩᠭ᠎ᠠ︾ ᠪᠠᠶᠢᠬᠤ ᠶᠢ ᠲᠤᠪᠤᠶᠢᠯᠭᠠᠨ᠎ᠠ᠃ ︽ᠳᠡᠪᠡᠨᠡ ᠶᠢᠨ ᠴᠢᠨᠡᠭᠡ ᠨᠦᠬᠡ ᠪᠠᠷ ᠳᠡᠮᠡᠬᠡᠨ ᠴᠢᠨᠡᠭᠡ ᠵᠢᠪᠠᠷ ᠤᠷᠤᠬᠤ︾ ᠶᠣᠰᠣ ᠶᠢ ᠴᠠᠭ ᠢᠮᠠᠭᠲᠠ ᠪᠠᠲᠤ ᠴᠡᠭᠡᠵᠢᠯᠡᠵᠦ᠂ ᠦᠨᠡᠨ ᠬᠦ ᠴᠢᠩᠭ᠎ᠠ ᠣᠪᠣᠷ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠴᠢᠩᠭ᠎ᠠ ᠠᠳᠬᠤᠬᠤ ᠴᠢᠬᠤᠯᠠᠲᠠᠢ᠂ ᠴᠢᠩᠭ᠎ᠠ ᠬᠠᠮᠢᠶᠠᠷᠬᠤ ᠴᠢᠬᠤᠯᠠᠲᠠᠢ ᠶᠢ ᠨᠢ ᠡᠷᠬᠡᠪᠰᠢ ᠴᠢᠩᠭ᠎ᠠ ᠠᠴᠠ ᠴᠢᠩᠭ᠎ᠠ᠂ ᠡᠴᠦᠰ ᠲᠤᠨᠢ ᠲᠤᠯᠲᠠᠯ᠎ᠠ ᠴᠢᠩᠭ᠎ᠠ ᠬᠠᠮᠢᠶᠠᠷᠬᠤ ᠬᠡᠷᠡᠭᠲᠡᠢ᠃ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠶᠠᠮᠠᠷᠪᠠ ᠰᠠᠯᠠᠭ᠎ᠠ ᠮᠥᠴᠢᠷ᠂ ᠶᠠᠮᠠᠷᠪᠠ ᠨᠢᠭᠡᠴᠢ᠂ ᠶᠠᠮᠠᠷᠪᠠ ᠠᠵᠤ ᠠᠬᠤᠶᠢᠯᠠᠯ᠂ ᠶᠠᠮᠠᠷᠪᠠ ᠬᠤᠪᠢ ᠬᠥᠮᠦᠨ ᠴᠥᠮ ᠡᠷᠬᠡᠪᠰᠢ ᠬᠢᠯᠢ ᠶᠢᠨ ᠪᠣᠭᠤᠮᠲᠠ ᠶᠢᠨ ᠪᠠᠶᠢᠭ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠡᠷᠡᠰ ᠳᠠᠭᠠᠵᠤ᠂ ᠵᠠᠷᠯᠢᠭ ᠪᠠᠶᠢᠭᠠᠳ ᠬᠡᠷᠡᠭᠵᠢᠭᠦᠯᠬᠦ ᠥᠬᠡᠶ ᠬᠥᠮᠦᠰ ᠲᠤ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠬᠤ ᠬᠡᠷᠡᠭᠲᠡᠶ᠃ ᠲᠤᠯᠭᠠᠷᠠᠵᠤ ᠮᠡᠳᠡᠬᠦ ᠡᠯ᠎ᠡ ᠵᠦᠶᠯ ᠤᠨ ᠠᠰᠠᠭᠤᠳᠠᠯ ᠢ ᠭᠦᠶᠴᠡᠳ ᠪᠣᠳᠣᠯᠬᠢᠯᠠᠵᠤ᠂ ᠬᠠᠮᠢᠶ᠎ᠠ ᠪᠥᠬᠦᠶ ᠲᠥᠰᠦᠯ ᠲᠥᠰᠦᠪ ᠢ ᠪᠣᠳᠠᠲᠠᠶ ᠨᠠᠷᠢᠯᠢᠭ ᠬᠢᠵᠦ᠂ ᠨᠠᠷᠢᠨ ᠲᠠᠩᠰᠠᠵᠢᠭᠤᠯᠬᠤ᠂ ᠪᠠᠷᠢᠮᠵᠢᠶᠠᠵᠢᠭᠤᠯᠤᠨ ᠬᠠᠮᠢᠶᠠᠷᠬᠤ ᠶᠢ ᠦᠨᠡᠨ ᠬᠦ ᠪᠡᠶᠡᠯᠡᠭᠦᠯᠵᠦ᠂ ᠡᠯ᠎ᠡ ᠵᠦᠶᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠢᠶᠠᠨ ᠪᠠᠶᠢᠩᠭᠤ ᠵᠢᠭᠰᠠᠭᠠᠨ ᠪᠠᠶᠢᠴᠠᠭᠠᠵᠤ᠂ ᠳᠤᠲᠠᠭᠤᠳᠠᠯ ᠢᠶᠠᠨ ᠴᠠᠭ ᠲᠤᠬᠠᠶ ᠳᠤᠨᠢ ᠨᠥᠬᠦᠪᠥᠷᠢᠯᠡᠵᠦ᠂ ᠪᠠᠭᠤᠷᠠᠶ ᠭᠤᠭᠴᠤᠭ᠎ᠠ ᠪᠠᠨ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠬᠡᠷᠡᠮ ᠢ ᠨᠠᠷᠢᠨ ᠨᠢᠮᠪᠠᠶ ᠪᠠᠶᠢᠷᠢᠯᠠᠭᠤᠯᠵᠤ᠂ ᠴᠢᠩᠭ᠎ᠠ ᠠᠴᠠ ᠴᠢᠩᠭ᠎ᠠ᠂ ᠪᠣᠳᠠᠲᠠᠶ ᠠᠴᠠ ᠪᠣᠳᠠᠲᠠᠶ᠂ ᠨᠠᠷᠢᠯᠢᠭ ᠠᠴᠠ ᠨᠠᠷᠢᠯᠢᠭ ᠢᠶᠠᠷ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠡᠵᠡᠮᠳᠡᠯ ᠢᠶᠠᠨ ᠠᠯᠳᠠᠵᠤ ᠶᠠᠭᠠᠬᠢᠭᠰᠠᠨ ᠴᠤ ᠪᠣᠯᠬᠤ ᠥᠬᠡᠶ᠂ ᠡᠪᠳᠡᠬᠦ ᠠᠰᠠᠭᠤᠳᠠᠯ ᠭᠠᠷᠭᠠᠵᠤ ᠶᠠᠭᠠᠬᠢᠭᠰᠠᠨ ᠴᠤ ᠪᠣᠯᠬᠤ ᠥᠬᠡᠶ ᠪᠠᠶᠢᠬᠤ ᠬᠡᠷᠡᠭᠳᠡᠢ᠃ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ ︽ᠲᠦᠷᠭᠡᠨ︾ ᠪᠠᠶᠢᠬᠤ ᠶᠢ ᠲᠤᠪᠤᠶᠢᠯᠭᠠᠨ᠎ᠠ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠭᠴᠤᠭ᠎ᠠ ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠶᠢᠨ ᠠᠵᠢᠯ ᠢ ᠨᠠᠷᠢᠨ ᠨᠢᠮᠪᠠᠢ ᠲᠥᠯᠥᠪᠵᠢᠭᠦᠯᠵᠦ᠂ ᠲᠤᠭᠤᠰᠢᠲᠠᠢ ᠪᠠᠶᠢᠷᠢᠯᠠᠭᠤᠯᠵᠤ᠂ ᠡᠯ᠎ᠡ ᠲᠠᠯ᠎ᠠ ᠶᠢᠨ ᠠᠵᠢᠯ ᠢ ᠣᠨᠣᠪᠴᠢᠲᠠᠢ ᠵᠣᠬᠢᠴᠠᠭᠤᠯᠵᠤ᠂ ᠥᠨᠳᠥᠷ ᠪᠦᠲᠦᠮᠵᠢᠲᠡᠢ ᠵᠣᠯᠭᠠᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠪᠠ ᠰᠢᠶᠳᠪᠦᠷᠢᠯᠡᠬᠦ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠲᠠᠬᠤᠯ ᠡᠪᠡᠳᠴᠢᠨ ᠢ ᠪᠠᠶᠢᠴᠠᠭᠠᠨ ᠡᠬᠢ ᠰᠤᠷᠪᠤᠯᠵᠢ ᠶᠢ ᠮᠦᠷᠳᠡᠬᠦ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠡᠩᠨᠡᠭᠡ ᠶᠢᠨ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠮᠡᠳᠡᠭᠡ ᠵᠠᠩᠬᠢᠴᠢᠯᠠᠯᠳᠠ ᠶᠢᠨ ᠠᠷᠭ᠎ᠠ ᠪᠠᠷᠢᠯ ᠢ ᠬᠡᠷᠡᠭᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠤᠷᠳᠤᠴᠠ ᠪᠠᠨ ᠳᠡᠭᠡᠭᠰᠢᠯᠡᠭᠦᠯᠵᠦ᠂ ᠬᠢᠵᠢᠭ ᠭᠠᠷᠤᠮᠠᠭᠴᠠ ᠲᠦᠷᠭᠡᠨ ᠲᠤᠰᠬᠠᠯ ᠭᠠᠷᠭᠠᠵᠤ᠂ ᠡᠷᠡᠰ ᠰᠢᠭᠤᠷᠬᠠᠶ ᠪᠠᠷ ᠰᠢᠶᠳᠪᠦᠷᠢᠯᠡᠵᠦ᠂ ᠬᠢᠵᠢᠭ ᠤᠨ ᠳᠠᠷᠬᠠᠨ ᠳᠡᠯᠭᠡᠷᠡᠬᠦ ᠶᠢ ᠳᠠᠷᠤᠶ ᠲᠦᠷᠭᠡᠨ ᠪᠦᠲᠦᠮᠵᠢᠲᠡᠶ ᠲᠠᠰᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠭᠦᠢᠴᠡᠳᠭᠡᠬᠦ ᠲᠠᠯ᠎ᠠ ᠪᠠᠷ ︽ᠪᠣᠳᠠᠲᠠᠢ︾ ᠪᠠᠶᠢᠬᠤ ᠶᠢ ᠲᠤᠪᠤᠶᠢᠯᠭᠠᠨ᠎ᠠ᠃ ᠡᠯ᠎ᠡ ᠭᠠᠵᠠᠷ ᠤᠨ ᠬᠢᠨ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠠᠳᠬᠤᠵᠤ᠂ ᠨᠠᠷᠢᠯᠢᠭ ᠬᠢᠵᠦ᠂ ᠥᠪᠡᠷ ᠤᠨ ᠬᠥᠮᠦᠨ ᠢᠶᠠᠨ ᠦᠨᠡᠨ ᠬᠦ ᠰᠠᠶᠢᠲᠤᠷ ᠬᠠᠮᠢᠶᠠᠷᠴᠤ᠂ ᠥᠪᠡᠷ ᠤᠨ ᠡᠭᠦᠳᠡ ᠪᠠᠨ ᠰᠠᠶᠢᠲᠤᠷ ᠰᠠᠬᠢᠵᠤ᠂ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠬᠡᠷᠡᠭᠲᠡᠶ᠃ ᠣᠪᠣᠷ ᠰᠤᠷᠲᠠᠯ ᠨᠢ ᠯᠠᠪᠳᠠᠭᠤᠨ ᠪᠤᠰᠤ᠂ ᠠᠵᠢᠯ ᠢ ᠰᠠᠶᠢᠲᠤᠷ ᠬᠢᠭᠰᠡᠨ ᠦᠭᠡᠢ ᠠᠴᠠ ᠪᠣᠯᠵᠣ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠳᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ ᠺᠠᠳ᠋ᠷ ᠢ ᠣᠭᠴᠠᠷᠠᠭᠤᠯᠤᠨ ᠰᠣᠯᠢᠬᠤ ᠶᠣᠰᠣᠲᠠᠶ ᠶᠢ ᠨᠢ ᠡᠷᠡᠰ ᠤᠭᠴᠠᠷᠠᠭᠤᠯᠤᠨ ᠰᠣᠯᠢᠵᠤ᠂ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠠᠴᠠ ᠨᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠰᠢᠯᠭᠠᠯᠲᠠ ᠶᠢ ᠳᠠᠭᠠᠭᠠᠵᠤ ᠳᠡᠶᠢᠯᠬᠦ ᠥᠬᠡᠶ᠂ ᠬᠠᠷᠢᠭᠤᠴᠠᠯᠭ᠎ᠠ ᠡᠭᠦᠷᠭᠡᠯᠡᠬᠦ ᠥᠬᠡᠶ᠂ ᠲᠤᠰᠢᠶᠠᠯ ᠳᠠᠭᠠᠨ ᠲᠡᠩᠴᠡᠭᠦ ᠥᠬᠡᠶ ᠺᠠᠳ᠋ᠷ ᠢ ᠡᠷᠡᠰ ᠢᠶᠠᠷ ᠪᠠᠭᠤᠯᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠯᠢ ᠶᠢᠨ ᠪᠣᠭᠤᠮᠲᠠ ᠪᠠᠷ ᠥᠩᠭᠡᠷᠡᠭᠦᠯᠬᠦ ᠶᠢ ᠨᠢᠭᠡᠳᠦᠯᠲᠡᠶ ᠲᠥᠯᠥᠪᠵᠢᠭᠦᠯᠦᠨ ᠠᠷᠭ᠎ᠠ ᠰᠦᠪᠡᠭᠴᠢᠯᠡᠵᠦ᠂ ᠬᠢᠯᠢ ᠶᠢᠨ ᠪᠣᠭᠤᠮᠲᠠ ᠪᠠᠷ ᠥᠩᠭᠡᠷᠡᠭᠦᠯᠬᠦ ᠶᠢ ᠰᠡᠷᠭᠦᠭᠡᠬᠦ ᠳᠤ ᠦᠨᠡᠯᠡᠨ ᠵᠢᠱᠢᠬᠦ ᠠᠵᠢᠯ ᠢ ᠴᠢᠩᠭ᠎ᠠ ᠰᠠᠶᠢᠲᠤᠷ ᠬᠢᠵᠦ᠂ ᠪᠣᠭᠤᠮᠲᠠ ᠪᠠᠷ ᠥᠩᠭᠡᠷᠡᠭᠦᠯᠬᠦ ᠶᠢ ᠰᠡᠷᠭᠦᠭᠡᠬᠦ ᠰᠣᠷᠢᠯᠲᠠ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠲᠣᠭᠲᠠᠪᠤᠷᠢᠵᠢᠭᠤᠯᠤᠭᠰᠠᠨ ᠤᠷᠢᠲᠠᠯ ᠳᠤᠤᠷ᠎ᠠ ᠪᠣᠭᠤᠮᠲᠠ ᠪᠠᠷ ᠥᠩᠭᠡᠷᠡᠭᠦᠯᠬᠦ ᠶᠢ ᠰᠢᠨᠵᠢᠯᠡᠬᠦ ᠤᠬᠠᠭᠠᠨᠴᠢ ᠯᠠᠪᠳᠠᠭᠤᠨ ᠡᠮᠬᠢ ᠵᠢᠷᠤᠮ ᠲᠠᠢ ᠪᠠᠷ ᠰᠡᠷᠭᠦᠭᠡᠬᠦ ᠬᠡᠷᠡᠭᠲᠡᠶ᠃ ︽ᠬᠤᠶᠠᠷ ᠪᠠᠶᠠᠷ︾ ᠤᠨ ᠡᠳᠤᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠲᠥᠷᠥᠯ ᠬᠤᠪᠢᠶᠠᠨ ᠵᠢᠯᠣᠭᠤᠳᠬᠤ᠂ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠬᠢᠵᠢᠭ ᠤᠨ ᠪᠠᠶᠢᠳᠠᠯ ᠪᠣᠯᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠴᠠᠭ ᠲᠤᠬᠠᠶ ᠳᠤᠨᠢ ᠲᠣᠭᠲᠠᠭᠠᠨ ᠨᠡᠶᠢᠲᠡᠯᠡᠵᠦ᠂ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠯᠭᠡᠵᠦ᠂ ᠬᠤᠷᠠᠨ ᠴᠤᠭᠯᠠᠷᠠᠬᠤ ᠠᠵᠢᠯᠯᠠᠭ᠎ᠠ ᠶᠢ ᠪᠠᠭᠠᠰᠬᠠᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠤᠨ ᠰᠢᠨ᠎ᠡ ᠶᠢ ᠡᠭᠦᠳᠦᠨ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠨᠢᠭᠡᠴᠢ᠂ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠤᠯᠠᠨ ᠨᠡᠶᠢᠲᠡ ᠶᠢᠨ ᠲᠠᠯᠠᠪᠤᠷ᠂ ᠵᠠᠮ ᠬᠠᠷᠢᠯᠴᠠᠭᠠᠨ ᠤ ᠲᠥᠬᠦᠬᠡᠷᠤᠮᠵᠢ ᠵᠡᠷᠭᠡ ᠶᠢᠨ ᠬᠥᠮᠦᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠦᠨᠡᠨ ᠬᠦ ᠪᠠᠭᠤᠷᠠᠭᠤᠯᠬᠤ ᠬᠡᠷᠡᠭᠲᠡᠢ᠃ ᠮᠠᠨᠵᠤᠤᠷ ᠤᠨ ᠬᠢᠵᠢᠭ ᠤᠨ ᠪᠠᠶᠢᠳᠠᠯ ᠢ ᠰᠢᠶᠳᠪᠦᠷᠢᠯᠡᠭᠰᠡᠨ ᠤ ᠳᠠᠷᠠᠭᠠᠬᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠪᠡᠳᠴᠢᠲᠡᠨ ᠢ ᠠᠪᠤᠷᠠᠨ ᠵᠠᠰᠠᠬᠤ ᠠᠵᠢᠯ ᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠳᠡᠭᠡᠷᠡᠵᠦ ᠡᠮᠨᠡᠯᠭᠡ ᠠᠴᠠ ᠭᠠᠷᠬᠤ ᠪᠠ ᠲᠤᠰᠠᠭᠠᠷᠯᠠᠬᠤ ᠬᠤᠭᠤᠴᠠᠭ᠎ᠠ ᠨᠢ ᠭᠦᠢᠴᠡᠭᠰᠡᠨ ᠬᠥᠮᠦᠰ ᠤᠨ ᠬᠠᠮᠢᠶᠠᠷᠤᠯᠲᠠ ᠶᠢᠨ ᠠᠵᠢᠯ ᠢ ᠨᠠᠷᠢᠯᠢᠭ ᠠᠳᠬᠤᠵᠤ ᠪᠣᠳᠠᠲᠠᠶ ᠠᠳᠬᠤᠨ᠂ ᠬᠢᠵᠢᠭ ᠤᠨ ᠪᠠᠶᠢᠳᠠᠯ ᠤᠨ ᠰᠦᠨᠦᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠲᠤᠶᠢᠯᠪᠤᠷᠢᠲᠠᠶ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ