ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 1 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/7


      1 ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠲᠤᠭᠤᠷᠪᠢᠬᠤ ᠵᠡᠷᠭᠡ ᠬᠤᠯᠪᠣᠭᠳᠠᠯ ᠪᠦᠬᠦᠢ ᠠᠵᠢᠯ ᠢ ᠰᠤᠳᠤᠯᠪᠠ᠃
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠷᠪᠠᠳᠤᠭᠠᠷ ᠤᠳᠠᠭ᠎ᠠ ᠶᠢᠨ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠭᠰᠠᠨ ᠤ ᠬᠤᠪᠢ ᠳᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠦᠶᠯᠡᠴᠢᠯᠡᠬᠦ ᠪᠠ ᠠᠭᠤᠰᠤᠯᠴᠠᠬᠤ ᠪᠣᠯ ᠥᠪᠥᠷ ᠮᠣᠩᠭᠤᠯ ᠤᠨ ᠡᠷᠬᠡᠪᠰᠢ ᠦᠨᠡᠨ ᠬᠦ ᠡᠭᠦᠷᠭᠡᠯᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠦᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠶᠯᠡᠴᠢᠯᠡᠬᠦ ᠪᠠ ᠠᠭᠤᠰᠤᠯᠴᠠᠬᠤ ᠲᠠᠢ ᠤᠶᠠᠯᠳᠤᠭᠤᠯᠤᠨ᠂ ᠨᠠᠩ ᠥᠨᠳᠥᠷ ᠵᠣᠭᠰᠣᠴᠠ᠂ ᠨᠠᠩ ᠶᠡᠭᠡ ᠪᠠᠶᠢᠷᠢᠰᠢᠯ᠂ ᠨᠠᠩ ᠥᠷᠭᠡᠨ ᠬᠠᠷᠠᠭᠠᠰᠤ ᠠᠴᠠ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠦᠶᠯᠡᠴᠢᠯᠡᠬᠦ ᠪᠠ ᠠᠭᠤᠰᠤᠯᠴᠠᠬᠤ ᠶᠢ ᠲᠦᠯᠦᠪᠵᠢᠭᠦᠯᠬᠦ ᠬᠡᠷᠡᠭᠲᠡᠢ᠂ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠥᠭᠦᠭᠡ ᠲᠠᠯ᠎ᠠ ᠪᠠᠷ ᠨᠡᠭᠡᠭᠡᠯᠲᠡ ᠬᠢᠬᠦ ᠶᠢ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠬᠠᠮᠲᠤᠷᠠᠯᠴᠠᠭᠠᠨ ᠤ ᠲᠦᠷᠦᠯ ᠵᠦᠢᠯ᠂ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠢ ᠬᠦᠴᠦᠯᠡᠨ ᠲᠥᠯᠥᠪᠵᠢᠭᠦᠯᠵᠦ ᠠᠬᠢᠭᠤᠯᠤᠨ᠂ ᠤᠯᠠᠨ ᠲᠦᠮᠡᠨ ᠲᠠᠢ ᠤᠢᠢᠷᠠᠳᠤᠭᠰᠠᠨ᠂ ᠬᠥᠮᠦᠰ ᠤᠨ ᠰᠡᠳᠭᠢᠯ ᠢ ᠨᠢᠭᠲᠠᠷᠠᠭᠤᠯᠤᠭᠰᠠᠨ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠤᠨ ᠪᠦᠷᠢᠯᠳᠦᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠳᠡᠭᠡᠷᠡᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠥᠪᠥᠷ ᠮᠣᠩᠭᠤᠯ ᠪᠣᠯ ᠪᠦᠬᠦ ᠤᠯᠤᠰ ᠤᠨ ᠠᠮᠤ ᠪᠤᠳᠠᠭᠠᠨ ᠤ 13 ᠭᠤᠣᠯ ᠭᠠᠷᠤᠯᠲᠠ ᠶᠢᠨ ᠣᠷᠣᠨ ᠤ ᠨᠢᠭᠡ ᠪᠣᠯᠤᠨ᠎ᠠ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠎ ᠤ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠬᠦᠴᠦᠲᠡᠢ ᠰᠠᠶᠢᠲᠤᠷ ᠬᠢᠬᠦ ᠬᠡᠷᠡᠭᠲᠡᠢ᠃ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠪᠦᠬᠦ ᠬᠦᠴᠦᠨ ᠢᠶᠠᠷ ᠪᠠᠲᠤᠯᠠᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠦᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠪᠠᠷᠢᠮᠲᠠᠯᠠᠵᠤ᠂ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠳᠠᠪᠠᠭᠤᠯᠢᠭ ᠤᠨᠴᠠᠯᠢᠬᠳᠤ ᠡᠭᠦᠯᠳᠡᠷ ᠢ ᠪᠣᠶᠢᠵᠢᠭᠤᠯᠬᠤ᠂ ᠡᠭᠦᠯᠳᠡᠷ ᠢ ᠰᠠᠶᠢᠵᠢᠷᠠᠭᠤᠯᠬᠤ ᠲᠦᠪᠰᠢᠨ ᠢ ᠳᠡᠭᠡᠭᠰᠢᠯᠡᠭᠦᠯᠬᠦ ︽ᠭᠤᠷᠪᠠᠨ ᠶᠡᠭᠡ ᠢᠨᠵᠧᠨᠧᠷᠢᠩ︾᠎ ᠢ ᠶᠡᠭᠡ ᠪᠠᠷ ᠬᠡᠷᠡᠭᠵᠢᠭᠦᠯᠵᠦ᠂ ᠲᠥᠮᠥᠰᠥ᠂ ᠰᠢᠷ᠎ᠠ ᠪᠤᠷᠴᠠᠭ ᠤᠨ ᠦᠷ᠎ᠡ ᠶᠢ ᠪᠣᠶᠢᠵᠢᠭᠤᠯᠬᠤ ᠤᠯᠤᠰ ᠤᠨ ᠲᠡᠰ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠡᠷᠡᠰ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠵᠦ᠂ ᠪᠥᠲᠥᠭᠡᠨ ᠪᠠᠶᠢᠭᠤᠯᠬᠤ ᠪᠠᠷᠢᠮᠵᠢᠶ᠎ᠠ ᠶᠢ ᠴᠢᠩᠳᠠᠯᠠᠨ᠂ ᠢᠨᠵᠧᠨᠧᠷᠢᠩ ᠤᠨ ᠶᠠᠰᠤ ᠴᠢᠨᠠᠷ ᠢ ᠴᠢᠩᠭ᠎ᠠ ᠡᠵᠡᠮᠳᠡᠵᠦ᠂ ᠪᠥᠬᠦ ᠵᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢ ᠭᠦᠨᠵᠡᠭᠡᠢ ᠲᠥᠯᠥᠪᠵᠢᠭᠦᠯᠵᠦ᠂ ᠶᠡᠭᠡ ᠪᠠᠷ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠢ ᠵᠢᠯᠣᠭᠤᠳᠬᠤ ᠪᠠ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠦᠬᠦᠶᠢᠯᠡ ᠰᠢᠶᠠᠩ ᠪᠦᠬᠦᠶᠢᠯᠡ ᠪᠠᠯᠭᠠᠰᠤᠨ ᠳᠤ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠡᠭᠦᠰᠭᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠲᠤᠭᠤᠷᠪᠢᠬᠤ ᠵᠢᠴᠢ ᠪᠤᠰᠤᠳ ᠵᠦᠢᠯ ᠢ ᠰᠤᠳᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ