1 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠪᠣᠯᠤᠨ ᠪᠦᠬᠦ | ᠤᠯᠤᠰ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠪᠣᠯᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ | ᠲᠠᠪᠤᠳᠤᠭᠠᠷ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠪᠥᠬᠦ ᠤᠯᠤᠰ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠤᠬᠠᠮᠰᠠᠷᠲᠤ ᠴᠢᠨᠠᠷ | ᠪᠣᠯᠤᠨ ᠡᠷᠡᠰ ᠪᠠᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠮᠠᠨ ᠤ ᠣᠷᠣᠨ ᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢᠨ | ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠨᠢᠭᠡ ᠪᠦᠷᠢ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠳᠤ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ | ᠬᠤᠯᠪᠣᠭᠳᠠᠯ ᠪᠦᠬᠦᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠢᠮᠠᠭᠲᠠ ︽ᠬᠤᠶᠠᠷ ᠢ | ᠬᠠᠮᠠᠭᠠᠯᠠᠬᠤ︾ ᠪᠠᠷ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠰᠢᠯᠭᠠᠬᠤ ᠦᠨᠳᠦᠰᠦᠨ ᠵᠦᠭᠯᠡᠭᠦᠷ ᠪᠣᠯᠭᠠᠬᠤ ᠬᠡᠷᠡᠭᠲᠡᠢ᠃ ᠬᠠᠨᠳᠤᠯᠭᠠᠳᠤ ᠴᠢᠨᠠᠷ ᠪᠣᠯᠤᠨ | ᠵᠢᠯᠣᠭᠤᠳᠬᠤ ᠴᠢᠨᠠᠷ ᠢ ᠲᠤᠪᠤᠶᠢᠯᠭᠠᠵᠤ᠂ ᠤᠨᠤᠴᠠᠲᠠᠢ ᠪᠣᠳᠠᠲᠠᠢ ᠪᠦᠲᠦᠮᠵᠢᠳᠡᠢ ᠪᠠᠶᠢᠯᠭᠠᠵᠦ᠂ ᠨᠠᠮ ᠤᠨ ᠳᠣᠲᠣᠭᠠᠳᠤ ᠶᠢᠨ ᠬᠠᠤᠯᠢ ᠲᠤᠭᠲᠠᠭᠠᠯ ᠤᠨ ᠠᠵᠢᠯ ᠤᠨ ᠶᠠᠰᠤ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠵᠦ ᠨᠠᠶᠢᠳᠠᠪᠤᠷᠢᠵᠢᠭᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ︽ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠲᠣᠭᠲᠠᠭᠠᠯ︾ ᠢ ᠴᠢᠩᠭ᠎ᠠ | ᠬᠡᠷᠡᠭᠵᠢᠭᠦᠯᠵᠦ᠂ ᠵᠠᠩᠭᠢᠯᠠᠭ᠎ᠠ ᠶᠢᠨ ᠭᠤᠭᠴᠤᠭ᠎ᠠ᠂ ᠵᠠᠩᠭᠢᠯᠠᠭ᠎ᠠ ᠶᠢᠨ ᠲᠦᠷᠢᠮ ᠲᠣᠭᠲᠠᠭᠠᠯ᠂ ᠵᠠᠩᠭᠢᠯᠠᠭ᠎ᠠ ᠶᠢᠨ ᠬᠥᠮᠦᠨ ᠢ ᠠᠳᠬᠤᠵᠤ᠂ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠢ ᠬᠦᠴᠦᠲᠡᠢ ᠬᠡᠷᠡᠭᠵᠢᠭᠦᠯᠵᠦ᠂ ᠪᠣᠳᠠᠲᠠᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠱᠠᠯᠠᠪᠳᠠᠭᠤᠯᠤᠨ | ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠬᠡᠷᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠲᠤᠰᠬᠠᠢ ᠴᠡᠭᠴᠡᠯᠡᠨ ᠵᠠᠰᠠᠵᠤ᠂ ᠲᠦᠷᠢᠮ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠢ ᠦᠨᠡᠨ ᠬᠦ ︽ᠴᠠᠬᠢᠯᠭᠠᠨᠳᠤ ᠥᠨᠳᠥᠷ ᠬᠦᠴᠦᠳᠡᠯᠲᠦ ᠴᠠᠬᠢᠯᠭᠠᠨ ᠤᠲᠠᠰᠤ︾ ᠪᠣᠯᠭᠠᠬᠤ ᠬᠡᠷᠡᠭᠲᠡᠢ᠃ ᠡᠯ᠎ᠡ ᠱᠠᠲᠤᠨ ᠤ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠣᠬᠢᠶᠠᠨ ᠪᠠᠶᠢᠭᠤᠯᠵᠤ ᠤᠳᠤᠷᠢᠳᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ ᠰᠠᠶᠢᠲᠤᠷ | ᠭᠦᠢᠴᠡᠳᠭᠡᠵᠦ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠲᠣᠭᠲᠠᠮᠠᠯ | ᠬᠤᠭᠤᠴᠠᠭ᠎ᠠ ᠲᠠᠢ ᠪᠠᠷ ᠰᠣᠨᠣᠰᠴᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ | ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠤᠯᠤᠭᠰᠠᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠣᠯᠤᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭᠠᠨ ᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠵᠤ᠂ ᠲᠤᠰ ᠤᠳᠠᠭ᠎ᠠ ᠶᠢᠨ ᠶᠠᠷᠢᠯᠴᠠᠬᠤ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠡᠭᠦᠷᠭᠡ ᠴᠢᠳᠠᠪᠬᠢ ᠶᠢᠨ ᠦᠢᠯᠡᠳᠦᠯ ᠢ ᠨᠡᠩ ᠰᠠᠶᠢᠳᠤᠷ ᠪᠠᠳᠠᠷᠠᠭᠤᠯᠵᠤ᠂ ᠰᠢᠨ᠎ᠡ | ᠴᠠᠭ ᠦᠶ᠎ᠡ ᠶᠢᠨ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ | ᠲᠡᠭᠦᠯᠳᠡᠷᠵᠢᠨ ᠬᠥᠭᠵᠢᠭᠦ ᠶᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ | ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠪᠠᠶᠢᠭ᠎ᠠ | ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠪᠠ᠃ ᠬᠤᠷᠠᠯ ᠠᠴᠠ᠂ ᠵᠢᠯ ᠳᠤ ᠨᠢᠭᠡ ᠤᠳᠠᠭ᠎ᠠ ᠬᠤᠷᠠᠯᠳᠤᠬᠤ ᠥᠪᠡᠷᠲᠡᠭᠡᠨ ᠵᠠᠰᠠᠬᠤ ᠣᠷᠣᠨ ᠤ ︽ᠬᠤᠶᠠᠷ | ᠬᠤᠷᠠᠯ︾ ᠪᠣᠯ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠪᠣᠯᠤᠨ᠎ᠠ᠂ | ᠡᠯ᠎ᠡ ᠲᠠᠯ᠎ᠠ ᠶᠢᠨ ᠬᠢᠨ ᠬᠦᠴᠦ ᠪᠠᠨ ᠬᠠᠮᠲᠤᠳᠬᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠶᠡᠭᠡ ᠬᠤᠷᠠᠯ ᠤᠨ ᠠᠮᠤᠷ ᠲᠦᠪᠰᠢᠨ ᠡᠮᠬᠢ ᠵᠢᠷᠤᠮ ᠲᠠᠢ᠂ ᠲᠡᠭᠦᠰ | ᠠᠮᠵᠢᠯᠲᠠ ᠤᠯᠬᠤ ᠶᠢ ᠪᠠᠲᠤᠯᠠᠬᠤ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠡᠯ᠎ᠡ ᠵᠦᠶᠯ ᠤᠨ ᠪᠡᠯᠡᠳᠭᠡᠯ ᠠᠵᠢᠯ ᠢ ᠴᠢᠩᠭ᠎ᠠ ᠠᠴᠠ ᠴᠢᠩᠭ᠎ᠠ᠂ ᠨᠠᠷᠢᠯᠢᠭ ᠠᠴᠠ | ᠨᠠᠷᠢᠯᠢᠭ ᠰᠠᠶᠢᠲᠤᠷ ᠬᠢᠬᠦ ᠬᠡᠷᠡᠭᠲᠡᠶ ᠭᠡᠵᠤ ᠴᠢᠬᠤᠯᠠᠴᠢᠯᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2021 ᠣᠨ ᠤ ᠬᠠᠤᠯᠢ | ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2022 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠰᠤᠳᠤᠯᠪᠠ᠃ ᠬᠤᠷᠠᠯ ᠠᠴᠠ᠂ | ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠤᠯᠢ | ᠲᠣᠭᠲᠠᠭᠠᠬᠤ ᠲᠥᠯᠥᠪᠯᠡᠭᠡ ᠶᠢᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠶᠡᠭᠡ ᠬᠡᠮᠵᠢᠶᠡᠨ ᠤ ᠦᠷ᠎ᠡ ᠪᠦᠲᠦᠮᠵᠢᠲᠡᠢ ᠠᠵᠢᠯ ᠢ ᠬᠢᠵᠦ᠂ ᠰᠠᠶᠢᠨ ᠲᠤᠷᠰᠢᠯᠭ᠎ᠠ ᠪᠠ | ᠠᠷᠭ᠎ᠠ ᠬᠢᠳᠡᠯ ᠢ ᠬᠤᠷᠠᠮᠳᠤᠭᠤᠯᠤᠭᠰᠠᠨ ᠪᠠᠶᠢᠨ᠎ᠠ ᠭᠡᠵᠤ ᠵᠢᠭᠠᠵᠤ ᠭᠠᠷᠭᠠᠵᠠᠢ᠃ ᠬᠤᠷᠠᠯ ᠠᠴᠠ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ | ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠨᠠᠮ ᠤᠨ ᠬᠤᠷᠢᠶ᠎ᠠ ᠠᠴᠠ ᠤᠳᠤᠷᠢᠳᠬᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠭᠤᠣᠯᠯᠠᠨ ᠬᠢᠬᠦ᠂ ᠵᠠᠰᠠᠭ ᠤᠨ ᠣᠷᠳᠣᠨ ᠳᠤ ᠲᠦᠰᠢᠭᠯᠡᠬᠦ᠂ ᠨᠡᠶᠢᠭᠡᠮ ᠤᠷᠤᠯᠴᠠᠬᠤ ᠬᠠᠤᠯᠢ ᠲᠣᠭᠲᠠᠭᠠᠬᠤ ᠠᠵᠢᠯ ᠤᠨ | ᠪᠠᠶᠢᠷᠢᠰᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠰᠡᠳᠦᠪ ᠢ ᠲᠣᠭᠲᠠᠭᠠᠬᠤ᠂ ᠨᠤᠤᠷᠠᠭᠯᠠᠬᠤ᠂ ᠨᠤᠲᠠᠯᠠᠬᠤ᠂ | ᠵᠣᠬᠢᠴᠠᠭᠤᠯᠬᠤ᠂ ᠬᠢᠨᠠᠨ ᠵᠥᠪᠯᠡᠬᠦ ᠲᠣᠭᠲᠡᠴᠡ ᠶᠢ ᠪᠦᠷᠢᠨᠰᠢᠭᠦᠯᠵᠤ᠂ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠡᠨᠡ ᠬᠦ ᠵᠠᠩᠭᠢᠯᠠᠭ᠎ᠠ ᠶᠢ ᠴᠢᠩᠭ᠎ᠠ | ᠠᠳᠬᠤᠨ ᠶᠡᠭᠡ ᠬᠦᠴᠦ ᠣᠷᠣᠭᠤᠯᠵᠤ᠂ ᠦᠨᠡᠨ ᠬᠦ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠯᠲᠠ ᠶᠢ ᠪᠠᠲᠤᠯᠠᠬᠤ ᠬᠡᠷᠡᠭᠲᠡᠢ᠃ ᠬᠠᠤᠯᠢ | ᠲᠤᠭᠳᠠᠭᠠᠬᠤ ᠦᠢᠯᠡᠴᠢᠯᠡᠭᠡ ᠪᠠᠷ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ | ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ ᠬᠠᠤᠯᠢ ᠲᠣᠭᠲᠠᠭᠠᠬᠤ ᠠᠵᠢᠯ ᠢ ᠲᠥᠯᠥᠪᠵᠢᠭᠦᠯᠦᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠳᠤ ᠦᠨᠡᠨ ᠬᠦ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2021 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠯᠬᠡ ᠬᠢᠬᠦ ᠲᠥᠯᠥᠪᠯᠡᠭᠡ ᠪᠠᠨ ᠵᠣᠬᠢᠶᠠᠨ | ᠪᠠᠶᠢᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ 2022 ᠣᠨ ᠤ ᠤᠯᠤᠰ | ᠲᠦᠷᠦ ᠶᠢᠨ ᠵᠥᠪᠯᠡᠯᠭᠡᠨ ᠤ ᠵᠥᠪᠯᠡᠯᠭᠡ ᠬᠢᠬᠦ ᠲᠥᠯᠥᠪᠯᠡᠭᠡ ᠶᠢ ᠰᠤᠳᠤᠯᠪᠠ᠃ ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ | ᠤᠯᠤᠰ ᠲᠦᠷᠦ ᠶᠢᠨ ᠵᠥᠪᠯᠡᠯᠭᠡᠨ ᠵᠢᠯ ᠤᠨ ᠡᠬᠢᠨ ᠳᠤ ᠲᠣᠭᠲᠠᠭᠠᠭᠰᠠᠨ ᠵᠥᠪᠯᠡᠯᠭᠡ ᠬᠢᠬᠦ ᠲᠥᠯᠥᠪᠯᠡᠭᠡ ᠪᠠᠨ ᠰᠠᠶᠢᠲᠤᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ | ᠭᠦᠨᠵᠡᠭᠡᠢ ᠯᠠᠪᠳᠠᠭᠤᠨ ᠪᠠᠲᠤᠲᠠᠢ ᠪᠠᠶᠢᠴᠠᠭᠠᠨ ᠰᠤᠳᠤᠯᠤᠯᠲᠠ ᠬᠢᠭᠰᠡᠨ ᠪᠦᠭᠡᠳ ᠤᠯᠠᠨ ᠶᠠᠩᠵᠤ ᠬᠡᠯᠪᠡᠷᠢ ᠶᠢᠨ ᠵᠥᠪᠯᠡᠯᠭᠡ ᠬᠢᠬᠦ ᠠᠵᠢᠯᠯᠠᠭ᠎ᠠ ᠶᠢ ᠥᠷᠨᠢᠭᠦᠯᠵᠦ᠂ ᠨᠢᠭᠡ | ᠪᠦᠯᠦᠭ ᠴᠢᠨᠠᠷ ᠰᠠᠶᠢᠲᠠᠢ ᠵᠥᠪᠯᠡᠯᠭᠡ ᠬᠢᠭᠰᠡᠨ ᠦᠷ᠎ᠡ ᠪᠦᠲᠦᠭᠡᠯ ᠢ ᠪᠦᠷᠢᠯᠳᠦᠭᠦᠯᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠤᠷᠠᠳᠤᠭᠰᠠᠨ ᠡᠨᠡ ᠵᠢᠯ ᠤᠨ ᠵᠥᠪᠯᠡᠯᠭᠡ | ᠬᠢᠬᠦ ᠲᠥᠯᠥᠪᠯᠡᠭᠡ ᠨᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠲᠠᠢ ᠨᠢᠬᠳᠠ ᠤᠶᠠᠯᠳᠤᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠴᠢᠩᠭ᠎ᠠ ᠤᠬᠠᠮᠰᠠᠷ ᠢ ᠭᠦᠢᠴᠡᠳ ᠢᠯᠡᠷᠡᠭᠦᠯᠪᠠ᠂ | ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |