ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ᠂ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ | ︽ᠬᠤᠶᠠᠷ ᠢ ᠬᠦᠩᠭᠡᠷᠡᠭᠦᠯᠬᠦ︾ ᠠᠵᠢᠯ ᠢ ᠪᠠᠶᠢᠷᠢᠯᠠᠭᠤᠯᠵᠤ᠂ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠪᠦᠯ ᠤᠨ ᠠᠮᠠᠷᠠᠯᠲᠠ ᠶᠢᠨ | ᠬᠤᠭᠤᠴᠠᠭᠠᠨ ᠳᠠᠬᠢ ᠠᠮᠠᠷᠠᠬᠤ ᠡᠷᠬᠡ ᠶᠢ ᠪᠠᠲᠤᠯᠠᠬᠤ ᠪᠠᠷ ᠪᠤᠢ᠃ | ︽ᠬᠤᠶᠠᠷ ᠢ ᠬᠦᠩᠭᠡᠷᠡᠭᠦᠯᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠰᠤᠷᠭᠠᠭᠤᠯᠢ ᠶᠢᠨ ᠭᠠᠳᠠᠨᠠᠬᠢ | ᠬᠢᠴᠢᠶᠡᠯ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠬᠢᠴᠢᠶᠡᠯ ᠲᠥᠷᠥᠯ ᠤᠨ | ᠪᠣᠯᠪᠠᠰᠤᠷᠠᠯ ᠤᠨ ᠦᠢᠯᠡᠴᠢᠯᠡᠭᠡ ᠥᠷᠨᠢᠭᠦᠯᠬᠦ ᠶᠢ ᠪᠥᠬᠦ ᠲᠠᠯ᠎ᠠ ᠪᠠᠷ ᠵᠣᠭᠰᠣᠭᠠᠬᠤ ᠬᠡᠷᠡᠭᠲᠡᠶ᠃ ᠮᠡᠳᠡᠭᠳᠡᠯ ᠳᠤ ᠱᠠᠭᠠᠷᠳᠠᠭᠰᠠᠨ ᠨᠢ᠂ ᠪᠥᠬᠦ ᠣᠷᠣᠨ ᠤ ᠡᠯ᠎ᠡ ᠭᠠᠵᠠᠷ ᠤᠨ | ᠬᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢᠶᠠᠨ ᠰᠢᠯᠤᠭᠤᠳᠬᠠᠵᠤ᠂ ᠨᠡᠶᠢᠭᠡᠮ ᠤᠨ ᠬᠢᠨᠠᠯᠲᠠ ᠲᠠᠯᠪᠢᠭᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠂ ︽ᠬᠤᠶᠠᠷ ᠢ ᠬᠦᠩᠭᠡᠷᠡᠭᠦᠯᠬᠦ︾ ᠠᠵᠢᠯ ᠳᠠᠬᠢ ᠬᠢᠨᠠᠯᠲᠠ ᠶᠢᠨ ᠬᠠᠷᠠᠭᠠᠰᠤ ᠶᠢ ᠲᠠᠰᠤᠷᠠᠯᠲᠠ ᠥᠬᠡᠶ ᠥᠷᠭᠡᠳᠬᠡᠵᠦ᠂ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠬᠢᠨᠠᠯᠲᠠ ᠶᠢᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ᠡᠯ᠎ᠡ ᠭᠠᠵᠠᠷ ᠤᠨ ᠰᠤᠷᠭᠠᠨ ᠬᠥᠮᠦᠵᠢᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠰᠦᠯᠵᠢᠶᠡᠨ ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠤᠳ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ | ᠭᠠᠳᠠᠭᠤᠷ ᠬᠤᠯᠪᠣᠭᠠᠯᠠᠨ ᠬᠥᠳᠡᠯᠦᠯᠴᠡᠬᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠷᠭᠠᠭᠤᠯᠢ ᠶᠢᠨ | ᠭᠠᠳᠠᠨᠠᠬᠢ ᠬᠢᠴᠢᠶᠡᠯ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠪᠣᠯᠪᠠᠰᠤᠷᠠᠯ ᠤᠨ ᠦᠢᠯᠡ ᠠᠵᠢᠯᠯᠠᠭ᠎ᠠ ᠳᠤ ᠪᠠᠶᠢᠩᠭᠤ ᠶᠢᠨ ᠴᠢᠨᠠᠷᠲᠠᠢ ᠪᠠᠶᠢᠴᠠᠭᠠᠯᠲᠠ ᠬᠢᠵᠦ᠂ | ᠭᠡᠷᠡᠴᠢ ᠦᠨᠡᠮᠯᠡᠯ ᠥᠬᠡᠶ᠂ ᠭᠡᠷᠡᠴᠢ ᠦᠨᠡᠮᠯᠡᠯ ᠨᠢ ᠪᠦᠷᠢᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠪᠠᠶᠢᠳᠠᠯ ᠢ ᠤᠶᠢᠯᠠᠭᠠᠨ | ᠲᠣᠳᠤᠯᠠᠬᠤ ᠪᠠ ᠵᠢᠭᠰᠠᠭᠠᠨ ᠪᠠᠶᠢᠴᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠬᠢᠴᠢᠶᠡᠯ ᠲᠥᠷᠥᠯ ᠤᠨ ᠪᠣᠯᠪᠠᠰᠤᠷᠠᠯ ᠢ | ᠲᠣᠭᠲᠠᠭᠠᠯ ᠠᠴᠠ ᠵᠥᠷᠢᠴᠡᠨ ᠥᠷᠨᠢᠭᠦᠯᠬᠦ ᠶᠢ ᠡᠷᠡᠰ ᠰᠡᠷᠭᠡᠶᠢᠯᠡᠵᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠶᠢ ᠰᠢᠢᠳᠪᠦᠷᠢᠯᠡᠪᠡᠯ | ᠨᠢᠭᠡ ᠶᠢ ᠵᠠᠷᠯᠠᠬᠤ ᠬᠡᠷᠡᠭᠲᠡᠢ ᠭᠡᠵᠡᠢ᠃ | ᠮᠡᠳᠡᠭᠳᠡᠯ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠲᠣᠭᠲᠠᠭᠠᠯ ᠠᠴᠠ ᠵᠥᠷᠢᠴᠡᠨ ᠬᠢᠴᠢᠶᠡᠯ ᠨᠥᠬᠦᠬᠦ ᠠᠵᠢᠯᠯᠠᠭ᠎ᠠ ᠶᠢ ᠡᠷᠡᠰ | ᠬᠤᠷᠢᠭᠯᠠᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠳᠠᠰᠬᠠᠯ ᠲᠣᠬᠢᠷᠠᠭᠤᠯᠵᠤ᠂ ᠠᠮᠠᠷᠠᠯᠲᠠ ᠶᠢᠨ ᠬᠤᠭᠤᠴᠠᠭᠠᠨ ᠤ ᠳᠠᠰᠬᠠᠯ ᠤᠨ ᠶᠡᠷᠦᠩᠬᠡᠶ ᠬᠡᠮᠵᠢᠶ᠎ᠡ ᠶᠢ | ᠴᠢᠩᠭ᠎ᠠ ᠬᠢᠵᠠᠭᠠᠷᠯᠠᠨ᠂ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠠᠮᠠᠷᠠᠯᠲᠠ ᠶᠢᠨ ᠬᠤᠭᠤᠴᠠᠭᠠᠨ ᠤ ᠳᠠᠰᠬᠠᠯ ᠲᠣᠬᠢᠷᠠᠭᠤᠯᠬᠤ ᠦᠭᠡᠶ ᠪᠠᠶᠢᠬᠤ | ᠬᠡᠷᠡᠭᠲᠡᠢ᠃ ᠪᠠᠭᠰᠢ ᠶᠢᠨ ᠮᠣᠷᠠᠯ ᠰᠤᠷᠲᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠯ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠴᠠ | ᠰᠤᠷᠤᠭᠴᠢᠳ ᠢ ᠵᠣᠬᠢᠶᠠᠨ ᠪᠠᠶᠢᠭᠤᠯᠬᠤ᠂ ᠲᠠᠨᠢᠯᠴᠠᠭᠤᠯᠬᠤ ᠪᠤᠶᠤ ᠬᠥᠲᠥᠯᠦᠨ ᠵᠢᠯᠣᠭᠤᠳᠴᠤ ᠪᠠᠶᠢᠭᠠᠳ ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ | ᠣᠷᠣᠯᠴᠠᠭᠤᠯᠬᠤ ᠶᠢ ᠴᠢᠩᠭ᠎ᠠ ᠴᠠᠭᠠᠵᠠᠯᠠᠵᠤ᠂ ᠲᠤᠰᠢᠶᠠᠯ ᠳᠤ ᠪᠠᠶᠢᠭ᠎ᠠ ᠪᠠᠭᠰᠢ ᠬᠡᠷᠪᠡ ᠲᠣᠭᠲᠠᠭᠠᠯ ᠠᠴᠠ ᠵᠥᠷᠢᠴᠡᠨ ᠬᠢᠴᠢᠶᠡᠯ ᠨᠥᠬᠦᠭᠰᠡᠨ ᠪᠠᠶᠢᠪᠠᠯ᠂ ᠪᠠᠶᠢᠭ᠎ᠠ | ᠰᠤᠷᠭᠠᠭᠤᠯᠢ ᠶᠢᠨ ᠬᠠᠷᠢᠭᠤᠴᠠᠯᠭ᠎ᠠ ᠶᠢ ᠭᠡᠳᠡᠷᠭᠡᠨ ᠪᠠᠶᠢᠴᠠᠭᠠᠬᠤ ᠬᠡᠷᠡᠭᠲᠡᠶ ᠭᠡᠵᠡᠢ᠃ ᠮᠡᠳᠡᠭᠳᠡᠯ ᠳᠤ ᠨᠥᠬᠦᠴᠡᠯ ᠲᠠᠢ ᠰᠤᠷᠭᠠᠭᠤᠯᠢ ᠨᠤᠭᠤᠳ ᠰᠤᠷᠤᠭᠴᠢᠳ ᠤᠨ | ᠡᠪᠦᠯ ᠤᠨ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠢᠳᠡᠪᠬᠢᠲᠡᠶ ᠪᠠᠷ ᠡᠭᠦᠷᠭᠡᠯᠡᠬᠦ ᠶᠢ ᠵᠣᠷᠢᠭᠵᠢᠭᠤᠯᠵᠤ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠠᠵᠢᠯᠴᠢᠨ ᠤ ᠡᠪᠯᠡᠯ᠂ ᠨᠡᠶᠢᠭᠡᠮ ᠲᠣᠭᠤᠷᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠣᠯᠠᠨ ᠵᠦᠢᠯ ᠤᠨ | ᠠᠷᠭ᠎ᠠ ᠵᠠᠮ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠰᠤᠷᠤᠭᠴᠢᠳ ᠲᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ | ᠬᠠᠩᠭᠠᠬᠤ ᠶᠢ ᠵᠣᠷᠢᠭᠵᠢᠭᠤᠯᠤᠨ᠎ᠠ ᠭᠡᠵᠡᠢ᠃ ᠮᠡᠳᠡᠭᠳᠡᠯ ᠳᠤ ᠪᠠᠰᠠ ᠲᠣᠳᠣᠷᠬᠠᠶ ᠲᠣᠭᠲᠠᠭᠠᠭᠰᠠᠨ ᠨᠢ᠂ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡ ᠨᠢ ᠬᠠᠷᠠᠭᠠᠯᠵᠠᠨ ᠰᠤᠪᠢᠯᠠᠬᠤ ᠪᠠᠷ ᠭᠤᠤᠯ ᠪᠣᠯᠭᠠᠵᠤ᠂ ᠵᠠᠷᠢᠮ ᠰᠣᠶᠣᠯ ᠲᠠᠮᠢᠷ ᠤᠨ ᠠᠵᠢᠯᠯᠠᠭ᠎ᠠ᠂ ᠳᠠᠰᠬᠠᠯ ᠬᠠᠪᠰᠤᠷᠤᠨ ᠵᠢᠯᠣᠭᠤᠳᠬᠤ ᠵᠡᠷᠭᠡ | ᠦᠢᠯᠡᠴᠢᠯᠡᠭᠡ ᠶᠢ ᠵᠦᠶ ᠵᠣᠬᠢᠰᠲᠠᠶ ᠵᠣᠬᠢᠶᠠᠨ ᠪᠠᠶᠢᠭᠤᠯᠵᠤ ᠪᠣᠯᠤᠨ᠎ᠠ᠂ ᠭᠡᠪᠡᠴᠦ ᠵᠣᠬᠢᠶᠠᠨ ᠪᠠᠶᠢᠭᠤᠯᠵᠤ ᠪᠠᠶᠢᠭᠠᠳ ᠬᠠᠮᠲᠤ ᠪᠠᠷ ᠬᠢᠴᠢᠶᠡᠯ ᠨᠦᠬᠦᠵᠦ᠂ ᠰᠢᠨ᠎ᠡ ᠬᠢᠴᠢᠶᠡᠯ | ᠵᠢᠭᠠᠬᠤ ᠶᠢ ᠴᠢᠩᠭ᠎ᠠ ᠴᠠᠭᠠᠵᠠᠯᠠᠨ᠎ᠠ ᠭᠡᠵᠡᠢ᠃ | ᠮᠡᠳᠡᠭᠳᠡᠯ ᠳᠤ ᠪᠠᠰᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ︽ᠬᠤᠶᠠᠷ ᠢ ᠬᠦᠩᠭᠡᠷᠡᠭᠦᠯᠬᠦ︾ ᠠᠬᠤᠶ ᠪᠠᠶᠢᠳᠠᠯ ᠳᠣᠤᠷᠠᠬᠢ ᠪᠠᠭᠰᠢ ᠶᠢ ᠬᠠᠯᠠᠮᠵᠢᠯᠠᠨ | ᠬᠠᠶᠢᠷᠠᠯᠠᠬᠤ ᠠᠵᠢᠯ ᠤᠨ ᠬᠠᠮᠢᠶ᠎ᠠ ᠪᠥᠬᠦᠶ ᠢᠵᠢ ᠪᠦᠷᠢᠳᠦᠭᠦᠯᠦᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠢᠯᠠᠩᠭᠤᠶ᠎ᠠ | ᠪᠠᠭᠰᠢ ᠶᠢᠨ ︽ᠠᠮᠢᠳᠤᠯᠢᠭ ᠢᠶᠠᠷ ᠠᠵᠢᠯᠯᠠᠵᠤ ᠠᠮᠠᠷᠠᠬᠤ︾ ᠲᠦᠷᠢᠮ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢ ᠵᠢᠯᠤᠭᠤᠳᠤᠨ | ︽ᠨᠢᠭᠡ ᠰᠤᠷᠭᠠᠭᠤᠯᠢ ᠳᠤ ᠨᠢᠭᠡ ᠬᠡᠷᠡᠭ︾ ᠤᠨ ᠪᠣᠳᠠᠲᠠᠶ ᠨᠠᠶᠢᠳᠠᠪᠤᠷᠢᠵᠢᠭᠤᠯᠬᠤ ᠲᠥᠰᠦᠯ ᠢ ᠲᠣᠭᠲᠠᠭᠠᠨ᠂ ᠡᠷᠬᠡᠪᠰᠢ 2022 ᠣᠨ ᠤ ᠬᠠᠪᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠦᠶ᠎ᠡ ᠳᠤ ᠨᠠᠶᠢᠳᠠᠪᠤᠷᠢᠵᠢᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠲᠠᠢ | ᠤᠶᠠᠯᠳᠤᠭᠤᠯᠤᠨ᠂ ᠬᠡᠷ ᠪᠦᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠷ ᠤᠨ ᠠᠬᠠᠮᠠᠳ ᠤᠨ ᠰᠢᠨᠵᠢᠯᠡᠬᠦ ᠤᠬᠠᠭᠠᠨᠴᠢ | ᠰᠤᠷᠭᠠᠨ ᠬᠥᠮᠦᠵᠢᠯ ᠤᠨ ᠦᠵᠡᠯᠲᠡ᠂ ᠴᠢᠳᠠᠪᠤᠷᠢᠲᠠᠨ ᠬᠦᠮᠦᠵᠢᠭᠦᠯᠬᠦ ᠦᠵᠡᠯᠲᠡ ᠶᠢ ᠪᠣᠶ ᠪᠣᠯᠭᠠᠬᠤ ᠶᠢ ᠬᠦᠲᠦᠯᠦᠨ ᠵᠢᠯᠤᠭᠤᠳᠴᠤ᠂ ᠰᠤᠷᠤᠭᠴᠢᠳ ᠢ ᠬᠥᠲᠥᠯᠦᠨ | ᠵᠢᠯᠣᠭᠤᠳᠴᠤ ᠪᠠᠶᠢᠭᠠᠳ ᠴᠢᠳᠠᠯ ᠤᠨ ᠬᠢᠷᠢ ᠪᠠᠷ ᠨᠢ ᠬᠡᠷ ᠤᠨ ᠠᠵᠢᠯ ᠳᠤ ᠬᠠᠪᠰᠤᠷᠴᠦ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠭᠡᠮ ᠤᠨ ᠦᠢᠯᠡᠳᠦᠯᠭᠡ᠂ | ᠤᠩᠰᠢᠯᠭ᠎ᠠ ᠪᠠ ᠤᠳᠬ᠎ᠠ ᠤᠷᠠᠯᠢᠭ ᠵᠡᠷᠭᠡ ᠠᠵᠢᠯᠯᠠᠭ᠎ᠠ ᠦᠷᠨᠢᠭᠦᠯᠦᠨ᠂ ᠰᠤᠷᠤᠭᠴᠢᠳ ᠢ ᠠᠮᠤᠷ ᠲᠦᠪᠰᠢᠨ᠂ ᠪᠠᠶᠠᠷ ᠬᠥᠷ ᠲᠠᠢ᠂ ᠡᠷᠡᠭᠦᠯ ᠴᠢᠭᠢᠷᠠᠭ᠂ ᠤᠳᠬ᠎ᠠ | ᠠᠭᠤᠯᠭ᠎ᠠ ᠲᠠᠢ ᠪᠠᠷ ᠠᠮᠠᠷᠠᠯᠲᠠ ᠪᠠᠨ ᠥᠩᠭᠡᠷᠡᠭᠦᠯᠬᠦ ᠬᠡᠷᠡᠭᠲᠡᠶ ᠭᠡᠵᠡᠢ᠃ | |