2022 ᠣᠨ ᠤ 12 ᠳ᠋ᠤᠭᠠᠷ ᠰᠠᠷ᠎ᠠ ᠶᠢᠨ 14 ᠤ ᠡᠳᠦᠷ ᠤᠨ 0 ᠴᠠᠭ ᠠᠴᠠ 24 ᠴᠠᠭ ᠪᠤᠯᠲᠠᠯᠠᠭᠢ ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/12/15

      2022 ᠣᠨ ᠤ 12 ᠳ᠋ᠤᠭᠠᠷ ᠰᠠᠷ᠎ᠠ ᠶᠢᠨ 14 ᠤ ᠡᠳᠦᠷ ᠤᠨ 0 ᠴᠠᠭ ᠠᠴᠠ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 21 ᠨᠡᠮᠡᠭᠳᠡᠨ᠂ ᠢᠯᠠᠷᠢᠰᠢᠵᠤ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ 39 ᠨᠡᠮᠡᠭᠳᠡᠵᠦ᠂ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 239 ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 5 ᠨᠡᠮᠡᠭᠳᠡᠨ᠂ ᠢᠯᠠᠷᠢᠰᠢᠵᠤ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ 5 ᠨᠡᠮᠡᠭᠳᠡᠵᠦ᠂ ᠲᠡᠳᠡᠭᠡᠷ ᠨᠢ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠤᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠤᠪᠢᠶᠠᠷᠢᠯᠠᠯᠲᠠ ᠪᠠᠷ ᠭᠦᠭᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ