ᠡᠷᠢᠶᠡᠨ ᠪᠣᠭᠤᠮᠲᠠ ᠶᠢᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠣᠭᠤᠮᠲᠠ ᠪᠠᠷ ᠥᠩᠭᠡᠷᠡᠬᠦ  ᠴᠤᠪᠤᠷᠠᠯ ᠢ ᠰᠢᠯᠢᠳᠡᠭᠵᠢᠭᠦᠯᠵᠦ ᠪᠣᠭᠤᠮᠲᠠ ᠶᠢᠨ ᠠᠷᠠᠯᠵᠢᠶ᠎ᠠ ᠶᠢ ︽ᠬᠥᠭᠵᠢᠭᠡᠵᠦ︾ ᠪᠠᠶᠢᠨ᠎ᠠ
ᠨᠡᠶᠢᠲᠡᠯᠡᠭᠰᠡᠨ ᠴᠠᠭ᠄
2022/12/15

      ᠡᠨᠡ ᠵᠢᠯ ᠠᠴᠠ ᠨᠠᠭᠠᠰᠢ᠂ ᠡᠷᠢᠶᠡᠨ ᠪᠣᠭᠤᠮᠲᠠ ᠶᠢᠨ ᠬᠢᠨ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠣᠯᠣᠨ ᠭᠠᠳᠠᠭᠠᠳᠤ ᠠᠷᠠᠯᠵᠢᠶᠠᠨ ᠤ ᠴᠢᠨᠠᠷᠯᠢᠭ ᠬᠥᠭᠵᠢᠯᠲᠡ ᠳᠤ ᠦᠢᠯᠡᠴᠢᠯᠡᠬᠦ ᠶᠢᠨ ᠲᠣᠭᠤᠷᠢᠨ ᠳᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ᠂ ᠲᠠᠪᠴᠠᠩ ᠪᠠᠶᠢᠭᠤᠯᠬᠤ᠂ ᠵᠠᠰᠠᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠡᠷᠢᠶᠡᠨ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠦᠰᠦᠷᠦᠯᠲᠡ ᠲᠠᠢ ᠪᠣᠯᠬᠤ ᠶᠢ ᠠᠬᠢᠭᠤᠯᠵᠤ ᠪᠠᠶᠢᠨ᠎ᠠ᠃

      ᠨᠢᠭᠡ ᠳᠤ᠂ ︽ᠴᠠᠬᠢᠯᠭᠠᠨ ᠬᠤᠯᠪᠣᠭᠠᠨ ᠤ ᠮᠡᠷᠭᠡᠵᠢᠯ ᠢᠶᠠᠷ ᠬᠢᠵᠢᠭ ᠢ ᠪᠠᠶᠢᠴᠠᠭᠠᠬᠤ︾ ᠣᠶᠤᠨᠴᠢ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠪᠡ᠃ ᠬᠤᠶᠠᠷ ᠲᠠᠯ᠎ᠠ ᠪᠠᠷ ᠢᠶᠠᠨ ᠠᠭᠤᠯᠵᠠᠬᠤ ᠦᠭᠡᠢ᠂ ᠬᠦᠷᠦᠯᠴᠡᠬᠦ ᠦᠭᠡᠢ ᠪᠠᠶᠢᠳᠠᠯ ᠳᠣᠣᠷ᠎ᠠ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠲᠠ ᠶᠢᠨ ᠠᠵᠢᠯ ᠢ ᠲᠦᠷᠭᠡᠨ ᠪᠡᠶᠡᠯᠡᠭᠦᠯᠵᠦ᠂ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠲᠠ ᠶᠢᠨ ᠦᠷ᠎ᠡ ᠪᠦᠲᠦᠮᠵᠢ ᠪᠣᠯᠣᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠭᠰᠡᠨ ᠪᠥᠭᠡᠳ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠲᠦᠷᠦᠭᠦᠦ 10 ᠰᠠᠷ᠎ᠠ ᠳᠤ᠂ ᠡᠷᠢᠶᠡᠨ ᠪᠣᠭᠤᠮᠲᠠ ᠶᠢᠨ ᠬᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠨᠡᠶᠢᠳᠡ 2067 ᠴᠤᠪᠤᠭ᠎ᠠ ᠲᠡᠷᠭᠡ᠂ ᠴᠢᠩᠭᠡᠯᠢᠭ ᠢ 22 ᠲᠦᠮᠡᠨ ᠪᠠᠷᠢᠮᠵᠢᠶᠠᠲᠤ ᠠᠪᠳᠠᠷ᠎ᠠ᠂ ᠪᠠᠷᠠᠭᠠᠨ ᠤ ᠬᠦᠨᠳᠦ ᠨᠢ 208.1 ᠲᠦᠮᠡᠨ ᠲᠣᠨ ᠳᠤ ᠬᠦᠷᠴᠦ᠂ ᠪᠠᠷᠠᠭᠠᠨ ᠤ ᠦᠷᠳᠡᠭ ᠨᠢ 310.3 ᠳ᠋ᠦᠩᠰᠢᠭᠤᠷ ᠲᠥᠭᠦᠷᠢᠭ ᠲᠤ ᠬᠦᠷᠴᠡᠢ᠃

      ᠬᠤᠶᠠᠷ ᠲᠤ᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠪᠣᠭᠤᠮᠲᠠ ᠪᠠᠷ ᠥᠩᠭᠡᠷᠡᠬᠦ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠪᠡ᠃ ᠡᠨᠡ ᠬᠦ ᠵᠠᠭᠪᠤᠷ ᠨᠢ ᠪᠠᠷᠠᠭᠠᠨ ᠤ ᠪᠣᠭᠤᠮᠲᠠ ᠢᠶᠠᠷ ᠲᠦᠷᠭᠡᠨ ᠥᠩᠭᠡᠷᠡᠬᠦ ᠳᠤ ᠰᠢᠨ᠎ᠡ ᠬᠥᠭᠵᠢᠯᠲᠡ ᠶᠢᠨ ᠲᠣᠬᠢᠶᠠᠯ ᠢ ᠠᠪᠴᠢᠷᠠᠵᠤ ᠥᠭᠴᠡᠢ᠂ ᠲᠦᠷᠦᠭᠦᠸ 10 ᠰᠠᠷ᠎ᠠ ᠳᠤ ᠡᠷᠢᠶᠡᠨ ᠪᠣᠭᠤᠮᠲᠠ ᠶᠢᠨ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠬᠠᠷᠢᠴᠠᠯ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂            20.92% ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.92% ᠢᠶᠠᠷ ᠨᠡᠮᠡᠭᠳᠡᠪᠡ᠃

      ᠭᠤᠷᠪᠠ ᠳᠤ᠂ ︽ᠴᠠᠭᠠᠰᠤ ᠬᠡᠷᠡᠭᠯᠡᠬᠦ ᠦᠭᠡᠢ︾ ᠪᠣᠭᠤᠮᠲᠠ ᠪᠠᠷ ᠥᠩᠭᠡᠷᠡᠭᠦᠯᠬᠦ ᠴᠤᠪᠤᠷᠠᠯ ᠢ ᠪᠥᠬᠦ ᠲᠠᠯ᠎ᠠ ᠪᠠᠷ ᠰᠢᠯᠢᠳᠡᠭᠵᠢᠭᠦᠯᠪᠡ᠃ ︽ᠢᠨᠲ᠋ᠧᠷ ᠰᠦᠯᠵᠢᠶ᠎ᠡ +︾ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠵᠠᠭᠪᠤᠷ ᠢ ᠭᠦᠨᠵᠡᠭᠡᠢ ᠠᠰᠢᠭᠯᠠᠵᠤ᠂ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠶᠢᠯᠠᠯ ᠤᠨ ᠲᠤᠬᠠᠢ ᠶᠢᠨ ᠲᠠᠯᠠᠪᠤᠷ ᠲᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠤᠳᠠᠭ᠎ᠠ ᠶᠢ ᠪᠠᠭᠠᠰᠬᠠᠵᠤ᠂ ᠣᠯᠠᠩᠬᠢ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠡᠢ᠃

      ᠣᠶᠢᠷ᠎ᠠ ᠶᠢᠨ ᠵᠢᠯ ᠤᠳ ᠲᠤ᠂ ᠡᠷᠢᠶᠡᠨ ᠪᠣᠭᠤᠮᠲᠠ ᠶᠢᠨ ᠬᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ᠂ ᠬᠠᠷᠢᠯᠴᠠᠨ ᠠᠷᠠᠯᠵᠢᠶᠠᠯᠠᠬᠤ ᠲᠣᠭᠤᠷᠢᠭ ᠢ ᠪᠣᠳᠠᠲᠠᠢ ᠳᠤ ᠨᠠᠶᠢᠳᠠᠪᠤᠷᠢᠵᠢᠭᠤᠯᠤᠨ ᠡᠳ᠋ᠰᠢᠭᠦᠯᠬᠦ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠡᠷᠢᠶᠡᠨ ᠬᠤᠳᠠ ᠶᠢᠨ ᠪᠣᠭᠤᠮᠲᠠ ᠳᠤ ᠦᠨᠳᠦᠰᠦᠯᠡᠭᠦᠯᠬᠦ ᠶᠢ ᠢᠳᠡᠪᠬᠢᠲᠡᠢ ᠠᠬᠢᠭᠤᠯᠵᠤ᠂ ᠭᠠᠳᠠᠭᠠᠳᠤ ᠠᠴᠠ ᠣᠷᠣᠭᠤᠯᠤᠭᠰᠠᠨ ᠴᠢᠨᠠᠷᠯᠢᠭ ᠲᠠᠷᠢᠶᠠᠯᠠᠩ ᠤᠨ ᠪᠦᠲᠦᠭᠡᠭᠳᠡᠬᠦᠨ᠂ ᠠᠭᠤᠷᠬᠠᠢ ᠶᠢᠨ ᠭᠠᠷᠤᠯᠲᠠ ᠶᠢ ᠪᠣᠭᠤᠮᠲᠠ ᠪᠠᠷ ᠲᠦᠷᠭᠡᠨ ᠥᠩᠭᠡᠷᠡᠭᠦᠯᠬᠦ ᠶᠢ ᠠᠬᠢᠭᠤᠯᠵᠤ᠂ ᠠᠮᠢᠳᠤ ᠬᠤᠨᠢ᠂ ᠠᠮᠢᠳᠤ ᠮᠣᠷᠢ ᠶᠢ ᠭᠠᠳᠠᠭᠠᠳᠤ ᠠᠴᠠ ᠣᠷᠣᠭᠤᠯᠬᠤ ᠪᠠ ᠴᠡᠪᠡᠷ ᠨᠡᠭᠦᠷᠡᠰᠦ᠂ ᠦᠷ᠎ᠡ ᠴᠢᠬᠢ ᠶᠢ ᠭᠠᠳᠠᠭᠠᠳᠤ ᠳᠤ ᠭᠠᠷᠭᠠᠬᠤ ᠶᠢ ᠲᠦᠷᠭᠡᠳᠬᠡᠵᠦ᠂ ᠪᠣᠭᠤᠮᠲᠠ ᠶᠢᠨ ᠠᠵᠤ ᠠᠬᠤᠢ ᠶᠢᠨ ᠤᠯᠠᠨ ᠡᠰᠢᠵᠢᠯᠲᠡ ᠪᠠ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ