12 ᠳ᠋ᠤᠭᠠᠷ ᠰᠠᠷ᠎ᠠ ᠶᠢᠨ 18᠎ ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/12/19

      12 ᠳ᠋ᠤᠭᠠᠷ ᠰᠠᠷ᠎ᠠ ᠶᠢᠨ 18᠎ ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 23 ᠨᠡᠮᠡᠭᠳᠡᠨ᠂ ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ 9 ᠨᠡᠮᠡᠭᠳᠡᠵᠦ᠂ ᠣᠲᠣ ᠲᠤᠬᠠᠢ ᠶᠢᠨ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ 222 ᠪᠤᠢ᠃ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4 ᠨᠡᠮᠡᠭᠳᠡᠨ᠂ ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ 3 ᠨᠡᠮᠡᠭᠳᠡᠵᠦ᠂ ᠲᠡᠳᠡᠭᠡᠷ ᠨᠢ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ