ᠦᠰᠦᠭ ᠪᠢᠴᠢᠭ ᠢᠶᠠᠷ ᠥᠭᠦᠯᠡᠬᠦᠢ᠄ ︽ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/12/27

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠤᠳ ᠤᠨ ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ︽ᠰᠡᠷᠭᠡᠶᠢᠯᠡᠬᠦ︾ ︽ᠠᠪᠤᠷᠠᠬᠤ︾ ᠬᠠᠷᠢᠭᠤᠴᠠᠯᠭ᠎ᠠ ᠶᠢᠨ ᠬᠡᠯᠬᠢᠶᠡᠰᠦ ᠶᠢ ᠵᠣᠯᠭᠠᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 81 ᠳ᠋ᠦ᠋ᠭᠡᠷ ᠲᠣᠭᠠᠲᠤ︶ ︵ᠳᠣᠷᠣᠭᠰᠢ ︽ᠪᠡᠯᠡᠳᠬᠡᠯ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠶᠢᠨ ᠬᠢᠨ ᠤ

︽ᠪᠡᠯᠡᠳᠬᠡᠯ ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃

      ᠨᠢᠭᠡ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ

      ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠴᠢᠨᠠᠷᠯᠢᠭ ᠬᠥᠭᠵᠢᠯᠲᠡ ᠶᠢ ᠨᠥᠯᠥᠭᠡᠯᠡᠵᠦ ᠮᠡᠳᠡᠬᠦ ᠬᠦᠨᠳᠦ ᠶᠡᠭᠡ ᠲᠦᠭᠰᠢᠭᠦᠷᠢ ᠶᠢ ᠡᠷᠡᠰ ᠰᠡᠷᠭᠡᠶᠢᠯᠡᠨ ᠡᠵᠡᠮᠳᠡᠵᠦ᠂ ᠠᠵᠢᠯ ᠲᠥᠷᠥᠯ ᠤᠨ ᠬᠢᠨ ᠤ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠵᠢᠴᠢ ᠲᠡᠭᠦᠨ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠠ ᠪᠠᠭᠠᠰᠬᠠᠵᠤ᠂ ᠢᠯᠡᠭᠡᠨ ᠬᠦᠷᠭᠡᠬᠦ ᠠᠷᠭ᠎ᠠ ᠵᠠᠮ ᠤᠨ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠨ᠂ ᠰᠢᠤᠳᠠᠨ ᠤ ᠦᠢᠯᠡᠰ ᠤᠨ ᠠᠮᠤᠷ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ ᠶᠤᠮ᠃

      ᠬᠤᠶᠠᠷ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ

      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠤᠳᠠᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ︽ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ︾ ︽ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠶᠠᠪᠤᠳᠠᠯ ᠤᠨ ᠳᠦᠷᠢᠮ︾

︽ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ᠤᠯᠤᠰ ᠤᠨ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠶᠡᠷᠦᠩᠬᠡᠢ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︽ᠢᠯᠡᠭᠡᠨ ᠬᠦᠷᠭᠡᠬᠦ ᠶᠢ ᠴᠠᠭᠠᠵᠠᠯᠠᠬᠤ ᠡᠳ᠋ ᠪᠣᠳᠠᠰ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠪᠠ᠃

      ᠭᠤᠷᠪᠠ᠂ ︽ᠪᠡᠯᠡᠳᠬᠡᠯ ᠲᠥᠰᠥᠯ︾ ᠤᠨ ᠭᠤᠣᠯ ᠠᠭᠤᠯᠭ᠎ᠠ

      ︵ᠨᠢᠭᠡ︶ ᠶᠡᠷᠦᠩᠬᠡᠢ ᠳᠦᠷᠢᠮ

      ᠨᠠᠶᠢᠷᠠᠭᠤᠯᠤᠨ ᠵᠣᠬᠢᠶᠠᠭᠰᠠᠨ ᠵᠣᠷᠢᠯᠭ᠎ᠠ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ᠂ ᠪᠡᠯᠡᠳᠬᠡᠯ ᠲᠥᠰᠥᠯ ᠤᠨ ᠲᠣᠭᠲᠠᠯᠴᠠᠭ᠎ᠠ᠂ ᠬᠡᠷᠡᠭ ᠶᠠᠪᠤᠳᠠᠯ ᠢ ᠲᠥᠷᠥᠯ ᠬᠤᠪᠢᠶᠠᠨ ᠲᠠᠰ ᠬᠤᠪᠢᠶᠠᠬᠤ ᠶᠢ ᠲᠣᠳᠣᠷᠬᠠᠶᠢᠯᠠᠪᠠ᠃ ᠨᠢᠭᠡᠳᠦᠯᠲᠡᠢ ᠤᠳᠤᠷᠢᠳᠤᠯᠭ᠎ᠠ᠂ ᠵᠣᠬᠢᠴᠠᠭᠤᠯᠤᠨ ᠬᠠᠮᠲᠤᠷᠠᠯᠴᠠᠬᠤ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ  ᠭᠤᠣᠯᠯᠠᠭᠤᠯᠬᠤ᠂ ᠥᠨᠳᠥᠷ ᠪᠦᠲᠦᠮᠵᠢᠲᠡᠢ ᠡᠮᠬᠢ ᠵᠢᠷᠤᠮ ᠲᠠᠢ ᠪᠠᠶᠢᠬᠤ᠂ ᠶᠡᠷᠦᠩᠬᠡᠶᠢᠯᠡᠨ ᠠᠷᠭᠠᠴᠠᠭᠠᠬᠤ᠂ ᠬᠠᠤᠯᠢ ᠶᠣᠰᠣᠭᠠᠷ ᠵᠢᠷᠤᠮᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠣᠷᠣᠨ ᠪᠦᠰᠡ ᠪᠠᠷ ᠬᠠᠮᠵᠢᠯᠴᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠬᠤᠯᠠᠴᠢᠯᠠᠪᠠ᠃

      ︵ᠬᠤᠶᠠᠷ︶ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠬᠢᠭᠡᠳ ᠡᠭᠦᠷᠭᠡ ᠬᠠᠷᠢᠭᠤᠴᠠᠯᠭ᠎ᠠ

      ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠮᠡᠷᠭᠡᠵᠢᠯᠲᠡᠨ ᠤ ᠵᠥᠪᠯᠡᠯᠭᠡ ᠥᠭᠬᠦ ᠳᠤᠭᠤᠶᠢᠯᠠᠩ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠵᠡᠷᠭᠡ ᠶᠢ ᠲᠣᠳᠣᠷᠬᠠᠶᠢᠯᠠᠪᠠ᠃

      ︵ᠭᠤᠷᠪᠠ︶ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ

      ᠡᠭᠦᠨ ᠳᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠰᠢᠨᠵᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠭᠤᠯᠭ᠎ᠠ ᠶᠢ ᠪᠠᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠶᠢᠨ ᠲᠠᠰ ᠬᠤᠪᠢᠶᠠᠬᠤ᠂ ᠮᠡᠳᠡᠭᠡ ᠵᠠᠩᠭᠢ ᠶᠢᠨ ᠢᠷᠡᠯᠲᠡ᠂ ᠮᠡᠳᠡᠭᠦᠯᠬᠦ᠂ ᠡᠬᠢᠯᠡᠭᠦᠯᠬᠦ᠂ ᠴᠤᠤᠷᠢᠶᠠᠲᠤᠨ ᠳᠠᠭᠠᠬᠤ᠂ ᠳᠠᠭᠤᠰᠬᠠᠬᠤ ᠵᠡᠷᠭᠡ ᠶᠢ ᠲᠣᠳᠣᠷᠬᠠᠶᠢᠯᠠᠬᠤ ᠪᠠ ᠱᠠᠭᠠᠷᠳᠠᠪᠠ᠃

      ︵ᠳᠥᠷᠪᠡ︶ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠲᠤᠨ ᠳᠠᠭᠠᠬᠤ

      ᠪᠥᠬᠦ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠳᠠᠭᠠᠬᠤ ᠲᠠᠰ ᠢ ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠮᠡᠳᠡᠭᠡ ᠵᠠᠩᠭᠢ ᠶᠢ ᠮᠡᠳᠡᠭᠦᠯᠬᠦ᠂ ᠮᠡᠳᠡᠭᠡ ᠵᠠᠩᠭᠢ ᠶᠢ ᠨᠡᠶᠢᠲᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠲᠠᠭᠠᠬᠤ ᠶᠢ ᠵᠣᠭᠰᠤᠭᠠᠬᠤ ᠵᠡᠷᠭᠡ ᠠᠭᠤᠯᠭ᠎ᠠ ᠶᠢ ᠪᠠᠭᠲᠠᠭᠠᠵᠤ᠂ I – IV ᠲᠠᠰ ᠤᠨ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠳᠠᠭᠠᠬᠤ ᠭᠤᠣᠯ ᠴᠣᠭᠴᠠ ᠪᠠ ᠴᠤᠤᠷᠢᠶᠠᠲᠤᠨ ᠳᠠᠭᠠᠬᠤ ᠲᠠᠰ ᠳᠠᠷᠠᠭᠠᠯᠠᠯ ᠢ ᠲᠣᠳᠣᠷᠬᠠᠶᠢᠯᠠᠪᠠ᠃

      ︵ᠲᠠᠪᠤ︶ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ

      ᠭᠤᠣᠯᠳᠠᠭᠤ ᠬᠡᠷᠡᠭ ᠢ ᠦᠨᠡᠯᠡᠨ ᠵᠢᠱᠢᠬᠦ᠂ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ ᠲᠠᠲᠠᠪᠤᠷᠢᠯᠠᠨ ᠬᠡᠷᠡᠭᠯᠡᠬᠦ ᠨᠥᠬᠦᠪᠦᠷᠢ᠂ ᠳᠠᠭᠠᠳᠬᠠᠯ ᠪᠠ ᠦᠨᠡᠯᠡᠨ ᠵᠢᠱᠢᠵᠦ ᠳ᠋ᠦᠩᠨᠡᠬᠦ ᠵᠡᠷᠭᠡ ᠬᠤᠯᠪᠣᠭᠳᠠᠯ ᠪᠦᠬᠦᠢ ᠠᠵᠢᠯ ᠳᠤ ᠱᠠᠭᠠᠷᠳᠠᠯᠭ᠎ᠠ ᠳᠤᠷᠠᠳᠪᠠ᠃

      ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ

      ᠡᠭᠦᠨ ᠳᠤ ᠡᠩᠨᠡᠭᠡᠨ ᠤ ᠪᠠᠲᠤᠯᠠᠭ᠎ᠠ᠂ ᠲᠣᠨᠤᠭ ᠲᠥᠬᠦᠭᠡᠷᠦᠮᠵᠢ ᠡᠳ᠋ ᠪᠣᠳᠠᠰ ᠤᠨ ᠪᠠᠲᠤᠯᠠᠭ᠎ᠠ᠂ ᠪᠡᠯᠡ ᠮᠥᠩᠭᠦᠨ ᠤ ᠪᠠᠲᠤᠯᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ᠂ ᠴᠢᠮᠡᠭᠡ ᠬᠤᠯᠪᠣᠭ᠎ᠠ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠪᠣᠯᠪᠠᠰᠤᠷᠠᠯ ᠬᠥᠮᠦᠵᠢᠯ᠂ ᠬᠠᠷᠢᠭᠤᠴᠠᠯᠭ᠎ᠠ ᠬᠢᠭᠡᠳ ᠱᠠᠩᠨᠠᠯ ᠲᠣᠷᠭᠠᠭᠤᠯᠢ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠭᠤᠯᠭ᠎ᠠ ᠶᠢ ᠪᠠᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠪᠠ ᠠᠵᠢᠯ ᠲᠥᠷᠥᠯ ᠤᠨ ᠡᠮᠬᠢ ᠳᠢᠭᠯᠢᠮ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃

      ︵ᠲᠤᠯᠤᠭ᠎ᠠ ︶ ᠳᠠᠭᠠᠯᠳᠤᠭᠤᠯᠤᠭᠰᠠᠨ ᠳᠦᠷᠢᠮ

      ᠪᠡᠯᠡᠳᠬᠡᠯ ᠲᠥᠰᠥᠯ ᠢ ᠬᠠᠮᠢᠶᠠᠷᠬᠤ ᠪᠠ ᠰᠢᠨᠡᠳᠬᠡᠬᠦ᠂ ᠪᠡᠯᠡᠳᠬᠡᠯ ᠲᠥᠰᠥᠯ ᠢ ᠲᠣᠭᠲᠠᠭᠠᠬᠤ ᠪᠠ ᠲᠠᠶᠢᠯᠪᠤᠷᠢᠯᠠᠬᠤ᠂ ᠪᠡᠯᠡᠳᠬᠡᠯ ᠲᠥᠰᠥᠯ ᠢ ᠬᠡᠷᠡᠭᠵᠢᠭᠦᠯᠬᠦ ᠴᠠᠭ᠂ ᠨᠡᠷ᠎ᠡ ᠲᠣᠮᠢᠶ᠎ᠠ ᠶᠢ ᠲᠠᠶᠢᠯᠪᠤᠷᠢᠯᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ