ᠨᠢᠭᠡ ᠂ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ
2021 ᠣᠨ ᠤ ᠡᠴᠦᠰ ᠲᠤ ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ︾ ︵ᠲᠥᠷᠥ ᠠᠯᠪᠠᠨ ᠲᠠᠷᠬᠠᠭᠠᠭᠰᠠᠨ ﹇2021﹈ 46 ᠳ᠋ᠤᠭᠠᠷ ᠲᠣᠭᠠᠲᠤ︶ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ ᠂ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠮᠠᠨ ᠤ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠳᠤ ᠦᠵᠦ ᠳᠠᠪᠬᠤᠷᠭ᠎ᠠ ᠶᠢᠨ ᠵᠢᠷᠤᠭ ᠲᠥᠯᠥᠪᠯᠡᠭᠡ ᠪᠠ ᠰᠢᠰᠲ᠋ᠧᠮ ᠤᠨ ᠵᠢᠯᠣᠭᠤᠳᠤᠯᠭ᠎ᠠ ᠶᠢ ᠲᠣᠳᠣᠷᠬᠠᠢ ᠲᠣᠭᠲᠠᠭᠠᠪᠠ᠃ ︽ᠲᠥᠯᠦᠪᠵᠢᠭᠦᠯᠭᠡ︾ ᠳᠤ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠯᠦᠪᠵᠢᠭᠦᠯᠭᠡ ᠳᠤ ᠲᠣᠭᠲᠠᠭᠠᠭᠰᠠᠨ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢᠨ ᠶᠣᠰᠣᠭᠠᠷ ᠂ ᠲᠣᠰ ᠭᠠᠵᠠᠷ ᠣᠷᠣᠨ ᠤ ᠪᠠᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠤᠶᠤ ᠬᠡᠷᠡᠭᠵᠢᠭᠦᠯᠬᠦ ᠲᠥᠰᠥᠯ ᠢ ᠨᠢᠭᠡᠳᠦᠯᠲᠡᠢ ᠲᠥᠯᠥᠪᠯᠡᠨ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃
︽ᠲᠥᠯᠦᠪᠵᠢᠭᠦᠯᠭᠡ︾ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ
︽ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 82 ᠳ᠋ᠤᠭᠠᠷ ᠲᠣᠭᠠᠲᠤ︶ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃
︽ᠬᠡᠷᠡᠭᠵᠢᠭᠦᠯᠬᠦ ᠲᠥᠰᠥᠯ︾ ᠨᠢ ᠤᠯᠤᠰ ᠤᠨ ︽ᠲᠥᠯᠦᠪᠵᠢᠭᠦᠯᠭᠡ︾ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠦᠢᠯᠡᠳᠪᠦᠷᠢᠯᠡᠯ ᠂ ᠭᠦᠢᠯᠭᠡᠭᠡ ᠂ ᠬᠡᠷᠡᠭᠯᠡᠭᠡᠨ ᠤ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠪᠠᠶᠢᠭᠤᠯᠬᠤ ᠪᠠ ᠣᠲᠣ ᠦᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠬᠤ ᠪᠠᠷ ᠭᠤᠣᠯ ᠪᠣᠯᠭᠠᠵᠤ ᠂ ᠪᠣᠳᠠᠲᠠᠢ ᠶᠢ ᠡᠷᠬᠢᠮᠯᠡᠭᠰᠡᠨ ᠂ ᠨᠠᠶᠢᠳᠠᠪᠤᠷᠢᠵᠢᠭᠤᠯᠵᠤ ᠪᠤᠯᠠᠬᠤᠶᠢᠴᠠ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
ᠬᠤᠶᠠᠷ ᠂ ︽ᠬᠡᠷᠡᠭᠵᠢᠭᠦᠯᠬᠦ ᠲᠥᠰᠥᠯ︾ ᠤᠨ ᠭᠤᠣᠯ ᠠᠭᠤᠯᠭ᠎ᠠ
︽ᠬᠡᠷᠡᠭᠵᠢᠭᠦᠯᠬᠦ ᠲᠥᠰᠥᠯ︾ ᠳᠤ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠬᠦ 3 ᠬᠡᠰᠡᠭ ᠠᠭᠤᠯᠭ᠎ᠠ ᠪᠠᠭᠲᠠᠨ᠎ᠠ᠄
ᠨᠢᠭᠡᠳᠦᠭᠡᠷ ᠬᠡᠰᠡᠭ ᠨᠢ ᠭᠤᠣᠯ ᠬᠠᠷᠠᠯᠲᠠ ᠪᠣᠯᠣᠨ᠎ᠠ᠃ ᠡᠭᠦᠨ ᠳᠤ 2025 ᠣᠨ ᠪᠣᠯᠲᠠᠯ᠎ᠠ ᠂ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠭᠤᠣᠯᠯᠠᠭᠴᠢ ᠰᠠᠭᠤᠷᠢᠨ ᠭᠠᠵᠠᠷ ᠪᠠ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ 5 - 6 ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠦᠢᠲᠡᠨ ᠬᠡᠯᠬᠢᠶᠡᠲᠦ ᠲᠥᠪᠯᠡᠷᠡᠭᠦᠯᠦᠨ ᠲᠣᠬᠢᠷᠠᠭᠤᠯᠬᠤ ᠲᠥᠪ 6 - 8 ᠂ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢ ᠪᠠᠲᠤᠯᠠᠬᠤ ᠲᠥᠬᠦᠭᠡᠷᠦᠮᠵᠢ 500 ᠶᠢ ᠴᠢᠷᠮᠠᠶᠢᠨ ᠪᠠᠶᠢᠭᠤᠯᠵᠤ ᠂ ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ ᠪᠠ ᠬᠤᠶᠠᠷ ᠦᠵᠦᠭᠦᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠪᠠᠷ ᠲᠤᠯᠭᠠᠭᠤᠷᠢᠯᠠᠭᠰᠠᠨ ᠭᠤᠷᠪᠠᠨ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠪᠠᠶᠢᠭᠤᠯᠵᠤ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠤᠯᠠᠷᠢᠯ ᠠᠯᠤᠰᠯᠠᠭᠰᠠᠨ ᠬᠠᠩᠭᠠᠯᠭ᠎ᠠ ᠂ ᠬᠦᠢᠲᠡᠨ ᠬᠡᠯᠬᠢᠶᠡᠲᠦ ᠪᠦᠲᠦᠭᠡᠭᠳᠡᠬᠦᠨ ᠤ ᠣᠷᠣᠨ ᠪᠦᠰᠡ ᠠᠯᠤᠰᠯᠠᠭᠰᠠᠨ ᠭᠦᠢᠯᠭᠡᠭᠡᠨ ᠤ ᠴᠢᠳᠠᠪᠤᠷᠢ ᠪᠠ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ ᠂ ᠰᠠᠭᠠᠳ ᠦᠭᠡᠢ ᠪᠥᠭᠡᠳ ᠥᠨᠳᠥᠷ ᠦᠷ᠎ᠡ ᠪᠦᠲᠦᠮᠵᠢᠲᠡᠶ ᠂ ᠠᠮᠤᠷ ᠲᠦᠪᠰᠢᠨ ᠪᠥᠭᠡᠳ ᠪᠣᠬᠢᠷᠳᠤᠯ ᠦᠭᠡᠢ ᠂ ᠣᠶᠤᠨᠴᠢ ᠪᠥᠭᠡᠳ ᠳᠥᠭᠦᠮ ᠳᠥᠲᠡ ᠂ ᠪᠠᠲᠤᠯᠠᠭ᠎ᠠ ᠲᠠᠢ ᠣᠲᠣ ᠦᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ᠎ᠠ ᠭᠡᠵᠦ ᠭᠤᠣᠯᠳᠠᠯᠭ᠎ᠠ ᠲᠠᠢ ᠳᠤᠷᠠᠳᠪᠠ᠃
ᠬᠤᠶᠠᠳᠤᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠤᠯᠤᠰ ᠤᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠲᠠᠢ ᠬᠠᠷᠭᠤᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠪᠠᠨ ᠪᠣᠳᠠᠲᠠᠢ ᠲᠠᠢ ᠤᠶᠠᠯᠳᠤᠭᠤᠯᠤᠨ ᠂ ᠲᠠᠪᠤᠨ ᠲᠠᠯ᠎ᠠ ᠶᠢᠨ 20 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠃
ᠨᠢᠭᠡ ᠳᠤ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠂ ᠡᠭᠦᠨ ᠳᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠭᠤᠣᠯᠯᠠᠭᠴᠢ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ ᠂ ᠬᠦᠢᠲᠡᠨ ᠬᠡᠯᠬᠢᠶᠡᠲᠦ ᠲᠥᠪᠯᠡᠷᠡᠭᠦᠯᠦᠨ ᠲᠣᠬᠢᠷᠠᠭᠤᠯᠬᠤ ᠲᠥᠪ ᠢ ᠲᠦᠷᠭᠡᠬᠡᠨ ᠪᠦᠲᠦᠭᠡᠨ ᠪᠠᠶᠢᠭᠤᠯᠬᠤ ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠤᠶᠠᠷ ᠦᠵᠦᠭᠦᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠶᠢ ᠪᠠᠭᠲᠠᠭᠠᠨ᠎ᠠ᠃
ᠬᠤᠶᠠᠷ ᠲᠤ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠭᠳᠡᠬᠦᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ ᠂ ᠡᠭᠦᠨ ᠳᠤ ᠮᠢᠬᠠᠨ ᠤ ᠲᠥᠷᠥᠯ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠂ ᠵᠢᠮᠢᠰ ᠢᠳᠡᠰᠢᠨ ᠨᠣᠭᠤᠭ᠎ᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠂ ᠴᠠᠭᠠᠨ ᠢᠳᠡᠭᠡᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠂ ᠤᠰᠤᠨ ᠭᠠᠷᠤᠯᠲᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠂ ᠲᠦᠷᠭᠡᠨ ᠬᠥᠯᠳᠡᠭᠡᠭᠰᠡᠨ ᠢᠳᠡᠭᠡᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠪᠠ ᠡᠮ ᠡᠮᠨᠡᠯᠭᠡ ᠶᠢᠨ ᠦᠢᠯᠡᠳᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠶᠢ ᠪᠠᠭᠲᠠᠭᠠᠨ᠎ᠠ᠃
ᠭᠤᠷᠪᠠ ᠳᠤ ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ ᠂ ᠡᠭᠦᠨ ᠳᠤ ᠬᠦᠢᠲᠡᠨ ᠬᠡᠯᠬᠢᠶᠡᠲᠦ ᠭᠤᠣᠯ ᠰᠠᠯᠪᠤᠷᠢ ᠱᠤᠭᠤᠮ ᠤᠨ ᠲᠡᠭᠡᠭᠡᠪᠦᠷᠢ ᠶᠢ ᠴᠢᠩᠭᠠᠷᠠᠭᠤᠯᠬᠤ ᠂ ᠬᠤᠳᠠ ᠬᠥᠳᠡᠭᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠤᠣᠰ ᠴᠢᠭᠯᠡᠯ ᠤᠨ ᠨᠡᠪᠲᠡᠷᠡᠬᠦ ᠵᠠᠮ ᠢ ᠲᠡᠭᠦᠯᠳᠡᠷᠵᠢᠭᠦᠯᠬᠦ ᠂ ᠬᠦᠢᠲᠡᠨ ᠬᠡᠯᠬᠢᠶᠡᠲᠦ ᠤᠯᠠᠨ ᠬᠡᠯᠪᠡᠷᠢ ᠶᠢᠨ ᠬᠤᠯᠪᠣᠭᠠᠯᠠᠭᠰᠠᠨ ᠲᠡᠭᠡᠭᠡᠪᠦᠷᠢ ᠶᠢ ᠬᠥᠭᠵᠢᠭᠦᠯᠬᠦ ᠪᠠ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠤᠯᠠᠨ ᠤᠯᠤᠰ ᠤᠨ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠬᠦ ᠶᠢ ᠪᠠᠭᠲᠠᠭᠠᠨ᠎ᠠ᠃
ᠳᠥᠷᠪᠡ ᠳᠤ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ ᠂ ᠡᠭᠦᠨ ᠳᠤ ᠬᠦᠢᠲᠡᠨ ᠬᠡᠯᠬᠢᠶᠡᠲᠦ ᠲᠤᠨᠤᠭ ᠲᠥᠬᠦᠭᠡᠷᠦᠮᠵᠢ ᠶᠢᠨ ᠲᠡᠰ ᠳᠡᠪᠰᠢᠬᠦ ᠶᠢ ᠠᠬᠢᠭᠤᠯᠬᠤ ᠂ ᠲᠣᠭᠠᠴᠢᠯᠠᠭᠰᠠᠨ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠬᠤ ᠪᠠ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠶᠢ ᠪᠠᠭᠲᠠᠭᠠᠨ᠎ᠠ᠃
ᠲᠠᠪᠤ ᠳᠤ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠬᠦ ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠂ ᠡᠭᠦᠨ ᠳᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠢᠨᠡᠴᠢᠯᠡᠨ ᠰᠢᠯᠢᠳᠡᠭᠵᠢᠭᠦᠯᠬᠦ ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠶᠢ ᠴᠢᠩᠭᠠᠳᠬᠠᠬᠤ ᠶᠢ ᠪᠠᠭᠲᠠᠭᠠᠨ᠎ᠠ᠃
ᠭᠤᠷᠪᠠᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠥᠮᠦᠵᠢᠯ ᠢ ᠴᠢᠩᠭᠠᠳᠬᠠᠬᠤ ᠂ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ 4 ᠲᠠᠯ᠎ᠠ ᠠᠴᠠ ᠬᠡᠷᠡᠭᠵᠢᠭᠦᠯᠦᠯᠲᠡ ᠪᠠᠲᠤᠯᠠᠭ᠎ᠠ ᠶᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃
ᠡᠭᠦᠨ ᠤ ᠬᠠᠮᠲᠤ ᠂ ᠤᠯᠤᠰ ᠤᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠡᠭᠦᠷᠭᠡ ᠪᠠ ︽ᠬᠡᠷᠡᠭᠵᠢᠭᠦᠯᠬᠦ ᠲᠥᠰᠥᠯ︾ ᠤᠨ ᠭᠤᠣᠯ ᠡᠭᠦᠷᠭᠡ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠠ ᠂ ᠮᠠᠨ ᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ 10 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠰᠢᠰᠲ᠋ᠧᠮ ᠲᠠᠢ ᠳᠤᠷᠠᠳᠪᠠ᠃ ᠡᠭᠦᠨ ᠳᠤ ᠨᠢᠭᠡᠳᠦᠭᠡᠷ ᠂ ᠭᠤᠷᠪᠠᠳᠤᠭᠠᠷ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠵᠠᠩᠭᠢᠶᠠᠰᠤ ᠴᠡᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠥᠪᠡᠷ ᠤᠨ ᠥᠷᠲᠡᠭ ᠢ ᠪᠠᠭᠤᠷᠠᠭᠤᠯᠬᠤ ᠢᠨᠵᠧᠨᠧᠷᠢᠩ ᠂ ᠪᠣᠷᠤᠯᠠᠭᠤᠯᠭ᠎ᠠ ᠶᠢᠨ ᠭᠠᠵᠠᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠳᠡᠭᠡᠭᠰᠢᠯᠡᠭᠦᠯᠬᠦ ᠢᠨᠵᠧᠨᠧᠷᠢᠩ ᠂ ᠡᠮ ᠡᠮᠨᠡᠯᠭᠡ ᠶᠢᠨ ᠦᠢᠯᠡᠳᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠰᠢᠨ᠎ᠡ ᠶᠢ ᠡᠭᠦᠳᠴᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠢᠨᠵᠧᠨᠧᠷᠢᠩ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠲᠥᠬᠦᠭᠡᠷᠦᠮᠵᠢ ᠶᠢ ᠰᠢᠨᠡᠴᠢᠯᠡᠬᠦ ᠢᠨᠵᠧᠨᠧᠷᠢᠩ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠨᠢᠷᠤᠭᠤᠪᠴᠢ ᠠᠵᠤ ᠠᠬᠤᠶᠢᠯᠠᠯ ᠢ ᠪᠣᠶᠢᠵᠢᠭᠤᠯᠬᠤ ᠢᠨᠵᠧᠨᠧᠷᠢᠩ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠪᠠᠷᠢᠮᠵᠢᠶ᠎ᠠ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠂ ᠬᠦᠢᠲᠡᠨ ᠬᠡᠯᠬᠢᠶᠡᠲᠦ ᠢᠳᠡᠭᠡᠨ ᠤ ᠪᠥᠬᠦ ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢᠨ ᠢᠨᠵᠧᠨᠧᠷᠢᠩ ᠢ ᠪᠠᠭᠲᠠᠭᠠᠵᠤ ᠂ ᠴᠢᠭᠯᠡᠯᠲᠦ ᠴᠢᠨᠠᠷᠲᠠᠢ ᠪᠠᠷ ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠳᠤᠲᠠᠭᠤᠳᠠᠯ ᠢ ᠨᠥᠬᠦᠪᠦᠷᠢᠯᠡᠬᠦ ᠂ ᠪᠠᠭᠤᠷᠠᠢ ᠲᠠᠯ᠎ᠠ ᠶᠢ ᠴᠢᠩᠭᠠᠷᠠᠭᠤᠯᠬᠤ ᠶᠢ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃