ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 4 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/2/15

      2 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠨ ᠰᠢ ᠳᠤ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠭᠤᠴᠢᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠱᠠᠨ ᠰᠢ ᠳᠤ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠬᠤ ᠳᠠᠭᠠᠨ ᠴᠢᠬᠤᠯᠠ ᠵᠢᠭᠠᠪᠤᠷᠢ ᠥᠭᠭᠦᠭᠰᠡᠨ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠥᠨᠳᠥᠷᠴᠡ ᠠᠴᠠ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠬᠤᠣᠰ ᠨᠡᠭᠦᠷᠡᠰᠦᠲᠥ᠋ᠷᠥᠭᠴᠢ ᠶᠢ ᠪᠠᠷᠢᠮᠵᠢᠶ᠎ᠠ ᠳᠤ ᠬᠦᠷᠭᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠵᠡᠷᠭᠡ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠪᠣᠯ ᠨᠠᠮ ᠤᠨ ᠲᠥᠪ ᠬᠤᠷᠢᠶᠠᠨ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠪᠠᠰᠠ ᠴᠤ ᠥᠪᠥᠷ ᠮᠣᠩᠭᠤᠯ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠮᠥᠨ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠡᠭᠦᠷᠭᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠪᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠶᠢ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠥᠭᠵᠢᠯᠲᠡ ᠪᠣᠯᠣᠨ ᠪᠣᠬᠢᠷᠲᠤᠯ ᠲᠠᠢ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠦᠬᠦᠯᠢ ᠴᠣᠭᠴᠠ ᠪᠣᠯᠣᠨ ᠬᠡᠰᠡᠭ ᠲᠠᠯ᠎ᠠ᠂ ᠠᠯᠤᠰ ᠬᠡᠳᠦ ᠶᠢᠨ ᠬᠠᠷᠠᠯᠲᠠ ᠪᠣᠯᠣᠨ ᠣᠬᠤᠷ ᠬᠤᠭᠤᠴᠠᠭᠠᠨ ᠤ ᠬᠠᠷᠠᠯᠲᠠ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠵᠡᠷᠭᠡ ᠶᠢᠨ ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠣᠪᠣᠶᠢᠯᠭᠠᠵᠤ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠵᠤ ᠦᠢᠯᠡᠰ ᠤᠨ ᠪᠦᠲᠦᠴᠡ ᠪᠠ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠴᠢᠩᠭ᠎ᠠ ᠠᠳᠬᠤᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠢᠶᠠᠨ ᠳᠤᠲᠠᠭᠤᠳᠠᠯ ᠢ ᠨᠥᠬᠦᠪᠦᠷᠢᠯᠡᠵᠦ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠴᠤ ᠪᠠᠭᠠᠰᠬᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠬᠤ ᠶᠢ ᠪᠡᠶᠡᠯᠡᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠦᠢᠯᠡᠳᠬᠦ ᠦᠢᠯᠡᠰ ᠤᠨ ᠳᠡᠭᠡᠳᠦ ᠳᠡᠰᠴᠢᠭᠦᠯᠬᠦ᠂ ᠣᠶᠤᠨᠴᠢᠯᠠᠬᠤ᠂ ᠪᠣᠬᠢᠷᠲᠤᠯ ᠦᠭᠡᠶᠢᠵᠢᠭᠦᠯᠬᠦ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠵᠢᠴᠢ ᠢᠵᠢ ᠲᠥᠬᠦᠷᠵᠢᠭᠦᠯᠬᠦ ᠲᠥᠰᠥᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠣᠭᠲᠠᠴᠠ ᠶᠢᠨ ᠰᠠᠨᠠᠯ ᠢ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ᠂ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠵᠡᠷᠭᠡ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ