ᠪᠦᠬᠦ ᠣᠷᠣᠨ ᠤ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/2/17

ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
ᠦᠪᠦᠷ ᠵᠠᠰᠠᠭ ᠠᠯᠪᠠᠨ ᠲᠠᠷᠬᠠᠭᠠᠭᠰᠠᠨ ﹇2022﹈ 4 ᠳ᠋ᠣᠭᠡᠷ ᠲᠣᠭᠠᠲᠤ

ᠪᠦᠬᠦ ᠣᠷᠣᠨ ᠤ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄
     ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠦᠢᠯᠡᠳᠪᠦᠷᠢᠯᠡᠯ ᠢ ᠵᠢᠷᠤᠮᠵᠢᠭᠤᠯᠤᠨ᠂ ᠪᠦᠲᠦᠭᠡᠭᠳᠡᠬᠦᠨ ᠤ ᠪᠠᠷᠢᠮᠵᠢᠶᠠᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠪᠦᠬᠦ ᠣᠷᠣᠨ ᠤ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠳᠤᠷᠠᠳᠪᠠ᠃
    ᠨᠢᠭᠡ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡ ᠦᠢᠯᠡᠳᠪᠦᠷᠢᠯᠡᠬᠦ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ
     ︵ᠨᠢᠭᠡ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠦᠢᠯᠡᠴᠢᠯᠡᠭᠡᠨ ᠢ ᠰᠢᠯᠢᠳᠡᠭᠵᠢᠭᠦᠯᠬᠦ ᠬᠡᠷᠡᠭᠲᠡᠢ᠃
ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡ ᠦᠢᠯᠡᠳᠪᠦᠷᠢᠯᠡᠬᠦ ᠵᠥᠪᠰᠢᠶᠡᠷᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠠᠬᠤᠶᠢᠯᠠᠯ ᠤᠨ ᠦᠢᠯᠡᠳᠪᠦᠷᠢᠯᠡᠬᠦ ᠵᠥᠪᠰᠢᠶᠡᠷᠡᠯ ᠤᠨ ᠵᠥᠪᠰᠢᠶᠡᠷᠡᠨ ᠣᠷᠣᠭᠤᠯᠬᠤ ᠦᠢᠯᠡᠴᠢᠯᠡᠭᠡᠨ ᠢ ᠰᠢᠯᠢᠳᠡᠭᠵᠢᠭᠦᠯᠵᠦ᠂ ᠭᠤᠶᠤᠴᠢᠯᠠᠬᠤ᠂ ᠬᠢᠨᠠᠨ ᠵᠥᠪᠰᠢᠶᠡᠷᠡᠬᠦ ᠪᠦᠬᠦ ᠶᠠᠪᠤᠴᠠ ᠶᠢ ᠨᠢ ᠰᠦᠯᠵᠢᠶ᠎ᠡ ᠪᠠᠷ ᠭᠦᠢᠴᠡᠳᠬᠡᠬᠦ ᠶᠢ ᠪᠡᠶᠡᠯᠡᠭᠦᠯᠦᠨ᠂ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠴᠠᠭ ᠢ ᠨᠢ ᠱᠠᠭᠠᠷᠳᠠᠯᠭ᠎ᠠ ᠶᠣᠰᠣᠭᠠᠷ ᠪᠣᠭᠤᠨᠢᠰᠬᠠᠬᠤ ᠬᠡᠷᠡᠭᠲᠡᠢ᠃
     ︵ᠬᠤᠶᠠᠷ︶ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠲᠠᠷᠢᠵᠤ ᠲᠡᠵᠢᠭᠡᠨ ᠡᠳ᠋ᠰᠢᠭᠦᠯᠵᠦ ᠪᠣᠯᠪᠠᠰᠤᠷᠠᠭᠤᠯᠬᠤ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ᠂ ᠨᠢᠭᠲᠠ ᠬᠠᠷᠢᠴᠠᠭ᠎ᠠ ᠬᠤᠯᠪᠣᠭ᠎ᠠ ᠲᠠᠢ ᠠᠵᠤ ᠦᠢᠯᠡᠰ ᠤᠨ ᠬᠡᠯᠬᠢᠶᠡᠰᠦ ᠶᠢ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠰᠤᠳᠤᠯᠤᠨ ᠨᠡᠭᠡᠭᠡᠵᠦ ᠬᠡᠷᠡᠭᠯᠡᠬᠦ ᠶᠢ ᠶᠡᠭᠡ ᠪᠠᠷ ᠥᠷᠨᠢᠭᠦᠯᠵᠦ᠂ ᠪᠦᠲᠦᠭᠡᠭᠳᠡᠬᠦᠨ ᠤ ᠪᠦᠲᠦᠴᠡ ᠶᠢ ᠰᠢᠯᠢᠳᠡᠭᠵᠢᠭᠦᠯᠦᠨ᠂ ᠣᠨᠴᠠᠯᠢᠭ ᠲᠠᠢ ᠰᠦ ᠴᠠᠭᠠᠨ ᠢᠳᠡᠭᠡᠨ ᠤ ᠬᠡᠷᠡᠭᠯᠡᠭᠡ ᠶᠢ ᠥᠷᠭᠡᠳᠬᠡᠬᠦ ᠬᠡᠷᠡᠭᠲᠡᠢ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡ ᠦᠢᠯᠡᠳᠪᠦᠷᠢᠯᠡᠬᠦ ᠲᠥᠬᠦᠭᠡᠷᠦᠮᠵᠢ ᠶᠢᠨ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠳᠡᠮᠵᠢᠬᠦ ᠬᠡᠷᠡᠭᠲᠡᠢ᠃ ︽ᠲᠤᠰᠬᠠᠶ ᠨᠠᠷᠢᠯᠢᠭ ᠣᠨᠴᠠ ᠰᠢᠨ᠎ᠡ︾ ᠪᠠᠶᠢᠬᠤ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠢ ᠪᠣᠯᠭᠠᠬᠤ ᠬᠡᠷᠡᠭᠲᠡᠢ᠃
    ︵ᠭᠤᠷᠪᠠ︶ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ᠂ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ᠂ ᠲᠡᠵᠢᠭᠡᠯ ᠪᠣᠷᠳᠤᠭ᠎ᠠ ᠡᠪᠡᠰᠦ ᠲᠠᠷᠢᠬᠤ᠂ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠶᠢᠨ ᠨᠢᠭᠡ ᠴᠣᠭᠴᠠᠵᠢᠭᠰᠠᠨ ᠦᠢᠯᠡᠳᠪᠦᠷᠢᠯᠡᠯ ᠤᠨ ᠪᠠᠷᠢᠮᠵᠢᠶᠠᠲᠤ ᠲᠣᠭᠲᠠᠯᠴᠠᠭ᠎ᠠ ᠶᠢ ᠪᠠᠶᠢᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠦᠢᠯᠡᠳᠪᠦᠷᠢᠯᠡᠯ ᠤᠨ ᠪᠠᠷᠢᠮᠵᠢᠶᠠᠵᠢᠭᠰᠠᠨ᠂ ᠡᠷᠴᠢᠮᠵᠢᠭᠰᠡᠨ ᠬᠥᠭᠵᠢᠯᠲᠡ ᠪᠠᠨ ᠪᠡᠶᠡᠯᠡᠭᠦᠯᠬᠦ ᠶᠢ ᠨᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠢ ᠮᠥᠷᠳᠡᠨ ᠦᠨᠡᠯᠡᠬᠦ ᠠᠵᠢᠯ ᠢ ᠥᠷᠨᠢᠭᠦᠯᠬᠦ ᠬᠡᠷᠡᠭᠲᠡᠢ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠠᠵᠤ ᠠᠬᠤᠶᠢᠯᠠᠯ ᠤᠨ ᠪᠠᠷᠢᠮᠵᠢᠶ᠎ᠠ ᠪᠠᠨ ᠬᠠᠤᠯᠢ ᠶᠣᠰᠣᠭᠠᠷ ᠲᠣᠭᠲᠠᠭᠠᠵᠤ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ᠂ ᠡᠵᠡᠩᠨᠡᠬᠦ ᠵᠡᠷᠭᠡ ᠪᠠᠷᠢᠮᠵᠢᠶᠠᠵᠢᠭᠰᠠᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠬᠦ ᠬᠡᠷᠡᠭᠲᠡᠢ᠃
     ︵ᠳᠥᠷᠪᠡ︶ ᠨᠠᠷᠠᠲᠤ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ HACCP᠂ GMP ᠪᠠ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠭᠡᠷᠡᠴᠢᠯᠡᠭᠡ ᠵᠡᠷᠭᠡ ᠶᠢ ᠬᠡᠷᠡᠭᠵᠢᠭᠦᠯᠵᠤ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠵᠢᠴᠢ ᠠᠵᠢᠯ ᠲᠥᠷᠥᠯ ᠤᠨ ᠨᠡᠶᠢᠭᠡᠮᠯᠢᠭ ᠵᠡᠷᠭᠡ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠡᠮᠳᠡᠭ ᠪᠣᠯᠬᠤ ᠲᠠᠸᠠᠷ ᠤᠨ ᠲᠡᠮᠳᠡᠭ ᠳᠠᠩᠰᠠᠯᠠᠭᠤᠯᠬᠤ ᠪᠤᠶᠤ ᠭᠠᠵᠠᠷ ᠵᠦᠶ ᠶᠢᠨ ᠲᠡᠮᠳᠡᠭ ᠲᠠᠢ ᠪᠦᠲᠦᠭᠡᠭᠳᠡᠬᠦᠨ ᠤ ᠬᠠᠮᠠᠭᠠᠯᠠᠯᠲᠠ ᠶᠢ ᠭᠤᠶᠤᠴᠢᠯᠠᠬᠤ ᠶᠢ ᠨᠢ ᠵᠣᠷᠢᠭᠵᠢᠭᠤᠯᠬᠤ ᠬᠡᠷᠡᠭᠲᠡᠢ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠰᠢᠯᠢᠳᠡᠭ ᠨᠡᠷᠡᠲᠦ ᠲᠡᠮᠳᠡᠭ ᠢ ᠪᠣᠶᠢᠵᠢᠭᠤᠯᠬᠤ ᠡᠷᠴᠢᠮ ᠢ ᠨᠢ ᠴᠢᠩᠭᠠᠷᠠᠭᠤᠯᠬᠤ ᠬᠡᠷᠡᠭᠲᠡᠢ᠃
     ᠬᠤᠶᠠᠷ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ
     ︵ᠲᠠᠪᠤ︶ ᠰᠦ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠤᠨ ᠳᠠᠩᠰᠠᠯᠠᠨ ᠲᠡᠮᠳᠡᠭᠯᠡᠭᠦᠯᠬᠦ ᠶᠢ ᠨᠢ ᠳᠥᠭᠦᠮᠴᠢᠯᠡᠬᠦ ᠶᠢ ᠪᠡᠶᠡᠯᠡᠭᠦᠯᠬᠦ ᠬᠡᠷᠡᠭᠲᠡᠢ᠃
ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠦᠢᠯᠡᠴᠢᠯᠡᠭᠡᠨ ᠢ ᠰᠢᠯᠢᠳᠡᠭᠵᠢᠭᠦᠯᠦᠨ᠂ ᠳᠠᠩᠰᠠᠯᠠᠨ ᠲᠡᠮᠳᠡᠭᠯᠡᠬᠦ ᠴᠤᠪᠤᠷᠠᠯ ᠢ ᠳᠥᠭᠦᠮᠴᠢᠯᠡᠬᠦ᠂ ᠳᠠᠩᠰᠠᠯᠠᠨ ᠲᠡᠮᠳᠡᠭᠯᠡᠬᠦ ᠴᠠᠭ ᠬᠤᠭᠤᠴᠠᠭ᠎ᠠ ᠶᠢ ᠨᠢ ᠪᠣᠭᠤᠨᠢᠰᠬᠠᠬᠤ ᠶᠢ ᠬᠡᠷᠡᠭᠵᠢᠭᠦᠯᠵᠦ᠂ ᠰᠦᠯᠵᠢᠶ᠎ᠡ ᠪᠠᠷ ᠳᠠᠩᠰᠠᠯᠠᠨ ᠲᠡᠮᠳᠡᠭᠯᠡᠬᠦ ᠶᠢ ᠬᠡᠷᠡᠭᠵᠢᠭᠦᠯᠬᠦ ᠬᠡᠷᠡᠭᠲᠡᠢ᠃
     ︵ᠵᠢᠷᠭᠤᠭ᠎ᠠ︶ ᠭᠠᠷ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠯ ᠡᠵᠡᠩᠨᠡᠯᠲᠡ ᠶᠢ ᠵᠢᠷᠤᠮᠵᠢᠭᠤᠯᠬᠤ ᠬᠡᠷᠡᠭᠲᠡᠢ᠃ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠳᠤ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠢᠶᠠᠨ ᠢᠳᠡᠭᠡᠨ ᠤ ᠵᠦᠢᠯ ᠤᠨ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠬᠥᠲᠥᠯᠥᠨ ᠵᠢᠯᠣᠭᠤᠳᠬᠤ ᠪᠠ ᠳᠡᠮᠵᠢᠵᠦ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠰᠢᠯᠭᠠᠨ ᠪᠠᠶᠢᠴᠠᠭᠠᠬᠤ ᠶᠢ ᠬᠡᠷᠡᠭᠵᠢᠭᠦᠯᠵᠦ᠂ ᠵᠢᠷᠤᠮᠵᠢᠯ ᠲᠠᠢ ᠦᠢᠯᠡᠳᠪᠦᠷᠢᠯᠡᠵᠦ ᠡᠵᠡᠩᠨᠡᠭᠦᠯᠦᠨ᠂ ᠬᠡᠪᠴᠢᠶᠡᠵᠢᠯ ᠲᠠᠢ ᠳᠠᠪᠠᠭᠤᠯᠢᠭ ᠢ ᠪᠤᠶ ᠪᠣᠯᠭᠠᠬᠤ ᠬᠡᠷᠡᠭᠲᠡᠢ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠬᠡᠷᠡᠭᠲᠡᠢ᠃ ᠬᠦᠷᠢᠶᠡᠯᠡᠩ ᠲᠣᠭᠤᠷᠢᠭ ᠲᠤ ᠲᠥᠪᠯᠡᠷᠡᠭᠦᠯᠦᠨ ᠣᠷᠣᠭᠤᠯᠬᠤ ᠨᠥᠬᠦᠴᠡᠯ ᠢ ᠪᠦᠷᠢᠯᠳᠦᠭᠦᠯᠦᠭᠡᠳᠦᠶ ᠭᠠᠵᠠᠷ ᠣᠷᠣᠨ ᠨᠢ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠲᠣᠮᠣ ᠡᠷᠦᠬᠡ᠂ ᠲᠠᠷᠢᠶᠠᠴᠢᠨ ᠮᠠᠯᠴᠢᠳ ᠤᠨ ᠬᠤᠷᠰᠢᠶᠠᠵᠢᠯ ᠵᠡᠷᠭᠡ ᠶᠢᠨ ᠬᠥᠭᠵᠢᠯᠲᠡ ᠶᠢ ᠢᠳᠡᠪᠬᠢᠲᠡᠶ ᠲᠡᠳᠬᠦᠵᠦ᠂ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠭᠡᠷ ᠪᠦᠯᠢ ᠶᠢᠨ ᠮᠠᠶ᠋ᠢᠭ ᠪᠦᠬᠦᠢ ᠭᠠᠷ ᠦᠢᠯᠡᠳᠬᠡᠯ ᠤᠨ ᠭᠠᠵᠠᠷ ᠢ ᠢᠳᠡᠪᠬᠢᠲᠡᠶ ᠵᠢᠭᠠᠨ ᠵᠢᠯᠤᠭᠤᠳᠴᠤ ᠬᠠᠪᠰᠤᠷᠴᠤ ᠪᠠᠶᠢᠭᠠᠳ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠭᠠᠷ ᠦᠢᠯᠡᠳᠬᠡᠯ ᠤᠨ ᠭᠠᠵᠠᠷ ᠤᠨ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠬᠦ ᠨᠥᠬᠦᠴᠡᠯ ᠢᠶᠠᠨ ᠬᠠᠯᠠᠨ ᠰᠠᠢᠵᠢᠷᠠᠭᠤᠯᠵᠤ᠂ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠭᠠᠷ ᠦᠢᠯᠡᠳᠬᠡᠯ ᠤᠨ ᠭᠠᠵᠠᠷ ᠢᠶᠠᠷ ᠳᠠᠩᠰᠠᠯᠠᠨ ᠲᠡᠮᠳᠡᠭᠯᠡᠭᠦᠯᠬᠦ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ ᠳᠠᠩᠰᠠᠯᠠᠨ ᠲᠡᠮᠳᠡᠭᠯᠡᠭᠦᠯᠬᠦ ᠶᠢ ᠨᠢ ᠵᠥᠪᠰᠢᠶᠡᠷᠡᠵᠦ᠂ ᠵᠢᠵᠢᠭ ᠦᠢᠯᠡᠳᠬᠡᠯ ᠤᠨ ᠭᠠᠵᠠᠷ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠰᠠᠭᠤᠷᠢ ᠨᠥᠬᠦᠴᠡᠯ ᠢᠶᠠᠷ ᠨᠡᠯᠢᠶᠡᠳ ᠰᠠᠶᠢᠨ ᠪᠠᠶᠢᠭ᠎ᠠ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠤᠨ ᠬᠡᠪᠴᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠢᠳᠡᠭᠡᠨ ᠤ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠪᠣᠯᠭᠠᠨ ᠠᠯᠬᠤᠮ ᠠᠯᠬᠤᠮ ᠢᠶᠠᠷ ᠬᠥᠭᠵᠢᠭᠦᠯᠬᠦ ᠬᠡᠷᠡᠭᠲᠡᠢ᠃
     ︵ᠳᠣᠯᠤᠭ᠎ᠠ︶ ᠪᠠᠶᠢᠴᠠᠭᠠᠨ ᠰᠢᠯᠭᠠᠵᠤ ᠰᠢᠨᠵᠢᠬᠦ ᠦᠢᠯᠡᠴᠢᠯᠡᠭᠡ ᠶᠢ ᠴᠢᠩᠭᠠᠷᠠᠭᠤᠯᠬᠤ ᠬᠡᠷᠡᠭᠲᠡᠢ᠃ ᠪᠦᠬᠦ ᠣᠷᠣᠨ ᠤ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠭᠤᠣᠯ ᠭᠠᠷᠤᠯᠲᠠ ᠶᠢᠨ ᠣᠷᠣᠨ ᠤ ᠪᠠᠢᠷᠢᠰᠢᠯ ᠢ ᠦᠨᠳᠦᠰᠦᠯᠡᠨ᠂ ᠭᠠᠷ ᠦᠢᠯᠡᠳᠬᠡᠯ ᠤᠨ ᠭᠠᠵᠠᠷ ᠲᠤ ᠶᠠᠰᠤ ᠴᠢᠨᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠢ ᠭᠦᠢᠴᠡᠳᠬᠡᠯᠭᠡᠭᠰᠡᠨ ᠰᠠᠭᠤᠷᠢᠨ ᠳᠡᠭᠡᠷ᠎ᠡ᠂ ᠬᠠᠷᠢᠶ᠎ᠠ ᠪᠣᠯᠬᠤ ᠭᠠᠵᠠᠷ ᠢᠶᠠᠷ ᠣᠶᠢᠷ᠎ᠠ ᠬᠠᠪᠢ ᠳᠤ ᠪᠠᠨ ᠪᠠᠶᠢᠴᠠᠭᠠᠨ ᠰᠢᠯᠭᠠᠬᠤ ᠵᠠᠷᠴᠢᠮ ᠶᠣᠰᠣᠭᠠᠷ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠢ ᠪᠠᠶᠢᠴᠠᠭᠠᠨ ᠰᠢᠯᠭᠠᠵᠤ ᠰᠢᠨᠵᠢᠬᠦ ᠦᠢᠯᠡᠴᠢᠯᠡᠭᠡᠨ ᠤ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠵᠦ᠂ ᠭᠠᠷ ᠦᠢᠯᠡᠳᠬᠡᠯ ᠤᠨ ᠭᠠᠵᠠᠷ ᠤᠨ ᠡᠳ᠋ᠰᠢᠭᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠪᠦᠷᠢᠯᠳᠦᠭᠦᠯᠦᠭᠰᠡᠨ ᠳᠤ ᠨᠢ ᠪᠠᠶᠢᠴᠠᠭᠠᠨ ᠰᠢᠯᠭᠠᠵᠤ ᠰᠢᠨᠵᠢᠬᠦ ᠪᠡᠯᠡᠳᠬᠡᠮᠵᠢ ᠲᠥᠬᠦᠭᠡᠷᠦᠮᠵᠢ ᠶᠢ ᠲᠣᠬᠢᠷᠠᠭᠤᠯᠵᠤ᠂ ᠬᠦᠷᠢᠶᠡᠯᠡᠩ ᠲᠣᠭᠤᠷᠢᠭ ᠤᠨ ᠪᠠᠶᠢᠴᠠᠭᠠᠨ ᠰᠢᠯᠭᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ︔ ᠲᠠᠷᠠᠬᠠᠶ ᠪᠤᠲᠠᠷᠬᠠᠶ ᠪᠠᠶᠢᠭ᠎ᠠ ᠭᠠᠷ ᠦᠢᠯᠡᠳᠬᠡᠯ ᠤᠨ ᠦᠢᠯᠡᠳᠪᠦᠷᠢᠯᠡᠬᠦ ᠲᠣᠮᠣ ᠡᠷᠦᠬᠡ ᠪᠤᠶᠤ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ ᠭᠡᠷ ᠪᠦᠯᠢ ᠶᠢᠨ ᠮᠠᠶ᠋ᠢᠭ ᠪᠦᠬᠦᠢ ᠭᠠᠷ ᠦᠢᠯᠡᠳᠬᠡᠯ ᠤᠨ ᠭᠠᠵᠠᠷ ᠲᠤ ᠲᠤᠬᠠᠶ ᠶᠢᠨ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠳᠡᠭᠡᠨ ᠤ ᠵᠦᠢᠯ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠠᠴᠠ ᠪᠤᠶᠤ ᠭᠤᠷᠪᠠᠳᠠᠬᠢ ᠡᠲᠡᠭᠡᠳ ᠤᠨ ᠦᠢᠯᠡᠴᠢᠯᠡᠭᠡ ᠶᠢ ᠬᠤᠳᠠᠯᠳᠤᠨ ᠠᠪᠬᠤ ᠪᠠᠷ ᠳᠠᠮᠵᠢᠭᠤᠯᠵᠤ ᠪᠠᠶᠢᠴᠠᠭᠠᠨ ᠰᠢᠯᠭᠠᠬᠤ ᠠᠵᠢᠯ ᠢ ᠡᠭᠦᠷᠭᠡᠯᠡᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠭᠤᠣᠯ ᠭᠠᠷᠤᠯᠲᠠ ᠶᠢᠨ ᠣᠷᠣᠨ ᠤ ᠪᠠᠶᠢᠴᠠᠭᠠᠨ ᠰᠢᠯᠭᠠᠵᠤ ᠰᠢᠨᠵᠢᠬᠦ ᠵᠠᠷᠤᠳᠠᠯ ᠳᠤ ᠳᠡᠮᠵᠢᠯᠭᠡ ᠦᠵᠡᠭᠦᠯᠬᠦ ᠬᠡᠷᠡᠭᠲᠡᠶ᠃
    ︵ᠨᠠᠢᠮᠠ︶ ᠪᠠᠷᠢᠮᠵᠢᠶᠠᠵᠢᠭᠰᠠᠨ ᠦᠢᠯᠡᠴᠢᠯᠡᠭᠡ ᠬᠠᠩᠭᠠᠬᠤ ᠬᠡᠷᠡᠭᠲᠡᠢ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠤᠨ ᠪᠦᠲᠦᠭᠡᠭᠳᠡᠬᠦᠨ ᠤ ᠪᠠᠷᠢᠮᠵᠢᠶ᠎ᠠ᠂ ᠭᠠᠷ ᠤᠷᠠᠯᠠᠯ ᠤᠨ ᠵᠢᠷᠤᠮᠵᠢᠯ ᠵᠡᠷᠭᠡ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠨᠢ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠠᠷ ᠦᠢᠯᠡᠳᠬᠡᠯ ᠤᠨ ᠭᠠᠵᠠᠷ ᠢ ᠬᠥᠲᠥᠯᠥᠨ ᠵᠢᠯᠣᠭᠤᠳᠴᠤ ᠪᠠᠶᠢᠭᠠᠳ ᠪᠦᠲᠦᠭᠡᠭᠳᠡᠬᠦᠨ ᠤ ᠦᠢᠯᠡᠴᠢᠯᠡᠭᠡᠨ ᠵᠡᠷᠭᠡ ᠶᠢᠨ ᠪᠠᠷᠢᠮᠵᠢᠶ᠎ᠠ ᠶᠢ ᠬᠠᠤᠯᠢ ᠶᠣᠰᠣᠭᠠᠷ ᠲᠣᠭᠲᠠᠭᠠᠵᠤ᠂ ᠲᠣᠭᠲᠠᠭᠠᠯ ᠶᠣᠰᠣᠭᠠᠷ ᠪᠦᠷᠢᠳᠬᠡᠵᠦ ᠳᠠᠩᠰᠠᠯᠠᠭᠤᠯᠤᠭᠰᠠᠨ ᠪᠤᠶᠤ ᠥᠪᠡᠰᠦᠪᠡᠨ ᠢᠯᠡ ᠪᠣᠯᠭᠠᠬᠤ ᠪᠠᠨ ᠢᠯᠡᠷᠬᠡᠢᠯᠡᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠢ ᠵᠣᠷᠢᠭᠵᠢᠭᠤᠯᠵᠤ ᠪᠠᠶᠢᠭᠠᠳ ᠪᠦᠯᠬᠦᠮ ᠨᠡᠶᠢᠲᠡ ᠶᠢᠨ ᠪᠠᠷᠢᠮᠵᠢᠶ᠎ᠠ ᠪᠠᠨ ᠲᠣᠭᠲᠠᠭᠠᠵᠤ᠂ ᠰᠢᠨ᠎ᠡ ᠪᠦᠲᠦᠭᠡᠭᠳᠡᠬᠦᠨ ᠨᠡᠭᠡᠭᠡᠨ ᠬᠥᠭᠵᠢᠭᠦᠯᠬᠦ ᠬᠡᠷᠡᠭᠴᠡᠭᠡ ᠶᠢ ᠨᠢ ᠬᠠᠩᠭᠠᠬᠤ ᠬᠡᠷᠡᠭᠲᠡᠢ᠃
     ︵ᠶᠢᠰᠦ︶ ᠪᠣᠷᠣᠯᠠᠭᠤᠯᠤᠨ ᠬᠤᠳᠠᠯᠳᠤᠬᠤ ᠵᠠᠮ ᠮᠥᠷ ᠢ ᠨᠢ ᠰᠢᠯᠤᠭᠤᠳᠬᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠭᠠᠷ ᠦᠢᠯᠡᠳᠬᠡᠯ ᠤᠨ ᠭᠠᠵᠠᠷ ᠤᠨ ᠰᠦ ᠴᠠᠭᠠᠨ ᠢᠳᠡᠭᠡᠨ ᠳᠤ ᠪᠠᠨ ᠲᠠᠸᠠᠷ ᠤᠨ ᠵᠢᠷᠤᠭᠠᠰᠤᠨ ᠲᠡᠮᠳᠡᠭ ᠣᠯᠬᠤ ᠶᠢ ᠨᠢ ᠲᠡᠳᠬᠦᠵᠦ᠂ ᠲᠠᠸᠠᠷ ᠤᠨ ᠲᠡᠮᠳᠡᠭ ᠢᠶᠠᠨ ᠢᠳᠡᠪᠬᠢᠲᠡᠶ ᠳᠠᠩᠰᠠᠯᠠᠭᠤᠯᠤᠨ᠂ ᠪᠣᠭᠤᠳᠠᠯᠯᠠᠵᠤ ᠬᠠᠶᠢᠷᠴᠠᠭᠯᠠᠬᠤ ᠬᠢᠷᠢ ᠲᠦᠪᠰᠢᠨ ᠢ ᠨᠢ ᠳᠡᠭᠡᠭᠰᠢᠯᠡᠭᠦᠯᠬᠦ ᠬᠡᠷᠡᠭᠲᠡᠶ᠃ ᠨᠡᠷᠡᠲᠦ ᠲᠡᠮᠳᠡᠭ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠨᠥᠬᠦᠴᠡᠯ ᠳᠤ ᠨᠡᠶᠢᠴᠡᠭᠰᠡᠨ ᠰᠦ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠢ ᠵᠣᠷᠢᠭᠵᠢᠭᠤᠯᠵᠤ ᠪᠠᠶᠢᠭᠠᠳ ᠰᠦ ᠴᠠᠭᠠᠨ ᠢᠳᠡᠭᠡᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭ ᠪᠣᠯᠬᠤ ᠲᠠᠸᠠᠷ ᠤᠨ ᠲᠡᠮᠳᠡᠭ ᠪᠠ ᠭᠠᠵᠠᠷ ᠵᠦᠢ ᠶᠢᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠲᠡᠮᠳᠡᠭ ᠢ ᠢᠳᠡᠪᠬᠢᠲᠡᠶ ᠬᠡᠷᠡᠭᠯᠡᠭᠦᠯᠬᠦ ᠬᠡᠷᠡᠭᠲᠡᠢ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠤᠨ ᠵᠢᠱᠢᠶ᠎ᠡ ᠦᠵᠡᠭᠦᠯᠬᠦ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠨᠢᠭᠡ ᠪᠦᠯᠦᠭ ᠬᠡᠪ ᠳᠠᠭᠤᠷᠢᠶᠠᠯ ᠪᠣᠯᠬᠤ ᠳᠡᠯᠭᠡᠭᠦᠷ ᠢ ᠪᠠᠶᠢᠭᠤᠯᠬᠤ ᠬᠡᠷᠡᠭᠲᠡᠢ᠃ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠭᠠᠷ ᠦᠢᠯᠡᠳᠬᠡᠯ ᠤᠨ ᠭᠠᠵᠠᠷ ᠢᠶᠠᠨ ᠳᠠᠩᠰᠠᠯᠠᠭᠤᠯᠵᠤ ᠲᠡᠮᠳᠡᠭᠯᠡᠭᠦᠯᠦᠭᠰᠡᠨ᠂ ᠪᠦᠲᠦᠭᠡᠭᠳᠡᠬᠦᠨ ᠢ ᠨᠢ ᠪᠠᠶᠢᠴᠠᠭᠠᠵᠤ ᠰᠢᠯᠭᠠᠭᠠᠳ ᠬᠢᠷᠢ ᠲᠡᠩᠴᠡᠭᠰᠡᠨ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠢ ᠪᠣᠯ ᠬᠤᠳᠠᠯᠳᠤᠭᠠᠨ ᠤ ᠲᠠᠯᠠᠪᠤᠷ ᠬᠡᠲᠦ ᠳᠡᠯᠭᠡᠭᠦᠷ ᠲᠤ ᠪᠣᠷᠣᠯᠠᠭᠤᠯᠤᠨ ᠬᠤᠳᠠᠯᠳᠤᠵᠤ ᠪᠣᠯᠤᠨ᠎ᠠ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡ ᠶᠢ ᠡᠯᠧᠺᠲᠷᠣᠨ ᠬᠤᠳᠠᠯᠳᠤᠭ᠎ᠠ ᠪᠠᠷ ᠪᠣᠷᠣᠯᠠᠭᠤᠯᠤᠨ ᠬᠤᠳᠠᠯᠳᠤᠬᠤ ᠠᠷᠭ᠎ᠠ ᠵᠠᠮ ᠢᠶᠠᠨ ᠥᠷᠭᠡᠳᠬᠡᠵᠦ᠂ ᠰᠦᠯᠵᠢᠶ᠎ᠡ ᠪᠠᠷ ᠪᠣᠷᠣᠯᠠᠭᠤᠯᠤᠨ ᠬᠤᠳᠠᠯᠳᠤᠬᠤ ᠶᠢ ᠨᠢ ᠥᠷᠭᠡᠳᠬᠡᠨ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠬᠡᠪᠴᠢᠶᠡᠵᠢᠭᠰᠡᠨ ᠦᠷ᠎ᠡ ᠠᠰᠢᠭ ᠢ ᠨᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃
    ᠭᠤᠷᠪᠠ᠂ ᠲᠤᠰᠬᠠᠶ ᠠᠵᠢᠯᠯᠠᠭᠠᠨ ᠢ ᠥᠷᠨᠢᠭᠦᠯᠬᠦ ᠬᠡᠷᠡᠭᠲᠡᠶ
     ︵ᠠᠷᠪᠠ︶ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠰᠬᠠᠶ ᠠᠵᠢᠯᠯᠠᠭᠠᠨ ᠢ ᠥᠷᠨᠢᠭᠦᠯᠬᠦ ᠬᠡᠷᠡᠭᠲᠡᠢ᠃
ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠯᠪᠣᠭᠠᠯᠠᠨ ᠠᠵᠢᠯᠯᠠᠬᠤ ᠳᠤᠭᠤᠶᠢᠯᠠᠩ ᠤᠨ ᠦᠢᠯᠡᠳᠦᠯ ᠢ ᠪᠠᠳᠠᠷᠠᠭᠤᠯᠵᠤ᠂ ᠠᠵᠢᠯ ᠤᠨ ᠲᠥᠰᠦᠯ ᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠭᠠᠵᠠᠷ ᠣᠷᠣᠨ ᠢ ᠵᠣᠬᠢᠶᠠᠨ ᠪᠠᠶᠢᠭᠤᠯᠵᠤ ᠪᠠᠶᠢᠭᠠᠳ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠨᠢ ᠠᠬᠢᠭᠤᠯᠬᠤ ᠲᠤᠰᠬᠠᠶ ᠠᠵᠢᠯᠯᠠᠭᠠᠨ ᠢ ᠥᠷᠨᠢᠭᠦᠯᠬᠦ ᠬᠡᠷᠡᠭᠲᠡᠢ᠃ ᠡᠯ᠎ᠡ ᠵᠦᠢᠯ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠵᠤ ᠵᠢᠱᠢᠶ᠎ᠡ ᠦᠵᠡᠭᠦᠯᠬᠦ᠂ ᠲᠠᠷᠢᠵᠤ ᠲᠡᠵᠢᠭᠡᠨ ᠡᠳ᠋ᠰᠢᠭᠦᠯᠵᠦ ᠪᠣᠯᠪᠠᠰᠤᠷᠠᠭᠤᠯᠤᠨ ᠬᠠᠮᠲᠤᠷᠠᠵᠤ ᠡᠵᠡᠩᠨᠡᠬᠦ ᠲᠤᠷᠰᠢᠯᠲᠠ ᠶᠢᠨ ᠴᠡᠭ᠂ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭ ᠢ ᠡᠭᠦᠳᠬᠦ ᠲᠤᠷᠰᠢᠯᠲᠠ ᠶᠢᠨ ᠴᠡᠭ᠂ ᠭᠠᠷ ᠦᠢᠯᠡᠳᠬᠡᠯ ᠤᠨ ᠭᠠᠵᠠᠷ ᠤᠨ ᠵᠢᠱᠢᠶ᠎ᠡ ᠦᠵᠡᠭᠦᠯᠬᠦ ᠳᠡᠯᠭᠡᠭᠦᠷ ᠪᠠᠶᠢᠭᠤᠯᠬᠤ ᠵᠡᠷᠭᠡ ᠨᠡᠶᠢᠲᠡᠯᠢᠭ ᠵᠢᠱᠢᠶ᠎ᠡ ᠦᠵᠡᠭᠦᠯᠦᠨ ᠳᠠᠶᠢᠴᠢᠯᠠᠬᠤ ᠠᠵᠢᠯᠯᠠᠭᠠᠨ ᠢ ᠥᠷᠨᠢᠭᠦᠯᠬᠦ ᠬᠡᠷᠡᠭᠲᠡᠢ︔ ᠮᠡᠷᠭᠡᠵᠢᠯ ᠤᠨ ᠰᠢᠪᠲᠤᠯᠤᠯᠲᠠ᠂ ᠲᠤᠰᠬᠠᠶ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠠᠬᠢᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠭᠠᠷ ᠤᠷᠠᠯᠠᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ︔ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃
     ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠤᠤᠯ ᠤᠨ ︽ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠰᠦ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 【2019】 36 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠶ ᠪᠣᠯᠭᠠᠨ᠎ᠠ᠃
                        2022 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ
               ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
                                            2022 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ