ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/2/18
      2 ᠰᠠᠷ᠎ᠠ ᠶᠢᠨ 17 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠨᠠᠯ᠂ 2022 ᠣᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠨᠠᠷᠢᠨ ᠳᠠᠩᠰᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃       ᠬᠤᠷᠠᠯ ᠠᠴᠠ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠤᠨ ᠰᠢᠨ᠎ᠡ ᠡᠨᠧᠷᠭᠢ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠥᠪᠥᠷ ᠮᠣᠩᠭᠤᠯ ᠤᠨ ᠠᠵᠤ ᠦᠢᠯᠡᠰ ᠤᠨ ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢᠨ ᠲᠣᠬᠢᠷᠠᠭᠤᠯᠤᠯᠲᠠ ᠪᠠ ᠪᠣᠬᠢᠷᠲᠤᠯ ᠦᠭᠡᠢ ᠬᠥᠭᠵᠢᠬᠦᠯᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠤᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠥ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠯᠤᠰ ᠠᠴᠠ ᠰᠢᠨ᠎ᠡ ᠡᠨᠧᠷᠭᠢ ᠶᠢᠨ ᠬᠥᠭᠵᠢᠯᠲᠡ ᠶᠢ ᠴᠢᠩᠭᠠᠳᠬᠠᠬᠤ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠡᠵᠡᠮᠳᠡᠵᠥ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠪᠠ ᠲᠦᠪᠯᠡᠷᠡᠭᠰᠡᠨ ᠮᠠᠶ᠋ᠢᠭ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠪᠴᠢᠯᠡᠨ ᠪᠤᠢ ᠪᠣᠯᠭᠠᠵᠥ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠨᠡᠭᠦᠷᠡᠰᠦ ᠴᠠᠬᠢᠯᠭᠠᠨ ᠤ ᠡᠨᠧᠷᠭᠢ ᠶᠢᠨ ᠲᠤᠮᠤ ᠣᠷᠣᠨ ᠠᠴᠠ ᠰᠢᠨ᠎ᠡ ᠡᠨᠧᠷᠭᠢ ᠶᠢᠨ ᠲᠤᠮᠤ ᠣᠷᠣᠨ ᠳᠡᠶᠢᠰᠢ ᠰᠢᠯᠵᠢᠬᠦ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃       ᠬᠤᠷᠠᠯ ᠠᠴᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠲᠣᠭᠲᠠᠭᠠᠬᠤ ᠪᠣᠯ ᠨᠠᠮ ᠤᠨ ᠲᠥᠪ ᠬᠤᠷᠢᠶᠠᠨ ᠤ ᠡᠨᠡ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠶ ᠭᠠᠷᠳᠠᠴᠠ ᠮᠥᠨ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠶᠢᠨ ᠠᠵᠢᠯ ᠤᠨ ᠬᠤᠪᠢᠶᠠᠷᠢᠯᠠᠯ ᠲᠠᠢ ᠬᠠᠷᠭᠤᠭᠤᠯᠵᠤ᠂ ᠠᠵᠢᠯ ᠤᠨ ᠡᠬᠡ ᠲᠠᠩᠰᠠ ᠪᠠᠶᠢᠭᠤᠯᠵᠤ᠂ ᠠᠵᠢᠯᠯᠠᠬᠤ ᠲᠠᠰ ᠳᠠᠷᠠᠭᠠᠯᠠᠯ ᠢ ᠨᠠᠷᠢᠯᠢᠬᠵᠢᠭᠤᠯᠤᠨ᠂ ᠦᠶᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠳᠠᠮᠵᠢᠭᠤᠯᠭ᠎ᠠ ᠶᠢ ᠴᠢᠩᠭᠠᠳᠬᠠᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠳᠥᠭᠦᠮ ᠳᠥᠲᠡ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠭᠤᠬᠤ ᠬᠡᠷᠡᠭᠲᠡᠶ ᠬᠡᠵᠥ ᠴᠢᠬᠤᠯᠠᠴᠢᠯᠠᠪᠠ᠃       ᠬᠤᠷᠠᠯ ᠠᠴᠠ ᠪᠠᠰᠠ ᠦᠨᠳᠦᠰᠦᠨ ᠱᠠᠲᠤ ᠶᠢ ᠬᠠᠪᠰᠤᠷᠤᠨ ᠥᠷᠢ ᠥᠭᠴᠡᠭᠡ ᠶᠢ ᠨᠢ ᠠᠷᠢᠯᠭᠠᠬᠤ ︽ᠳᠥᠷᠪᠡᠨ ᠨᠢᠭᠡ ᠪᠦᠯᠦᠭ︾ ᠤᠨ ᠬᠡᠷᠡᠭᠵᠢᠭᠦᠯᠬᠦ ᠲᠥᠰᠦᠯ ᠵᠡᠷᠭᠡ ᠪᠤᠰᠤᠳ ᠵᠦᠶᠯ ᠢ ᠰᠤᠳᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ