ᠸᠠᠩ ᠯᠢ ᠰᠢᠶᠠ᠄ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠥ ᠬᠤᠷᠳᠤᠴᠠ ᠶᠢ ᠲᠦᠷᠬᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠥ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠲᠦᠷᠭᠡᠨ ᠪᠦᠲᠦᠮᠵᠢᠲᠡᠶ ᠤᠷᠤᠭᠰᠢᠲᠠᠶ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2022/2/22

      2 ᠰᠠᠷ᠎ᠠ ᠶᠢᠨ 19 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠯᠳᠠᠭᠤᠷ ᠰᠤᠷᠪᠤᠯᠵᠢᠯᠠᠵᠦ ᠱᠠᠯᠠᠪᠳᠠᠭᠤᠯᠤᠨ ᠪᠠᠶᠢᠴᠠᠭᠠᠭᠰᠠᠨ ᠤ ᠲᠠᠷᠠᠭ᠎ᠠ᠂ ᠮᠦᠨ ᠰᠥᠨᠢ ᠳᠡᠭᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠨ᠂ ︽ᠬᠤᠷᠳᠤᠴᠠ ᠶᠢ ᠳᠦᠷᠬᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠲᠦᠷᠭᠡᠨ ᠪᠦᠲᠦᠮᠵᠢᠲᠡᠶ ᠤᠷᠤᠭᠰᠢᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠢᠣᠢ ᠰᠢᠤᠸᠠᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠢᠤᠢ ᠰᠢᠤᠸᠠᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠠᠢ ᠬᠡᠵᠥ ᠦᠵᠡᠪᠡ᠃ ᠲᠡᠷᠡ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠠᠵᠢᠯᠯᠠᠬᠤ ᠳᠤᠭᠤᠶᠢᠯᠠᠩ ᠤᠨ ᠬᠢᠨ ᠣᠷᠣᠨ ᠨᠤᠲᠤᠭ ᠤᠨ ᠨᠥᠬᠦᠳ ᠲᠠᠢ ᠬᠠᠮᠳᠤ ᠪᠠᠷ ᠴᠢᠷᠮᠠᠶᠢᠵᠦ᠂ ᠢᠵᠢᠯᠢ ᠰᠡᠳᠦᠪ ᠢ ᠬᠠᠮᠲᠤ ᠪᠠᠷ ᠬᠠᠷᠢᠭᠤᠯᠵᠤ᠂ ᠭᠤᠤᠯᠳᠠᠯᠭ᠎ᠠ ᠲᠠᠢ ᠭᠤᠭᠴᠤᠭ᠎ᠠ ᠪᠣᠯᠤᠨ ᠭᠤᠤᠯ ᠵᠥᠷᠢᠴᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢ ᠪᠣᠳᠠᠲᠠᠶᠢᠵᠢᠭᠤᠯᠬᠤ᠂ ᠬᠦᠮᠦᠰ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠬᠤ᠂ ᠡᠮᠴᠢᠯᠡᠭᠡᠨ ᠤ ᠠᠪᠤᠷᠠᠨ ᠵᠠᠰᠠᠯᠲᠠ ᠶᠢ ᠪᠣᠳᠠᠲᠠᠶᠢᠵᠢᠭᠤᠯᠬᠤ᠂ ᠲᠤᠰᠠᠭᠠᠷᠯᠠᠬᠤ ᠲᠠᠯᠠᠪᠤᠷ ᠭᠠᠵᠠᠷ ᠢ ᠪᠣᠳᠠᠲᠠᠶᠢᠵᠢᠭᠤᠯᠬᠤ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ ᠠᠬᠢᠭᠤᠯᠵᠤ᠂ ᠬᠠᠮᠤᠭ ᠤᠨ ᠲᠦᠷᠭᠡᠨ ᠬᠤᠷᠳᠤᠴᠠ ᠪᠠᠷ ᠠᠵᠢᠯ ᠢᠶᠠᠨ ᠠᠬᠢᠭᠤᠯᠵᠤ᠂ ᠬᠠᠮᠤᠭ ᠤᠨ ᠶᠡᠭᠡ ᠬᠡᠪᠴᠢᠶ᠎ᠠ ᠪᠠᠷ ᠵᠢᠭᠰᠠᠭᠠᠨ ᠪᠠᠶᠢᠴᠠᠭᠠᠵᠤ᠂ ᠬᠠᠮᠤᠭ ᠤᠨ ᠪᠠᠭ᠎ᠠ ᠬᠡᠪᠴᠢᠶ᠎ᠡ ᠪᠠᠷ ᠤᠨᠤᠴᠠᠳᠠᠢ ᠬᠠᠮᠢᠶᠠᠷᠤᠨ ᠡᠵᠡᠮᠳᠡᠵᠦ᠂ ᠬᠠᠮᠤᠭ ᠤᠨ ᠪᠠᠭ᠎ᠠ ᠥᠷᠲᠡᠭ᠂ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃
      ᠸᠠᠩ ᠯᠢ ᠰᠢᠶᠠ᠂ ᠥᠪᠥᠷ ᠮᠣᠩᠭᠤᠯ ᠤᠨ ᠬᠢᠵᠢᠭ ᠲᠠᠢ ᠲᠡᠮᠡᠴᠡᠬᠦ ᠵᠠᠩᠭᠢᠯᠠᠭ᠎ᠠ ᠶᠢᠨ ᠦᠶ᠎ᠡ ᠳᠤ᠂ ᠤᠯᠤᠰ ᠤᠨ ᠠᠵᠢᠯᠯᠠᠬᠤ ᠳᠤᠭᠤᠶᠢᠯᠠᠩ ᠮᠠᠨ ᠤ ᠣᠷᠣᠨ ᠳᠤ ᠢᠷᠡᠵᠥ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠭᠠᠨ ᠵᠢᠯᠣᠭᠤᠳᠤᠭᠰᠠᠨ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠪᠦᠬᠦ ᠣᠷᠣᠨ ᠤ ᠠᠷᠠᠳ ᠲᠦᠮᠡᠨ ᠢ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ ᠭᠡᠵᠤ ᠵᠢᠭᠠᠵᠤ ᠭᠠᠷᠭᠠᠪᠠ᠃ ᠲᠡᠷᠡ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠪᠤᠳᠤᠯᠢᠶᠠᠨᠲᠤ ᠴᠢᠨᠠᠷ ᠬᠦᠨᠳᠦ ᠨᠣᠴᠢᠲᠠᠶ ᠴᠢᠨᠠᠷ ᠢ ᠭᠦᠨᠵᠡᠭᠡᠶ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠲᠦᠷᠭᠡᠨ ᠪᠥᠭᠡᠳ ᠥᠨᠳᠥᠷ ᠪᠦᠲᠦᠮᠵᠢᠲᠡᠶ᠂ ᠣᠨᠣᠴᠠᠲᠠᠶ ᠨᠠᠷᠢᠯᠢᠭ ᠰᠠᠶᠢᠲᠤᠷ ᠬᠢᠬᠦ ᠬᠡᠷᠡᠭᠲᠡᠶ᠃ ᠴᠤᠮᠬᠠᠳᠬᠠᠵᠤ ᠰᠢᠯᠢᠳᠡᠭᠵᠢᠬᠦᠯᠤᠨ ᠬᠠᠮᠢᠶᠠᠷᠴᠤ᠂ ᠵᠠᠬᠢᠷᠭ᠎ᠠ ᠨᠡᠶᠢᠯᠡᠭᠦᠯᠦᠨ ᠠᠵᠢᠯᠯᠠᠵᠤ᠂ ᠴᠤᠪᠤᠷᠠᠯ ᠢ ᠰᠢᠯᠢᠳᠡᠭᠵᠢᠭᠦᠯᠦᠨ᠂ ᠬᠦᠴᠦᠨ ᠢ ᠨᠡᠶᠢᠳᠭᠡᠵᠦ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠰᠤᠷᠪᠤᠯᠵᠢ ᠶᠢ ᠮᠥᠷᠳᠡᠬᠦ᠂ ᠪᠥᠭᠡᠮ ᠬᠦᠴᠢᠯ ᠤᠨ ᠪᠠᠶᠢᠴᠠᠭᠠᠯᠳᠠ᠂ ᠲᠤᠰᠠᠭᠠᠷᠯᠠᠨ ᠬᠠᠮᠢᠶᠠᠷᠴᠤ ᠡᠵᠡᠮᠳᠡᠬᠦ ᠵᠡᠷᠭᠡ ᠭᠤᠭᠴᠤᠭ᠎ᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠵᠠᠪᠰᠠᠷ ᠥᠬᠡᠶ ᠵᠣᠯᠭᠠᠭᠤᠯᠬᠤ ᠶᠢ ᠠᠬᠢᠭᠤᠯᠵᠤ᠂ ᠦᠯᠢᠭᠡᠷ ᠠᠪᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ᠂ ᠮᠡᠳᠡᠭᠡ ᠵᠠᠩᠭᠢ ᠶᠢ ᠨᠡᠪᠳᠡᠷᠡᠯᠴᠡᠬᠦᠯᠬᠦ᠂ ᠬᠠᠮᠢᠶᠠᠷᠬᠤ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠠᠷᠭ᠎ᠠ ᠴᠢᠨᠠᠷ ᠢᠯᠡᠷᠡᠪᠡᠯ ᠵᠠᠪᠠᠯ ᠮᠡᠳᠡᠭᠦᠯᠬᠦ᠂ ᠠᠷᠭ᠎ᠠ ᠴᠢᠨᠠᠷ ᠢᠯᠡᠷᠡᠪᠡᠯ ᠪᠠᠷᠢᠨ ᠮᠡᠳᠡᠭᠦᠯᠬᠦ᠂ ᠪᠠᠶᠢᠴᠠᠭᠠᠬᠤ ᠴᠢᠬᠤᠯᠠᠲᠠᠶ ᠶᠢ ᠨᠢ ᠪᠦᠬᠦᠨ ᠢ ᠪᠠᠶᠢᠴᠠᠭᠠᠬᠤ᠂ ᠲᠤᠰᠠᠭᠠᠷᠯᠠᠬᠤ ᠴᠢᠬᠤᠯᠠᠳᠠᠢ ᠶᠢ ᠨᠢ ᠪᠦᠬᠦᠨ ᠢ ᠲᠤᠰᠠᠭᠠᠷᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠩᠭ᠎ᠠ ᠪᠠᠷᠢᠮᠵᠢᠶ᠎ᠠ᠂ ᠴᠢᠩᠭ᠎ᠠ ᠣᠪᠣᠷ᠂ ᠴᠢᠩᠭ᠎ᠠ ᠰᠤᠷᠲᠠᠯ ᠢᠶᠠᠷ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠯᠠᠯᠳᠤᠭᠠᠨ᠂ ᠰᠦᠨᠦᠭᠡᠯᠳᠠ ᠶᠢᠨ ᠲᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠪᠣᠣ ᠰᠢᠶᠠᠨ ᠬᠤᠸᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠬᠡᠬᠤᠲᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃


 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ