ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠭᠤᠤᠯᠳᠠᠯᠭ᠎ᠠ ᠶᠢ ᠠᠳᠬᠤᠨ ᠭᠠᠳᠠᠭᠰᠢ ᠬᠠᠯᠳᠠᠪᠤᠷᠢᠯᠠᠬᠤ ᠶᠢ ᠰᠡᠷᠭᠡᠶᠢᠯᠡᠨ ᠬᠠᠷᠢᠭᠤᠴᠠᠯᠭ᠎ᠠ ᠡᠭᠦᠷᠭᠡᠯᠡᠵᠤ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠠᠷᠢᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2022/2/23
      2 ᠰᠠᠷ᠎ᠠ ᠶᠢᠨ 21 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠭᠤᠣᠯᠳᠠᠯᠭ᠎ᠠ ᠶᠢ ᠠᠳᠬᠤᠵᠤ᠂ ᠭᠠᠳᠠᠭᠰᠢ ᠬᠠᠯᠳᠠᠪᠤᠷᠢᠯᠠᠬᠤ ᠶᠢ ᠰᠡᠷᠭᠡᠶᠢᠯᠡᠵᠦ᠂ ᠬᠠᠷᠢᠭᠤᠴᠠᠯᠭ᠎ᠠ ᠡᠭᠦᠷᠭᠡᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃       ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠂ ᠥᠴᠦᠬᠡᠨ ᠴᠦ ᠮᠢᠨᠴᠦᠭᠦᠷᠡᠨ ᠠᠯᠮᠠᠶᠢᠷᠠᠵᠤ ᠪᠣᠯᠬᠤ ᠦᠭᠡᠢ᠂ ᠥᠴᠦᠬᠡᠨ ᠴᠦ ᠰᠤᠯᠠᠷᠠᠵᠤ ᠴᠠᠯᠠᠭᠠᠶᠢᠷᠠᠵᠤ ᠪᠣᠯᠬᠤ ᠦᠭᠡᠢ᠂ ᠡᠷᠬᠡᠪᠰᠢ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠤᠨ ᠴᠢᠩᠭ᠎ᠠ ᠠᠳᠬᠤᠵᠤ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠪᠥᠭᠡᠳ ᠦᠨᠡᠨ ᠬᠦ ᠠᠬᠢᠭᠤᠯᠵᠤ᠂ ᠶᠠᠭᠠᠷᠠᠪᠠᠴᠤ ᠡᠮᠬᠢ ᠵᠢᠷᠤᠮ ᠢᠶᠠᠨ ᠠᠯᠳᠠᠬᠤ ᠦᠭᠡᠢ᠂ ᠶᠠᠭᠠᠷᠠᠪᠠᠴᠤ ᠠᠯᠳᠠᠰᠢ ᠭᠠᠷᠭᠠᠬᠤ ᠦᠭᠡᠢ᠂ ᠶᠠᠭᠠᠷᠠᠪᠠᠴᠤ ᠡᠮᠬᠢ ᠵᠢᠷᠤᠮ ᠲᠠᠢ᠂ ᠶᠠᠭᠠᠷᠠᠪᠠᠴᠤ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠤᠨ ᠲᠠᠷᠬᠠᠵᠦ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ ᠡᠬᠢ ᠡᠭᠦᠰᠦᠯ ᠢ ᠨᠢ ᠡᠷᠢᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠡᠬᠢ ᠡᠭᠦᠰᠦᠯ ᠢ ᠨᠢ ᠲᠦᠷᠭᠡᠨ ᠲᠣᠭᠲᠠᠭᠠᠵᠤ᠂ ᠬᠠᠯᠳᠠᠪᠤᠷᠢᠯᠠᠬᠤ ᠬᠡᠯᠬᠢᠶ᠎ᠡ ᠶᠢ ᠣᠨᠣᠪᠴᠢᠲᠠᠢ ᠣᠯᠵᠤ᠂ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠶᠢ ᠬᠠᠮᠤᠭ ᠤᠨ ᠲᠦᠷᠭᠡᠨ ᠬᠤᠷᠳᠤᠴᠠ ᠪᠠᠷ ᠲᠠᠰᠤᠯᠬᠤ ᠬᠡᠷᠡᠭᠲᠡᠢ᠃ ᠲᠠᠬᠤᠯ ᠡᠪᠡᠳᠴᠢᠨ ᠤ ᠪᠠᠶᠢᠴᠠᠭᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠦᠶᠴᠡᠳ ᠳᠠᠶᠢᠴᠢᠯᠠᠵᠤ᠂ ᠤᠯᠠᠨ ᠲᠦᠮᠡᠨ ᠤ ᠬᠡᠷᠡᠭᠴᠡᠭᠡ ᠶᠢ ᠭᠦᠢᠴᠡᠳ ᠤᠶᠢᠯᠠᠭᠠᠨ ᠦᠪᠡᠷᠮᠢᠴᠡ ᠦᠢᠯᠡᠴᠢᠯᠡᠭᠡ ᠬᠠᠩᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠨᠢᠭᠲᠠ ᠣᠶᠢᠷᠠᠲᠤᠭᠴᠢ᠂ ᠲᠠᠮ ᠣᠶᠢᠷᠠᠲᠤᠭᠴᠢ ᠶᠢ ᠪᠦᠬᠦᠨ ᠢ ᠬᠠᠮᠤᠷᠴᠤ᠂ ᠵᠢᠬᠰᠠᠭᠠᠨ ᠪᠠᠶᠢᠴᠠᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠶᠠᠯᠡᠬᠦᠯᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠲᠠ ᠶᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠣᠷᠣᠨ ᠪᠦᠰᠡ ᠪᠣᠯᠤᠨ ᠬᠦᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ ᠪᠠᠷᠢᠮᠵᠢᠶ᠎ᠠ ᠶᠢ ᠴᠢᠩᠳᠠᠯᠠᠵᠤ᠂ ᠡᠮᠬᠢ ᠵᠢᠷᠤᠮ ᠲᠠᠢ ᠠᠬᠢᠭᠤᠯᠵᠤ᠂ ᠠᠷᠭ᠎ᠠ ᠴᠢᠨᠠᠷ ᠲᠠᠢ ᠡᠪᠡᠳᠴᠢᠨ ᠤ ᠵᠢᠱᠢᠶ᠎ᠠ ᠲᠤᠬᠢᠶᠠᠯᠳᠤᠪᠡᠯ ᠵᠠᠪᠠᠯ ᠮᠡᠳᠡᠭᠦᠯᠵᠦ᠂ ᠠᠷᠭ᠎ᠠ ᠴᠢᠨᠠᠷ  ᠲᠠᠢ ᠡᠪᠡᠳᠴᠢᠨ ᠤ ᠵᠢᠱᠢᠶ᠎ᠠ ᠲᠤᠬᠢᠶᠠᠯᠳᠤᠪᠡᠯ ᠲᠠᠷᠤᠶᠢᠬᠠᠨ ᠮᠡᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ︽ᠠᠷᠭ᠎ᠠ ᠴᠢᠨᠠᠷ ᠲᠠᠢ ᠡᠪᠡᠳᠴᠢᠨ ᠤ ᠵᠢᠱᠢᠶ᠎ᠡ ᠶᠢ ᠮᠥᠷᠳᠡᠬᠦ︾ ᠲᠤᠰᠬᠠᠶ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠯᠢᠮᠠᠭ ᠬᠤᠭᠤᠯᠠᠢ ᠶᠢᠨ ᠠᠷᠭ᠎ᠠ ᠴᠢᠨᠠᠷ ᠢ ᠲᠤᠰᠠᠭᠠᠷ ᠦᠯᠢᠭᠡᠷ ᠠᠪᠴᠤ ᠳᠠᠬᠢᠨ ᠬᠢᠨᠠᠬᠤ ᠶᠢ ᠪᠦᠬᠦ ᠬᠡᠯᠬᠢᠶ᠎ᠡ ᠪᠠᠷ ᠮᠥᠷᠳᠡᠵᠦ᠂ ︽ᠨᠢᠭᠡ ᠬᠤᠭᠤᠯᠠᠢ ᠶᠢ ᠨᠢᠭᠡ ᠮᠦᠷᠳᠡᠬᠦ︾ ᠶᠢ ᠪᠡᠶᠡᠯᠡᠭᠦᠯᠬᠦ ᠬᠡᠷᠡᠭᠲᠡᠶ᠃ ᠡᠪᠡᠳᠴᠢᠲᠡᠨ ᠢ ᠡᠮᠨᠡᠨ ᠠᠪᠤᠷᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠦᠨᠳᠦ ᠡᠪᠡᠳᠴᠢᠨ ᠤ ᠨᠤᠷᠮ᠎ᠠ ᠪᠣᠯᠤᠨ ᠦᠬᠦᠯᠳᠠ ᠶᠢᠨ ᠨᠤᠷᠮ᠎ᠠ ᠶᠢ ᠪᠠᠭᠤᠷᠠᠭᠤᠯᠬᠤ ᠬᠡᠷᠡᠭᠲᠡᠢ᠃ ᠸᠠᠺᠼᠢᠨ ᠤ ᠴᠢᠩᠭᠠᠳᠬᠠᠬᠤ ᠲᠠᠷᠢᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠦᠬᠦ ᠠᠷᠠᠳ ᠤᠨ ᠦᠯᠦ ᠬᠠᠯᠳᠠᠭᠠᠬᠤ ᠬᠠᠯᠬᠠᠪᠴᠢ ᠶᠢ ᠲᠦᠷᠭᠡᠳᠭᠡᠨ ᠪᠠᠶᠢᠭᠤᠯᠬᠤ ᠭᠡᠷᠡᠭᠳᠠᠢ᠃ ᠨᠡᠶᠢᠭᠡᠮ ᠤᠨ ᠬᠠᠮᠢᠶᠠᠷᠤᠯᠲᠠ ᠡᠵᠡᠮᠳᠡᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠠᠵᠢᠯ ᠤᠨ ᠬᠦᠴᠦᠨ ᠢ ᠲᠡᠭᠦᠯᠳᠡᠷᠵᠢᠭᠦᠯᠵᠦ᠂ ︽ᠨᠠᠶᠢᠭᠡᠮ ᠲᠤᠭᠤᠷᠢᠬ ᠤᠨ ᠲᠠᠪᠤᠨ ᠺᠠᠳ᠋ᠷ ᠠᠵᠢᠯᠳᠠᠨ ᠠᠳᠠᠯᠢ ᠪᠤᠰᠤ ᠬᠠᠷᠠᠭᠠᠰᠤ ᠠᠴᠠ ᠨᠢᠭᠡᠨ ᠭᠤᠤᠯᠳᠠᠯᠭ᠎ᠠ ᠲᠠᠢ ᠬᠥᠮᠥᠨ ᠢ ᠬᠠᠪᠰᠤᠷᠬᠤ︾ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠢᠲᠡᠭᠦᠮᠵᠢᠯᠡᠨ ᠡᠵᠡᠮᠳᠡᠵᠦ ᠬᠠᠮᠢᠶᠠᠷᠤᠨ ᠡᠵᠡᠮᠳᠡᠬᠦ ᠣᠷᠣᠨ ᠪᠦᠰᠡ ᠶᠢ ᠣᠨᠣᠪᠴᠢᠲᠠᠢ ᠲᠣᠭᠲᠠᠭᠠᠬᠤ᠂ ᠬᠠᠮᠢᠶᠠᠷᠴᠤ ᠳᠡᠶᠢᠯᠬᠦ᠂ ᠴᠢᠩᠭ᠎ᠠ ᠡᠵᠡᠮᠳᠡᠬᠦ᠂ ᠪᠣᠳᠠᠲᠠᠢ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ᠃ ᠲᠤᠰᠠᠭᠠᠷᠯᠠᠬᠤ ᠴᠡᠭ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠲᠤᠰᠠᠭᠠᠷᠯᠠᠬᠤ ᠲᠠᠯᠠᠪᠤᠷ ᠤᠨ ᠡᠬᠢ ᠪᠠᠶᠠᠯᠢᠭ ᠢ ᠠᠭᠤᠳᠠᠯᠬᠤ᠂ ᠲᠥᠬᠦᠭᠡᠷᠦᠮᠵᠢ ᠶᠢ ᠥᠭᠡᠷᠡᠴᠢᠯᠡᠬᠦ ᠠᠵᠢᠯ ᠢ ᠰᠠᠶᠢᠲᠤᠷ ᠬᠢᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠠᠮᠢᠳᠤᠷᠠᠯ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ᠂ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠡᠮᠦᠨ᠎ᠡ ᠹᠷᠣᠨᠲ ᠤᠨ ᠬᠢᠵᠢᠭ ᠲᠠᠢ ᠲᠡᠮᠡᠴᠡᠬᠦ ᠬᠥᠮᠦᠰ ᠤᠨ ᠢᠳᠡᠭᠡᠨ ᠤᠮᠳᠠᠭᠠᠨ᠂ ᠠᠮᠠᠷᠠᠬᠤ᠂ ᠬᠦᠶᠲᠡᠨ ᠢ ᠰᠡᠷᠭᠡᠶᠢᠯᠡᠬᠦ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠰᠣᠨᠢᠨ ᠮᠡᠳᠡᠭᠡᠨ ᠤ ᠤᠬᠠᠭᠤᠯᠭ᠎ᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠨᠡᠶᠢᠭᠡᠮ ᠤᠨ ᠬᠠᠯᠠᠮᠵᠢᠯᠠᠯ ᠪᠣᠯᠤᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠪᠠᠶᠢᠳᠠᠯ ᠪᠣᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠣᠨᠣᠪᠴᠢᠲᠠᠢ ᠨᠡᠶᠢᠲᠡᠯᠡᠬᠦ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠦᠬᠦ ᠶᠠᠪᠤᠴᠠ ᠶᠢᠨ ᠬᠠᠮᠢᠶᠠᠷᠤᠯᠲᠠ ᠶᠢ ᠠᠬᠢᠭᠤᠯᠵᠤ᠂ ᠡᠯ᠎ᠡ ᠴᠤᠪᠤᠷᠠᠯ ᠢ ᠨᠢᠭᠲᠠ ᠤᠶᠠᠯᠳᠤᠭᠤᠯᠵᠤ᠂ ᠬᠠᠲᠠᠭᠤ ᠴᠢᠩᠭ᠎ᠠ ᠰᠤᠷᠲᠠᠯ᠂ ᠬᠠᠲᠠᠭᠤ ᠴᠢᠩᠭ᠎ᠠ ᠡᠭᠦᠷᠭᠡᠯᠡᠯ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠤ ᠭᠠᠩ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠪᠣᠤ ᠰᠢᠶᠠᠨ ᠬᠤᠸᠠ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠬᠥᠬᠡᠬᠤᠲᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃       ᠬᠤᠷᠠᠯ ᠠᠴᠠ ᠡᠮᠦᠨ᠎ᠡ᠂ ᠸᠠᠩ ᠯᠢ ᠰᠢᠶᠠ ᠪᠠᠰᠠ ᠸᠢᠳᠢᠣ᠋ ᠬᠡᠯᠪᠡᠷᠢ ᠪᠠᠷ ᠪᠤᠭᠤᠲᠤ ᠬᠤᠳᠠ᠂ ᠪᠠᠶᠠᠨᠨᠠᠭᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
ᠢᠷᠡᠯᠲᠡ᠄ ᠲᠣᠲᠣᠷᠬᠠᠢ ᠦᠭᠡᠢ