ᠸᠠᠩ ᠯᠢ ᠰᠢᠶᠠ᠄ ᠬᠠᠮᠤᠭ ᠤᠨ ᠵᠢᠵᠢᠭ ᠭᠤᠭᠴᠤᠭ᠎ᠠ ᠬᠠᠮᠤᠭ ᠤᠨ ᠪᠠᠭ᠎ᠠ ᠨᠢᠭᠡᠴᠢ ᠠᠴᠠ ᠠᠩᠬᠠᠷᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2022/2/28

      2 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠳᠠᠭᠠᠨ᠂ ᠬᠠᠮᠤᠭ ᠤᠨ ᠵᠢᠵᠢᠭ ᠭᠤᠭᠴᠤᠭ᠎ᠠ᠂ ᠬᠠᠮᠤᠭ ᠤᠨ ᠪᠠᠭ᠎ᠠ ᠨᠢᠭᠡᠴᠢ ᠠᠴᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠸᠠᠨ ᠵᠧᠩ ᠱᠠᠩ ᠳ᠋ᠦ᠋ ᠰᠠᠭᠤᠭᠠᠯᠢ ᠠᠷᠠᠳ ᠤᠨ ᠲᠣᠭᠤᠷᠢᠭ ᠲᠤ ᠶᠠᠭ ᠪᠥᠭᠡᠮ ᠬᠦᠴᠢᠯ ᠤᠨ ᠥᠯᠢᠭᠡᠷ ᠠᠪᠬᠤ ᠠᠵᠢᠯ ᠥᠷᠨᠢᠭᠦᠯᠵᠦ ᠪᠠᠶᠢᠯ᠎ᠠ᠂ ᠸᠠᠩ ᠯᠢ ᠰᠢᠶᠠ ᠠᠳᠡ ᠢᠷᠡᠵᠦ᠂ ᠡᠮᠴᠢᠯᠡᠬᠡᠨ ᠤ ᠠᠵᠢᠯᠲᠠᠨ᠂ ᠰᠠᠶᠢᠨ ᠲᠤᠷᠠᠴᠤᠳ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ᠂ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠪᠥᠭᠡᠮ ᠬᠦᠴᠢᠯ ᠴᠤᠭᠯᠠᠭᠤᠯᠤᠭᠰᠠᠨ ᠪᠠ ᠪᠠᠶᠢᠴᠠᠭᠠᠯᠭᠠᠬᠤ ᠪᠠᠷ ᠬᠦᠷᠭᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠢᠭᠡᠳᠦᠯᠲᠡᠢ ᠲᠥᠯᠥᠪᠵᠢᠭᠦᠯᠦᠨ ᠵᠣᠬᠢᠶᠠᠨ ᠪᠠᠶᠢᠭᠤᠯᠵᠤ᠂ ᠵᠣᠬᠢᠰᠲᠠᠢ ᠲᠤᠬᠢᠷᠠᠭᠤᠯᠵᠥ᠂ ᠶᠠᠪᠤᠴᠠ ᠶᠢ ᠰᠢᠯᠢᠳᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠵᠥ᠂ ᠦᠯᠢᠬᠡᠷ ᠠᠪᠤᠪᠠᠰᠤ ᠵᠣᠬᠢᠬᠤ ᠶᠢ ᠨᠢ ᠪᠦᠬᠦᠨ ᠢ ᠠᠪᠴᠤ᠂ ᠠᠪᠬᠤ ᠶᠢᠨ ᠳᠠᠭᠠᠤ ᠬᠦᠷᠭᠡᠵᠦ᠂ ᠲᠦᠷᠭᠡᠨ ᠠᠪᠴᠤ ᠲᠦᠷᠭᠡᠨ ᠪᠠᠶᠢᠴᠠᠭᠠᠬᠤ ᠬᠡᠷᠡᠭᠲᠡᠢ᠃ ᠦᠯᠢᠭᠡᠷ ᠠᠪᠬᠤ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠵᠣᠬᠢᠶᠠᠨ ᠪᠠᠶᠢᠭᠤᠯᠤᠨ ᠲᠤᠬᠢᠷᠠᠭᠤᠯᠵᠤ᠂ ᠤᠯᠠᠨ ᠲᠦᠮᠡᠨ ᠤ ᠮᠥᠷᠯᠡᠨ ᠬᠦᠯᠢᠶᠡᠬᠦ ᠴᠠᠭ ᠢ ᠪᠠᠭᠠᠰᠬᠠᠬᠤ ᠬᠡᠷᠡᠭᠲᠡᠢ ᠬᠡᠵᠥ ᠴᠢᠬᠤᠯᠠᠴᠢᠯᠠᠪᠠ᠃
      ᠳᠠᠷᠠᠭ᠎ᠠ ᠨᠢ᠂ ᠸᠠᠩ ᠯᠢ ᠰᠢᠶᠠ ᠳ᠋ᠢ ᠠᠨ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠬᠤ ᠲᠥᠪ ᠲᠤ ᠬᠦᠷᠴᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠯᠠᠪᠯᠠᠨ ᠠᠰᠠᠭᠤᠪᠠ᠃ ᠲᠡᠷᠡ᠂ ᠪᠦᠬᠡᠮ ᠬᠦᠴᠢᠯ ᠤᠨ ᠦᠯᠢᠬᠡᠷ ᠪᠦᠷᠢ ᠳᠤ ᠨᠠᠷᠢᠨ ᠬᠢᠨᠠᠮᠠᠭᠠᠶ ᠲᠥᠪ ᠴᠢᠩᠭ᠎ᠠ ᠬᠠᠨᠳᠤᠵᠤ᠂ ᠶᠠᠰᠤ ᠴᠢᠨᠠᠷ ᠢ ᠪᠠᠲᠤᠯᠠᠭᠰᠠᠨ ᠤᠷᠢᠲᠠᠯ ᠳᠤᠤᠷ᠎ᠠ ᠬᠤᠷᠳᠤᠴᠠ ᠪᠠᠨ ᠲᠦᠷᠭᠡᠳᠭᠡᠵᠦ᠂ ᠠᠯᠢ ᠴᠢᠳᠠᠬᠤ ᠪᠠᠷ ᠠᠯᠳᠠᠰᠢ ᠶᠢᠨ ᠨᠣᠷᠮ᠎ᠠ ᠶᠢ ᠪᠠᠭᠠᠰᠬᠠᠵᠤ᠂ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠪᠦᠬᠦ ᠶᠠᠪᠤᠴᠠ ᠶᠢᠨ ᠵᠣᠬᠢᠶᠠᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠰᠣᠯᠪᠢᠴᠠᠨ ᠬᠠᠯᠳᠠᠪᠤᠷᠢᠯᠠᠬᠤ ᠠᠴᠠ ᠡᠷᠡᠰ ᠵᠠᠶᠢᠯᠠᠰᠭᠢᠬᠦ ᠬᠡᠷᠡᠭᠲᠡᠢ ᠬᠡᠵᠥ ᠴᠢᠬᠤᠯᠠᠴᠢᠯᠠᠪᠠ᠃
      ᠤᠢᠢᠯᠠᠭᠠᠵᠥ ᠤᠯᠤᠬᠰᠠᠨ ᠠᠰᠠᠭᠤᠳᠠᠯ ᠢᠶᠠᠨ ᠠᠪᠴᠤ᠂ ᠸᠠᠩ ᠯᠢ ᠰᠢᠶᠠ ᠳᠠᠷᠤᠶᠢᠬᠠᠨ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠬᠦᠷᠴᠦ᠂ ᠲᠤᠮᠤ ᠳ᠋ᠠᠶᠢᠲ᠋ᠠ ᠪᠠᠷ ᠳᠠᠮᠵᠢᠨ ᠬᠤᠯᠪᠣᠭᠳᠠᠯ ᠪᠦᠬᠦᠢ ᠪᠠᠶᠢᠳᠠᠯ ᠢ ᠰᠢᠰᠲ᠋ᠧᠮ ᠲᠠᠢ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠰᠠᠭᠤᠳᠠᠯ ᠢ ᠰᠢᠢᠳᠪᠦᠷᠢᠯᠡᠪᠡ᠃ ᠲᠡᠷᠡ᠂ ᠪᠦᠬᠦᠯᠢ ᠴᠣᠭᠴᠠ ᠪᠠᠷ ᠨᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠵᠤ᠂ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠯᠢᠬᠡᠷ ᠠᠪᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ᠂ ᠢᠲᠡᠭᠡᠬᠦ᠂ ᠬᠠᠮᠢᠶᠠᠷᠬᠤ ᠵᠢᠷᠭᠤᠭ᠎ᠠ ᠶᠢ ᠨᠢᠭᠡ ᠴᠣᠭᠴᠠᠵᠢᠭᠤᠯᠬᠤ ᠶᠢ ᠦᠨᠡᠨ ᠬᠦ ᠪᠡᠶᠡᠯᠡᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠨᠠᠩ ᠲᠦᠷᠭᠡᠨ᠂ ᠨᠠᠩ ᠵᠢᠷᠤᠮᠵᠢᠯ ᠲᠠᠢ᠂ ᠨᠠᠩ ᠡᠮᠬᠢ ᠵᠢᠷᠤᠮ ᠲᠠᠢ᠂ ᠨᠠᠩ ᠥᠨᠳᠥᠷ ᠪᠦᠲᠦᠮᠵᠢᠲᠡᠶ ᠪᠡᠶᠡᠯᠡᠭᠦᠯᠬᠦ ᠬᠡᠷᠡᠭᠲᠡᠶ᠃ ᠦᠯᠢᠭᠡᠷ ᠠᠪᠬᠤ ᠴᠡᠭ᠂ ᠦᠯᠢᠭᠡᠷ ᠠᠪᠬᠤ ᠴᠢᠳᠠᠪᠤᠷᠢ ᠪᠣᠯᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠣᠳᠠᠲᠠᠶ ᠪᠠᠶᠢᠴᠠᠭᠠᠨ ᠬᠡᠮᠵᠢᠬᠦ ᠴᠢᠳᠠᠪᠤᠷᠢ ᠶᠢ ᠦᠨᠳᠦᠰᠦᠯᠡᠨ ᠨᠢᠭᠡᠳᠦᠯᠲᠡᠶ ᠲᠥᠯᠥᠪᠵᠢᠬᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠦᠯᠢᠬᠡᠷ ᠠᠪᠬᠤ᠂ ᠬᠦᠷᠭᠡᠬᠦ᠂ ᠪᠠᠶᠢᠴᠠᠭᠠᠬᠤ ᠶᠢ ᠬᠥᠳᠡᠯᠦᠩᠬᠦᠢ ᠪᠠᠷ ᠵᠤᠬᠢᠴᠠᠭᠤᠯᠬᠤ ᠶᠢ ᠪᠡᠶᠡᠯᠡᠬᠦᠯᠵᠥ᠂ ᠪᠠᠶᠢᠴᠠᠭᠠᠨ ᠬᠡᠮᠵᠢᠬᠦ ᠴᠢᠳᠠᠪᠤᠷᠢ ᠶᠢ ᠭᠦᠢᠴᠡᠳ ᠠᠰᠢᠭᠯᠠᠬᠤ ᠶᠢ ᠦᠨᠡᠨ ᠬᠦ ᠪᠠᠲᠤᠯᠠᠵᠤ᠂ ᠪᠠᠶᠢᠴᠠᠭᠠᠯᠳᠠ ᠶᠢᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ