2 ᠰᠠᠷ᠎ᠠ ᠶᠢᠨ 22 ᠤᠨ ᠤᠷᠤᠢ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠤᠨ ᠬᠢᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ | ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠲᠠᠢ ᠶᠠᠷᠢᠯᠴᠠᠬᠤ ᠬᠤᠷᠠᠯ ᠭᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ | ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠢᠦᠢ ᠰᠢᠤᠸᠠᠢ | ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠮᠠᠨ ᠤ ᠣᠷᠣᠨ ᠤ ᠲᠦᠷᠦᠭᠦᠦ ᠨᠢᠭᠡ ᠬᠤᠭᠤᠴᠠᠭᠠᠨ ᠤ ᠬᠢᠵᠢᠭ ᠤᠨ ᠪᠠᠶᠢᠳᠠᠯ ᠢ ᠰᠢᠶᠳᠪᠦᠷᠢᠯᠡᠬᠦ | ᠠᠵᠢᠯ ᠢ ᠭᠦᠶᠴᠡᠳ ᠨᠤᠲᠠᠯᠠᠪᠠ᠃ ᠢᠦᠢ ᠰᠢᠤᠸᠠᠢ ᠵᠢᠶᠦ᠋ᠨ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠳᠲᠡᠷ ᠲᠦᠷᠭᠡᠨ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠶᠢᠨ ᠠᠵᠢᠯ ᠤᠨ ᠲᠤᠬᠢᠷᠠᠭᠤᠯᠤᠯᠳᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠴᠢᠨᠠᠬᠰᠢᠳᠠ | ᠳᠡᠭᠡᠭᠰᠢᠯᠡᠭᠦᠯᠵᠤ᠂ ᠬᠠᠷᠢᠭᠤᠴᠠᠯᠭᠠᠲᠤ ᠰᠡᠳᠭᠢᠯᠭᠡ ᠪᠠ ᠲᠤᠯᠭᠠᠮ ᠰᠡᠳᠭᠢᠯᠭᠡ ᠪᠠᠨ ᠤᠯᠠᠮ ᠴᠢᠨᠠᠬᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠤ᠂ ᠬᠢᠵᠢᠭ ᠤᠨ ᠪᠠᠶᠢᠳᠠᠯ ᠤᠨ ᠲᠠᠬᠢᠨ ᠳᠡᠯᠭᠡᠷᠡᠬᠦ ᠪᠠ ᠭᠠᠳᠠᠭᠰᠢ | ᠬᠠᠯᠳᠠᠪᠤᠷᠢᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠷᠭᠠᠴᠠᠭᠠᠵᠤ᠂ ᠬᠢᠵᠢᠭ ᠤᠨ ᠪᠠᠶᠢᠳᠠᠯ᠂ ᠨᠡᠶᠢᠭᠡᠮ ᠤᠨ ᠪᠠᠶᠢᠳᠠᠯ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ | ᠨᠢᠭᠡᠳᠤᠯᠳᠠᠢ ᠲᠦᠯᠦᠪᠵᠢᠬᠦᠯᠵᠤ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠲᠦᠷᠭᠡᠨ ᠨᠥᠬᠦᠪᠥᠷᠢᠯᠡᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠪᠠ | ᠭᠤᠤᠯᠳᠠᠯᠭ᠎ᠠ ᠲᠠᠢ ᠬᠥᠮᠦᠰ ᠤᠨ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠯᠲᠠ᠂ ᠲᠠᠬᠤᠯ | ᠡᠪᠡᠳᠴᠢᠨ ᠤ ᠪᠠᠶᠢᠴᠠᠭᠠᠯᠳᠠ ᠡᠬᠢ ᠡᠬᠦᠰᠤᠯ ᠢ ᠡᠷᠢᠬᠦ᠂ ᠲᠤᠰᠠᠭᠠᠷᠯᠠᠨ ᠬᠠᠮᠢᠶᠠᠷᠤᠨ ᠡᠵᠡᠮᠳᠡᠬᠦ ᠵᠡᠷᠭᠡ ᠭᠤᠤᠯᠳᠠᠯᠭ᠎ᠠ ᠲᠠᠢ ᠠᠵᠢᠯ ᠢ ᠲᠤᠪᠤᠶᠢᠯᠭᠠᠨ ᠰᠠᠶᠢᠳᠤᠷ ᠬᠢᠵᠤ᠂ | ᠡᠯ᠎ᠡ ᠵᠦᠶᠯ ᠤᠨ ᠠᠵᠢᠯ ᠢ ᠵᠣᠯᠭᠠᠭᠤᠯᠤᠨ ᠰᠠᠶᠢᠲᠤᠷ ᠬᠢᠵᠤ᠂ ᠨᠠᠩ ᠲᠦᠷᠭᠡᠨ ᠬᠤᠷᠳᠤᠴᠠ ᠪᠠᠷ᠂ ᠨᠡᠩ ᠥᠨᠳᠥᠷ ᠪᠠᠷᠢᠮᠵᠢᠶ᠎ᠠ ᠪᠠᠷ᠂ ᠬᠠᠮᠤᠭ ᠤᠨ ᠣᠬᠤᠷᠬᠠᠨ | ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃ | ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠢ ᠲᠦᠯᠦᠭᠡᠯᠡᠨ ᠲᠦᠷᠦ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ | ᠬᠢᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠠᠵᠢᠯᠯᠠᠬᠤ ᠳᠤᠭᠤᠶᠢᠯᠠᠩ ᠤᠨ | ᠳᠤᠷᠠᠳᠤᠭᠰᠠᠨ ᠰᠠᠨᠠᠯ ᠰᠠᠨᠠᠭᠤᠯᠭ᠎ᠠ ᠶᠢ ᠪᠠᠷᠢᠨ ᠬᠡᠷᠡᠭᠵᠢᠭᠦᠯᠵᠦ ᠪᠠᠷᠢᠨ ᠦᠭᠡᠷᠡᠴᠢᠯᠡᠵᠦ᠂ ᠪᠥᠬᠦ ᠤᠯᠤᠰ ᠤᠨ ᠶᠡᠭᠡ ᠲᠠᠯ᠎ᠠ ᠳᠤ ᠲᠤᠶᠢᠯ ᠢᠶᠠᠷ ᠬᠠᠷᠢᠭᠤᠴᠠᠬᠤ᠂ ᠨᠠᠮ | ᠪᠣᠯᠤᠨ ᠠᠷᠠᠳ ᠲᠦᠮᠡᠨ ᠳᠤ ᠲᠤᠶᠢᠯ ᠢᠶᠠᠷ ᠬᠠᠷᠢᠭᠤᠴᠠᠬᠤ ᠣᠪᠣᠷ ᠢᠶᠠᠷ ᠠᠵᠢᠯ ᠢᠶᠠᠨ ᠰᠠᠶᠢᠲᠤᠷ ᠬᠢᠨ᠎ᠠ᠃ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ | ᠲᠦᠷᠦ ᠶᠢᠨ ᠲᠠᠯ᠎ᠠ ᠠᠴᠠ ᠭᠦᠢᠴᠡᠳᠭᠡᠵᠦ᠂ ᠬᠠᠮᠤᠭ ᠤᠨ ᠴᠢᠩᠭ᠎ᠠ ᠬᠦᠴᠦᠲᠡᠢ ᠣᠪᠣᠷ ᠪᠠ ᠦᠢᠯᠡ ᠠᠵᠢᠯᠯᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠬᠠᠮᠤᠭ ᠤᠨ ᠥᠨᠳᠥᠷ ᠦᠷ᠎ᠡ ᠪᠦᠲᠦᠮᠵᠢ᠂ ᠬᠠᠮᠤᠭ ᠤᠨ ᠲᠦᠷᠭᠡᠨ ᠠᠵᠢᠯᠯᠠᠭ᠎ᠠ ᠪᠠᠷ ᠸᠢᠷᠦ᠋ᠰ ᠲᠠᠢ ᠤᠷᠤᠯᠳᠤᠵᠤ᠂ ᠴᠠᠭ ᠮᠥᠴᠡ ᠲᠠᠢ ᠤᠷᠤᠯᠳᠤᠵᠤ᠂ ᠬᠢᠵᠢᠭ ᠤᠨ | ᠦᠷᠪᠢᠰᠦᠨ ᠳᠡᠯᠭᠡᠷᠡᠬᠦ ᠬᠡᠯᠬᠢᠶ᠎ᠠ ᠶᠢ ᠲᠠᠰᠤᠯᠵᠤ᠂ ᠬᠢᠵᠢᠭ ᠤᠨ ᠦᠷᠪᠢᠰᠦᠨ ᠲᠡᠯᠭᠡᠷᠡᠬᠦ ᠶᠢ ᠰᠡᠷᠭᠡᠶᠢᠯᠡᠨ ᠬᠤᠷᠢᠠᠠᠯᠠᠨ᠎ᠠ᠃ ᠬᠠᠮᠤᠭ ᠤᠨ ᠲᠦᠷᠭᠡᠨ ᠬᠤᠷᠳᠤᠴᠠ ᠪᠠᠷ | ᠲᠠᠬᠤᠯ ᠡᠪᠡᠳᠴᠢᠨ ᠢ ᠪᠠᠶᠢᠴᠠᠭᠠᠨ ᠡᠬᠢ ᠰᠤᠷᠪᠤᠯᠵᠢ ᠶᠢ ᠮᠥᠷᠳᠡᠬᠦ ᠠᠵᠢᠯ ᠢ ᠥᠷᠨᠢᠭᠦᠯᠵᠦ᠂ ᠲᠡᠭ ᠨᠣᠮᠧᠷᠲᠤ ᠡᠪᠡᠳᠴᠢᠲᠡᠨ ᠢ ᠲᠦᠷᠭᠡᠨ ᠡᠷᠢᠵᠦ ᠤᠯᠤᠨ᠎ᠠ︔ | ᠬᠠᠮᠤᠭ ᠤᠨ ᠲᠦᠷᠭᠡᠨ ᠬᠤᠷᠳᠤᠴᠠ ᠪᠠᠷ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠶᠢ ᠢᠯᠡᠷᠡᠭᠦᠯᠵᠦ᠂ ᠪᠠᠶᠢᠴᠠᠭᠠᠬᠤ | ᠶᠤᠰᠤᠳᠠᠢ ᠶᠢ ᠨᠢ ᠪᠦᠬᠦᠨ ᠢ ᠪᠠᠶᠢᠴᠠᠭᠠᠨ᠎ᠠ︔ ᠬᠠᠮᠤᠭ ᠤᠨ ᠲᠦᠷᠭᠡᠨ ᠬᠤᠷᠳᠤᠴᠠ ᠪᠠᠷ ᠲᠠᠬᠤᠯ ᠡᠪᠡᠳᠴᠢᠨ ᠤ ᠪᠠᠶᠢᠴᠠᠭᠠᠯᠳᠠ ᠬᠢᠬᠦ ᠪᠠᠷ ᠳᠠᠮᠵᠢᠨ ᠨᠢᠭᠲᠠ | ᠤᠶᠢᠷᠠᠳᠤᠭᠴᠢ ᠪᠠ ᠲᠠᠮ ᠤᠶᠢᠷᠠᠳᠤᠭᠴᠢ ᠶᠢ ᠲᠣᠭᠲᠠᠭᠠᠵᠤ᠂ ᠲᠤᠰᠠᠭᠠᠷᠯᠠᠬᠤ ᠶᠣᠰᠣᠲᠠᠶ ᠶᠢ ᠨᠢ ᠪᠦᠬᠦᠨ ᠢ ᠲᠤᠰᠠᠭᠠᠷᠯᠠᠨ᠎ᠠ᠃ ᠬᠠᠮᠤᠭ ᠤᠨ ᠴᠢᠩᠭ᠎ᠠ ᠠᠷᠭ᠎ᠠ | ᠬᠡᠮᠵᠢᠶ᠎ᠡ ᠪᠠᠷ ᠲᠤᠰᠠᠭᠠᠷᠯᠠᠵᠤ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠵᠦ᠂ ᠪᠢᠲᠡᠭᠦᠮᠵᠢᠯᠡᠨ ᠡᠵᠡᠮᠳᠡᠬᠦ ᠣᠷᠣᠨ ᠤ ︽ᠭᠡᠷ ᠠᠴᠠ ᠪᠠᠨ ᠭᠠᠷᠬᠤ ᠦᠭᠡᠢ︾᠂ ᠬᠠᠮᠢᠶᠠᠷᠤᠨ | ᠡᠵᠡᠮᠳᠡᠬᠦ ᠣᠷᠣᠨ ᠤ ︽ᠤᠷᠤᠨ ᠠᠴᠠ ᠪᠠᠨ ᠭᠠᠷᠬᠤ ᠦᠭᠡᠢ︾ ᠪᠠᠶᠢᠬᠤ᠂ ᠲᠤᠰᠠᠭᠠᠷᠯᠠᠬᠤ ᠴᠡᠭ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠡᠷᠡᠰ ᠪᠡᠶᠡᠯᠡᠭᠦᠯᠵᠦ᠂ | ᠲᠤᠰᠠᠭᠠᠷᠯᠠᠭᠳᠠᠭᠰᠠᠨ ᠬᠥᠮᠦᠰ ᠤᠨ ᠰᠣᠯᠪᠢᠴᠠᠨ ᠬᠠᠯᠳᠠᠪᠤᠷᠢᠯᠠᠬᠤ ᠶᠢ ᠡᠷᠡᠰ ᠬᠤᠷᠢᠭᠯᠠᠨ᠎ᠠ᠃ ᠬᠠᠮᠤᠭ ᠤᠨ ᠬᠦᠴᠦᠷᠬᠡᠭ ᠬᠦᠴᠦᠨ ᠢ ᠵᠣᠬᠢᠶᠠᠨ ᠪᠠᠶᠢᠭᠤᠯᠵᠤ | ᠡᠪᠡᠳᠴᠢᠲᠡᠨ ᠢ ᠡᠮᠨᠡᠨ ᠠᠪᠤᠷᠠᠵᠦ᠂ ᠬᠦᠨᠳᠦ ᠡᠪᠡᠳᠴᠢᠨ ᠤ ᠨᠤᠷᠮ᠎ᠠ ᠪᠣᠯᠤᠨ ᠦᠬᠦᠯ ᠤᠨ ᠨᠤᠷᠮ᠎ᠠ ᠶᠢ ᠪᠦᠬᠦ ᠬᠦᠴᠦᠨ ᠢᠶᠠᠷ ᠢᠶᠠᠨ ᠪᠠᠭᠤᠷᠠᠭᠤᠯᠤᠨ᠎ᠠ᠃ ᠡᠭᠦᠷᠭᠡ | ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ | ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠶ ᠠᠳᠬᠤᠵᠤ᠂ ᠬᠠᠮᠤᠭ ᠤᠨ ᠲᠦᠷᠭᠡᠨ ᠠᠵᠢᠯᠯᠠᠭ᠎ᠠ᠂ ᠬᠠᠮᠤᠭ ᠤᠨ ᠴᠢᠩᠭ᠎ᠠ ᠰᠤᠷᠲᠠᠯ ᠢᠶᠠᠷ | ᠬᠢᠵᠢᠭ ᠤᠨ ᠪᠠᠶᠢᠳᠠᠯ ᠤᠨ ᠳᠠᠷᠬᠠᠵᠦ ᠳᠡᠯᠭᠡᠷᠡᠬᠦ ᠶᠢ ᠡᠷᠡᠰ ᠬᠤᠷᠢᠭᠯᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠮᠤᠭ ᠤᠨ ᠣᠬᠤᠷ ᠬᠤᠭᠤᠴᠠᠭᠠᠨ ᠳᠤ ᠡᠨᠡ | ᠤᠳᠠᠭ᠎ᠠ ᠶᠢᠨ ᠬᠢᠵᠢᠭ ᠤᠨ ᠪᠠᠶᠢᠳᠠᠯ ᠢ ᠠᠷᠢᠯᠭᠠᠨ᠎ᠠ ᠭᠡᠵᠤ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠾᠧᠩ ᠰᠢᠶᠤᠤ ᠹᠠᠨ᠂ ᠪᠣᠣ ᠰᠢᠶᠠᠨ ᠬᠤᠸᠠ ᠬᠤᠷᠠᠯ ᠳᠤ ᠣᠷᠣᠯᠴᠠᠵᠠᠢ᠃ |