2 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠳᠤᠴᠨ ᠪᠠᠨ ᠲᠠᠬᠢᠨ ᠲᠦᠷᠭᠡᠳᠭᠡᠬᠦ᠂ ᠪᠠᠷᠢᠮᠵᠢᠶ᠎ᠠ ᠪᠠᠨ ᠲᠠᠬᠢᠨ ᠳᠡᠭᠡᠭᠰᠢᠯᠡᠭᠦᠯᠬᠦ᠂ ᠦᠷ᠎ᠡ | ᠪᠦᠲᠦᠮᠵᠢ ᠪᠠᠨ ᠲᠠᠬᠢᠨ ᠰᠠᠶᠢᠵᠢᠷᠠᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠵᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ︽ᠡᠴᠤᠰ ᠤᠨ ᠨᠢᠬᠡ ᠮᠧᠲᠷ︾ ᠢ | ᠡᠷᠡᠰ ᠨᠡᠪᠳᠡᠷᠡᠬᠦᠯᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠯᠠᠯᠳᠤᠭᠠᠨ᠂ ᠰᠦᠨᠦᠬᠡᠯᠳᠡ ᠶᠢᠨ ᠳᠠᠶᠢᠯᠠᠯᠳᠤᠭᠠᠨ ᠤ ᠢᠯᠠᠯᠲᠠ ᠶᠢ | ᠡᠷᠡᠰ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ | ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠲᠠᠢ ᠴᠢᠩᠭ᠎ᠠ ᠬᠠᠷᠭᠤᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠶ | ᠰᠠᠶᠢᠲᠤᠷ ᠠᠳᠬᠤᠵᠤ᠂ ᠨᠢᠭᠡ ᠠᠴᠠ ᠵᠦᠶᠴᠢᠯᠡᠨ ᠨᠥᠭᠦᠭᠡ ᠶᠢ ᠮᠡᠳᠡᠬᠦ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠬᠤ ᠬᠡᠷᠡᠭᠲᠡᠶ᠃ ᠲᠠᠬᠤᠯ ᠡᠪᠡᠳᠴᠢᠨ ᠤ | ᠪᠠᠶᠢᠴᠠᠭᠠᠯᠲᠠ ᠶᠢᠨ ᠠᠵᠢᠯ ᠤᠨ ᠬᠤᠷᠳᠤᠴᠠ ᠶᠢ ᠲᠠᠬᠢᠨᠳᠠ ᠲᠦᠷᠭᠡᠳᠭᠡᠬᠦ᠂ ᠪᠠᠷᠢᠮᠵᠢᠶ᠎ᠠ ᠶᠢ ᠲᠠᠬᠢᠨᠳᠠ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠲᠠᠬᠢᠨᠳᠠ | ᠰᠠᠶᠢᠵᠢᠷᠠᠭᠤᠯᠬᠤ ᠶᠢ ᠠᠬᠢᠭᠤᠯᠵᠤ᠂ ᠬᠦᠴᠦᠨ ᠢ ᠭᠦᠢᠴᠡᠳ ᠲᠠᠶᠢᠴᠢᠯᠠᠵᠥ᠂ ᠨᠡᠶᠢᠳᠭᠡᠵᠦ ᠪᠠᠶᠢᠭᠠᠳ ᠤᠯᠠᠨ ᠲᠦᠮᠡᠨ ᠤ ᠬᠡᠷᠡᠭᠴᠡᠭᠡ ᠶᠢ ᠭᠦᠢᠴᠡᠳ ᠤᠶᠢᠯᠠᠭᠠᠨ | ᠦᠪᠡᠷᠮᠢᠴᠡ ᠦᠢᠯᠡᠴᠢᠯᠡᠭᠡ ᠬᠠᠩᠭᠠᠬᠤ ᠠᠵᠢᠯᠯᠠᠭ᠎ᠠ ᠥᠷᠨᠢᠭᠦᠯᠵᠦ᠂ ᠲᠤᠳᠤᠭᠠᠳᠤ ᠶᠢ ᠬᠠᠮᠠᠭᠠᠯᠠᠬᠤ᠂ ᠠᠵᠤ ᠥᠢᠯᠡᠳᠪᠤᠷᠢ ᠪᠠ ᠮᠡᠳᠡᠭᠡ ᠵᠠᠩᠬᠢᠵᠢᠯᠳᠠ᠂ ᠤᠯᠠᠨ | ᠨᠠᠶᠢᠳᠠ ᠶᠢᠨ ᠡᠷᠡᠬᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠬᠤᠯᠪᠣᠭᠠᠯᠠᠨ ᠬᠠᠮᠵᠢᠯᠴᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠶᠢ ᠴᠢᠩᠭᠠᠳᠬᠠᠵᠥ᠂ ᠴᠠᠭ ᠮᠥᠴᠡ ᠪᠠ ᠸᠢᠷᠦ᠋ᠰ ᠲᠠᠢ ᠤᠷᠤᠯᠳᠤᠵᠥ᠂ ᠬᠠᠯᠳᠠᠪᠤᠷᠢᠯᠠᠯ ᠤᠨ ᠬᠡᠯᠬᠢᠶ᠎ᠡ ᠶᠢ ᠲᠦᠷᠭᠡᠨ ᠴᠡᠪᠡᠷᠯᠡᠵᠦ᠂ | ᠬᠠᠯᠳᠠᠪᠤᠷᠢᠯᠠᠯ ᠤᠨ ᠡᠬᠢ ᠰᠤᠷᠪᠤᠯᠵᠢ ᠶᠢ ᠪᠠᠶᠢᠴᠠᠭᠠᠨ ᠲᠤᠳᠤᠯᠠᠵᠥ᠂ ᠴᠠᠭ ᠬᠤᠭᠤᠴᠠᠭ᠎ᠠ ᠣᠷᠣᠨ ᠵᠠᠢ ᠶᠢᠨ ᠵᠣᠯᠭᠠᠯᠴᠠᠭ᠎ᠠ ᠶᠢ ᠶᠠᠪ ᠴᠠᠪ ᠲᠤᠬᠢᠷᠠᠭᠤᠯᠵᠤ᠂ | ᠲᠦᠭᠰᠢᠬᠦᠷᠢᠳᠡᠢ ᠬᠦᠮᠦᠰ ᠢ ᠰᠤᠳᠤᠯᠤᠨ ᠮᠠᠭᠠᠳᠯᠠᠬᠤ ᠳᠤ ᠤᠷᠬᠢᠬᠳᠠᠭᠤᠯᠬᠤ ᠦᠬᠡᠢ ᠪᠠᠶᠢᠬᠤ ᠶᠢ ᠪᠡᠶᠡᠯᠡᠬᠦᠯᠬᠦ ᠬᠡᠷᠡᠭᠲᠡᠢ᠃ ᠪᠥᠭᠡᠮ ᠬᠦᠴᠢᠯ ᠤᠨ ᠪᠠᠶᠢᠴᠠᠭᠠᠯᠳᠠ ᠶᠢᠨ | ᠬᠤᠷᠳᠤᠴᠠ ᠶᠢ ᠳᠠᠬᠢᠨ ᠲᠦᠷᠭᠡᠳᠭᠡᠬᠦ᠂ ᠪᠠᠷᠢᠮᠵᠢᠶ᠎ᠡ ᠶᠢ ᠳᠠᠬᠢᠨ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠠᠬᠢᠨ ᠰᠠᠶᠢᠵᠢᠷᠠᠭᠤᠯᠬᠤ ᠶᠢ ᠠᠬᠢᠭᠤᠯᠵᠤ᠂ ᠱᠠᠯᠠᠪᠳᠠᠭᠤᠯᠤᠨ | ᠵᠢᠯᠣᠭᠤᠳᠬᠤ ᠪᠠᠨ ᠴᠢᠩᠭᠠᠳᠬᠠᠵᠤ᠂ ᠪᠠᠶᠢᠴᠠᠭᠠᠯᠳᠠ ᠶᠢᠨ ᠥᠯᠢᠭᠡᠷ ᠠᠪᠬᠤ᠂ ᠥᠯᠢᠭᠡᠷ ᠬᠦᠷᠭᠡᠬᠦ᠂ ᠥᠯᠢᠭᠡᠷ ᠬᠦᠯᠢᠶᠡᠨ ᠠᠪᠬᠤ ᠶᠠᠪᠤᠴᠠ ᠶᠢ ᠤᠯᠠᠮ ᠴᠢᠨᠠᠭᠰᠢᠳᠠ | ᠰᠢᠯᠢᠳᠡᠭᠵᠢᠭᠦᠯᠵᠦ᠂ ᠦᠯᠢᠬᠡᠷ ᠠᠪᠬᠤ ᠶᠢᠨ ᠳᠠᠭᠠᠤ ᠪᠠᠶᠢᠴᠠᠭᠠᠬᠤ᠂ ᠳᠡᠩᠴᠡᠬᠦᠷᠢᠳᠡᠢ ᠪᠠᠷ ᠬᠦᠷᠭᠡᠬᠦ᠂ ᠠᠪᠬᠤ ᠪᠠᠶᠢᠴᠠᠭᠠᠬᠤ ᠶᠢ ᠵᠤᠬᠢᠴᠠᠭᠤᠯᠬᠤ ᠶᠢ ᠪᠡᠶᠡᠯᠡᠬᠦᠯᠵᠥ᠂ | ᠬᠤᠯᠢᠮᠠᠭ ᠬᠤᠭᠤᠯᠠᠶ ᠶᠢᠨ ᠠᠩᠬᠠᠨ ᠤ ᠰᠢᠭᠰᠢᠨ ᠪᠠᠶᠢᠴᠠᠭᠠᠯᠲᠠ ᠳᠤ ᠢᠯᠡᠷᠡᠭᠰᠡᠨ ᠠᠷᠭ᠎ᠠ ᠴᠢᠨᠠᠷᠲᠠᠶ ᠶᠢ ᠳᠠᠬᠢᠨᠳᠠ ᠪᠠᠶᠢᠴᠠᠭᠠᠬᠤ ᠶᠢ ᠲᠦᠷᠭᠡᠳᠭᠡᠵᠦ᠂ | ᠪᠠᠶᠢᠴᠠᠭᠠᠯᠳᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠦᠷᠭᠡᠨ ᠬᠦᠷᠭᠡᠬᠦ᠂ ᠲᠦᠷᠭᠡᠨ ᠪᠠᠶᠢᠴᠠᠭᠠᠬᠤ᠂ ᠲᠦᠷᠭᠡᠨ ᠮᠡᠳᠡᠭᠦᠯᠬᠦ᠂ | ᠲᠦᠷᠭᠡᠨ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃ ᠪᠢᠲᠡᠭᠦᠮᠵᠢᠯᠡᠨ ᠡᠵᠡᠮᠳᠡᠵᠦ ᠬᠠᠮᠢᠶᠠᠷᠤᠨ ᠡᠵᠡᠮᠳᠡᠬᠦ ᠠᠵᠢᠯ ᠤᠨ ᠬᠤᠷᠳᠤᠴᠠ ᠶᠢ ᠳᠠᠬᠢᠨ ᠲᠦᠷᠭᠡᠳᠭᠡᠬᠦ᠂ | ᠪᠠᠷᠢᠮᠵᠢᠶ᠎ᠠ ᠶᠢ ᠳᠠᠬᠢᠨ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠠᠬᠢᠨ ᠰᠠᠶᠢᠵᠢᠷᠠᠭᠤᠯᠬᠤ ᠶᠢ ᠠᠬᠢᠭᠤᠯᠵᠤ᠂ ᠲᠤᠰᠠᠭᠠᠷᠯᠠᠬᠰᠠᠨ ᠲᠠᠯᠠᠪᠤᠷ ᠭᠠᠵᠠᠷ ᠤᠨ | ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠤᠰᠠᠭᠠᠷᠯᠠᠬᠰᠠᠨ ᠲᠠᠯᠠᠪᠤᠷ ᠭᠠᠵᠠᠷ ᠤᠨ ᠪᠠᠶᠢᠳᠠᠯ ᠢ ᠲᠣᠳᠣᠷᠬᠠᠢ ᠣᠶᠢᠯᠠᠭᠠᠵᠤ᠂ | ᠲᠠᠯᠳᠠ ᠨᠢᠭᠤᠬᠳᠠᠮᠠᠯ ᠢ ᠭᠦᠨᠵᠡᠭᠡᠢ ᠠᠭᠤᠳᠠᠯᠵᠤ᠂ ᠨᠢᠭᠲᠠ ᠦᠢᠷᠠᠳᠤᠬᠴᠢ ᠶᠢ ᠳᠤᠰᠠᠭᠠᠷᠯᠠᠬᠤ ᠶᠤᠰᠤᠳᠠᠢ ᠶᠢ ᠪᠦᠬᠦᠨ ᠢ ᠲᠤᠰᠠᠭᠠᠷᠯᠠᠵᠤ᠂ ᠬᠢᠵᠢᠭ ᠢ ᠲᠦᠷᠭᠡᠨ | ᠤᠰᠠᠳᠬᠠᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠲᠦᠭᠰᠢᠭᠦᠷᠢ ᠶᠢᠨ ᠵᠡᠷᠭᠡ ᠳᠡᠰ ᠤᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠵᠢᠷᠤᠵᠤ ᠲᠣᠭᠲᠠᠭᠠᠵᠤ᠂ ᠴᠠᠭ | ᠲᠤᠬᠠᠢ ᠳᠤᠨᠢ ᠲᠤᠬᠢᠷᠠᠭᠤᠯᠵᠤ᠂ ᠪᠢᠲᠡᠭᠦᠮᠵᠢᠯᠡᠨ ᠡᠵᠡᠮᠳᠡᠬᠦ ᠣᠷᠣᠨ ᠤ ᠬᠦᠮᠦᠰ ᠭᠡᠷ ᠠᠴᠠ ᠪᠠᠨ ᠭᠠᠷᠬᠤ ᠦᠭᠡᠢ᠂ ᠬᠠᠮᠢᠶᠠᠷᠤᠨ ᠡᠵᠡᠮᠳᠡᠬᠦ ᠣᠷᠣᠨ ᠤ ᠬᠥᠮᠦᠰ | ᠰᠠᠭᠤᠭᠠᠯᠢ ᠠᠷᠠᠳ ᠤᠨ ᠳᠤᠭᠤᠷᠢᠭ ᠠᠴᠠ ᠭᠠᠷᠬᠤ ᠦᠬᠡᠢ ᠪᠠᠶᠢᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠵᠥ ᠴᠠᠭᠳᠠᠨ ᠪᠠᠶᠢᠴᠠᠭᠠᠬᠤ ᠪᠠᠨ | ᠴᠢᠩᠭᠠᠳᠬᠠᠵᠤ᠂ ᠪᠢᠲᠡᠭᠦᠮᠵᠢᠯᠡᠵᠦ ᠳᠡᠶᠢᠯᠬᠦ ᠦᠭᠡᠢ᠂ ᠬᠠᠮᠢᠶᠠᠷᠴᠤ ᠳᠡᠶᠢᠯᠬᠦ ᠦᠭᠡᠢ ᠠᠰᠠᠭᠤᠳᠠᠯ ᠭᠠᠷᠬᠤ ᠶᠢ ᠡᠷᠡᠰ ᠬᠤᠷᠢᠭᠯᠠᠵᠤ᠂ ᠬᠢᠵᠢᠭ ᠤᠨ ᠪᠠᠶᠢᠳᠠᠯ ᠨᠡᠶᠢᠭᠡᠮ | ᠲᠣᠭᠤᠷᠢᠭ ᠲᠤ ᠲᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢᠨ ᠬᠤᠷᠳᠤᠴᠠ ᠪᠠᠨ ᠲᠠᠬᠢᠨ ᠲᠦᠷᠭᠡᠳᠭᠡᠬᠦ᠂ | ᠪᠠᠷᠢᠮᠵᠢᠶ᠎ᠠ ᠪᠠᠨ ᠲᠠᠬᠢᠨ ᠳᠡᠭᠡᠭᠰᠢᠯᠡᠭᠦᠯᠬᠦ᠂ ᠦᠷ᠎ᠡ ᠪᠦᠲᠦᠮᠵᠢ ᠪᠠᠨ ᠲᠠᠬᠢᠨ ᠰᠠᠶᠢᠵᠢᠷᠠᠭᠤᠯᠬᠤ ᠶᠢ ᠠᠬᠢᠭᠤᠯᠵᠤ᠂ ᠬᠢᠵᠢᠭ ᠤᠨ ᠪᠠᠶᠢᠳᠠᠯ ᠤᠨ ᠬᠥᠭᠵᠢᠯᠲᠡ ᠶᠢ | ᠦᠨᠳᠦᠰᠦᠯᠡᠨ ᠰᠠᠶᠢᠲᠤᠷ ᠵᠠᠳᠠᠯᠤᠨ ᠰᠤᠳᠤᠯᠵᠤ᠂ ᠡᠳ᠋ ᠪᠣᠳᠠᠰ ᠨᠥᠭᠡᠴᠡᠯᠡᠬᠦ᠂ ᠲᠤᠬᠢᠷᠠᠭᠤᠯᠤᠨ ᠬᠦᠷᠭᠡᠬᠦ ᠠᠵᠢᠯ ᠢ ᠴᠠᠭ ᠲᠤᠬᠠᠢ ᠳᠤᠨᠢ ᠣᠨᠣᠴᠠᠲᠠᠢ ᠪᠠᠷ ᠰᠠᠶᠢᠲᠤᠷ | ᠬᠢᠵᠦ᠂ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃ ᠰᠣᠨᠢᠨ ᠮᠡᠳᠡᠭᠡᠨ ᠤ ᠤᠬᠠᠭᠤᠯᠭ᠎ᠠ ᠶᠢᠨ | ᠪᠠᠷᠢᠮᠵᠢᠶ᠎ᠠ ᠶᠢ ᠳᠠᠬᠢᠨ ᠳᠡᠭᠡᠭᠰᠢᠯᠡᠭᠦᠯᠬᠦ᠂ ᠬᠤᠷᠳᠤᠴᠠ ᠶᠢ ᠳᠠᠬᠢᠨ ᠲᠦᠷᠭᠡᠳᠭᠡᠬᠦ᠂ ᠦᠷ᠎ᠡ ᠪᠦᠲᠦᠮᠵᠢ ᠶᠢ ᠳᠠᠬᠢᠨ ᠰᠠᠶᠢᠵᠢᠷᠠᠭᠤᠯᠬᠤ ᠶᠢ ᠠᠬᠢᠭᠤᠯᠵᠤ᠂ ᠬᠢᠵᠢᠭ ᠲᠠᠢ | ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠲᠡᠷᠢᠭᠦᠨ ᠤ ᠨᠡᠶᠢᠲᠡᠯᠢᠭ ᠵᠢᠱᠢᠶ᠎ᠡ᠂ ᠰᠡᠳᠭᠢᠯ | ᠬᠥᠳᠡᠯᠭᠡᠮ᠎ᠡ ᠥᠯᠢᠭᠡᠷ ᠢ ᠶᠡᠭᠡ ᠪᠠᠷ ᠤᠬᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠪᠥᠬᠦ ᠲᠠᠯ᠎ᠠ ᠪᠠᠷ | ᠲᠠᠶᠢᠯᠪᠤᠷᠢᠯᠠᠵᠤ᠂ ᠰᠦᠯᠵᠢᠶᠡᠨ ᠳᠡᠭᠡᠷᠡᠬᠢ ᠪᠠ ᠪᠤᠳᠠᠳᠤ ᠠᠬᠤᠢ᠂ ᠶᠡᠭᠡ ᠶᠠᠪᠤᠳᠠᠯ ᠪᠠᠭ᠎ᠠ ᠶᠠᠪᠤᠳᠠᠯ ᠢ ᠨᠢᠭᠡᠳᠦᠯᠲᠡᠶ ᠲᠥᠯᠥᠪᠵᠢᠭᠦᠯᠵᠦ᠂ ᠢᠲᠡᠭᠡᠯ ᠵᠣᠷᠢᠭ ᠢᠶᠠᠨ ᠨᠡᠩ | ᠰᠠᠶᠢᠳᠤᠷ ᠪᠠᠲᠤᠳᠬᠠᠵᠤ᠂ ᠬᠥᠮᠦᠰ ᠤᠨ ᠰᠡᠳᠭᠢᠯ ᠢ ᠳᠤᠯᠠᠭᠠᠴᠠᠭᠤᠯᠵᠤ᠂ ᠠᠷᠠᠳ ᠤᠨ ᠰᠡᠳᠭᠢᠯ ᠢ ᠨᠢᠭᠲᠠᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠨᠠᠩ ᠰᠠᠶᠢᠲᠤᠷ ᠬᠠᠮᠠᠭᠠᠯᠠᠬᠤ ᠬᠡᠷᠡᠭᠲᠡᠶ ᠬᠡᠵᠥ ᠵᠢᠭᠠᠵᠥ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠾᠧᠩ ᠰᠢᠶᠤᠤ ᠹᠠᠨ᠂ ᠪᠣᠣ ᠰᠢᠶᠠᠨ ᠬᠤᠸᠠ ᠬᠤᠷᠠᠯ ᠳᠤ ᠣᠷᠣᠯᠴᠠᠵᠤ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠬᠡᠬᠤᠲᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |