ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠦᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠬᠤᠷᠠᠯ ᠬᠤᠷᠠᠯᠳᠤᠪᠠ  ᠱᠢ ᠲᠠᠢ ᠹᠧᠩ ᠴᠣᠬᠤᠯᠠᠪᠤᠷᠢ ᠥᠭᠴᠦ  ᠸᠠᠩ ᠯᠢ ᠰᠢᠶᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/2/7

      1 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠦᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠳᠠᠯ ᠡᠭᠦᠷᠭᠡ ᠶᠢ ᠰᠤᠳᠤᠯᠤᠨ ᠵᠠᠳᠠᠯᠵᠤ᠂ 2022 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠠᠴᠠ ᠮᠠᠨ ᠤ ᠣᠷᠣᠨ ᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠶ ᠴᠣᠬᠤᠯᠠᠪᠤᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃

      ᠱᠢ ᠲᠠᠢ ᠹᠧᠩ᠂ ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠨᠢ᠂ ᠮᠠᠯ ᠠᠵᠤ ᠠᠬᠤᠶ ᠲᠠᠷᠢᠶᠠᠯᠠᠩ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠨ ᠭᠠᠵᠠᠷ ᠢ ᠬᠠᠮᠠᠭᠠᠯᠠᠬᠤ ᠬᠤᠶᠠᠷ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠣᠯᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠬᠠᠩᠭᠠᠯᠭ᠎ᠠ ᠶᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠠᠳᠬᠤᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ ᠰᠢᠷ᠎ᠠ ᠪᠤᠷᠴᠠᠭ ᠪᠣᠯᠤᠨ ᠲᠣᠰᠣᠯᠢᠭ ᠲᠠᠷᠢᠮᠠᠯ ᠤᠨ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠮᠠᠯ ᠤᠨ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠪᠣᠯᠤᠨ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠯ ᠠᠵᠤ ᠠᠬᠤᠶ ᠲᠠᠷᠢᠶᠠᠯᠠᠩ ᠤᠨ ᠦᠷᠭᠦᠯᠵᠢᠯᠡᠨ ᠡᠯᠪᠡᠭ ᠬᠤᠷᠢᠶᠠᠯᠲᠠ ᠤᠯᠵᠤ ᠦᠷᠭᠦᠯᠵᠢᠯᠡᠨ ᠲᠤᠭᠲᠠᠪᠦᠷᠢᠲᠠᠢ ᠪᠠᠶᠢᠬᠤ ᠪᠠᠶᠢᠳᠠᠯ ᠢ ᠪᠠᠲᠤᠳᠬᠠᠬᠤ ᠬᠡᠷᠡᠭᠲᠡᠢ᠃ ᠮᠠᠯ ᠠᠵᠤ ᠠᠬᠤᠶ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠶ ᠠᠬᠢᠭᠤᠯᠵᠤ᠂ ᠠᠯᠢ ᠤᠯᠠᠨ ᠳᠠᠪᠠᠭᠤᠯᠢᠭ ᠪᠦᠬᠦᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠶᠯᠡᠰ ᠤᠨ ᠪᠦᠰᠡ ᠪᠣᠯᠤᠨ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢ ᠲᠦᠷᠭᠡᠳᠭᠡᠨ ᠴᠣᠭᠴᠠᠯᠠᠵᠤ᠂ ᠮᠠᠯ ᠠᠵᠤ ᠠᠬᠤᠶ ᠲᠠᠷᠢᠶᠠᠯᠠᠩ ᠤᠨ ᠪᠣᠬᠢᠷᠲᠤᠯ ᠥᠬᠡᠶ᠂ ᠡᠷᠴᠢᠮᠵᠢᠭᠰᠡᠨ᠂ ᠰᠢᠯᠢᠳᠡᠭᠵᠢᠭᠰᠡᠨ᠂ ᠤᠨᠴᠠᠯᠢᠬᠵᠢᠭᠰᠠᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠲᠠᠪᠤᠨ ᠱᠠᠲᠤᠨ ᠤ ᠱᠦᠵᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠵᠦᠶᠯ ᠤᠨ ᠡᠭᠦᠷᠭᠡ ᠶᠢ ᠪᠣᠳᠠᠲᠠᠶ ᠨᠠᠷᠢᠯᠢᠭ ᠠᠳᠬᠤᠵᠤ᠂ ᠮᠠᠨ ᠤ ᠣᠷᠣᠨ ᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃

      ᠸᠠᠩ ᠯᠢ ᠰᠢᠶᠠ᠂ ᠶᠡᠷᠦᠩᠬᠡᠶ ᠱᠦᠵᠢ ᠰᠢ ᠶᠢᠨ ᠫᠢᠩ ᠮᠠᠨ ᠤ ᠣᠷᠣᠨ ᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠥᠭᠴᠦ ᠱᠠᠭᠠᠷᠳᠠᠯᠭ᠎ᠠ ᠲᠠᠯᠪᠢᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠪᠣᠯᠤᠨ ᠬᠦᠳᠡᠭᠡ ᠲᠤᠰᠬᠤᠨ ᠮᠠᠯᠵᠢᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠠᠯᠢ ᠣᠯᠠᠨ ᠪᠥᠬᠦ ᠲᠠᠯ᠎ᠠ ᠶᠢᠨ ᠴᠢᠨᠠᠷᠲᠠᠶ᠂ ᠦᠨᠳᠦᠰᠦᠨ ᠴᠢᠨᠠᠷᠲᠠᠶ᠂ ᠴᠢᠭᠯᠡᠯ ᠤᠨ ᠴᠢᠨᠠᠷᠲᠠᠶ ᠴᠢᠬᠤᠯᠠ ᠶᠡᠭᠡ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠣᠳᠣᠯ᠂ ᠲᠤᠯᠭᠠᠮ ᠪᠣᠳᠣᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠦᠵᠡᠯ ᠰᠠᠨᠠᠭ᠎ᠠ ᠪᠣᠯᠤᠨ ᠦᠶᠯᠡ ᠠᠵᠢᠯᠯᠠᠭ᠎ᠠ ᠪᠠᠨ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠳᠡᠭᠡᠳᠦ ᠬᠡᠮᠵᠢᠶ᠎ᠡ ᠪᠠᠷ ᠨᠢᠭᠡᠳᠭᠡᠵᠦ᠂ ᠪᠥᠬᠦ ᠲᠠᠯ᠎ᠠ ᠪᠠᠷ ᠭᠦᠨᠵᠡᠭᠡᠶ ᠣᠶᠢᠯᠠᠭᠠᠨ ᠪᠤᠲᠠᠲᠠᠶᠢᠵᠢᠭᠤᠯᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃

      ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ᠂ ᠲᠠᠷᠢᠶᠠᠨ ᠭᠠᠵᠠᠷ ᠢ ᠬᠠᠮᠠᠭᠠᠯᠠᠵᠤ ᠪᠥᠲᠥᠭᠡᠨ ᠪᠠᠶᠢᠭᠤᠯᠬᠤ ᠠᠵᠢᠯᠯᠠᠭ᠎ᠠ᠂ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠠᠵᠢᠯᠯᠠᠭ᠎ᠠ᠂ ᠮᠠᠯ ᠠᠵᠤ ᠠᠬᠤᠶ ᠲᠠᠷᠢᠶᠠᠯᠠᠩ ᠤᠨ ᠲᠥᠷᠥᠯ ᠲᠡᠮᠳᠡᠭᠲᠤ ᠶᠢ ᠳᠡᠭᠡᠭᠰᠢᠯᠡᠭᠦᠯᠬᠦ ᠠᠵᠢᠯᠯᠠᠭ᠎ᠠ᠂ ᠲᠠᠷᠢᠮᠠᠯ ᠤᠨ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠦᠶᠯᠡᠳᠪᠦᠷᠢᠯᠡᠯ ᠢ ᠲᠣᠭᠲᠠᠪᠤᠷᠢᠵᠢᠭᠤᠯᠵᠤ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠶᠡᠭᠡ ᠣᠷᠣᠨ ᠠᠴᠠ ᠮᠠᠯ ᠠᠵᠤ ᠠᠬᠤᠶ ᠲᠠᠷᠢᠶᠠᠯᠠᠩ ᠤᠨ ᠶᠠᠰᠤ ᠴᠢᠨᠠᠷ ᠤᠨ ᠬᠦᠴᠦᠷᠬᠡᠭ ᠣᠷᠣᠨ ᠳᠠᠶᠢᠰᠢ ᠬᠤᠪᠢᠷᠠᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠣᠷᠭᠠᠨᠢᠭ ᠢᠶᠠᠷ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ︽ᠳᠥᠷᠪᠡ ᠶᠢ ᠲᠠᠶᠠᠭᠳᠠᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠶᠠᠳᠠᠭᠤ ᠠᠴᠠ ᠠᠩᠭᠢᠵᠢᠷᠠᠭᠤᠯᠬᠤ ᠲᠣᠭᠲᠠᠪᠤᠷᠢᠲᠤ ᠴᠢᠨᠠᠷ ᠢ ᠴᠢᠩᠭᠠᠳᠬᠠᠵᠤ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠠᠶᠢᠳᠠᠯ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠂ ᠵᠢᠮ᠎ᠡ ᠶᠣᠰᠣ ᠶᠢ ᠵᠢᠷᠤᠮᠯᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠵᠦ ᠪᠠᠶᠢᠭᠰᠠᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠡᠶᠢᠰᠢ ᠲᠣᠭᠲᠠᠭᠤᠨ ᠢᠶᠠᠷ ᠰᠢᠯᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ ᠳᠤ ᠡᠷᠡᠰ ᠨᠠᠶᠢᠳᠠᠪᠤᠷᠢᠵᠢᠭᠤᠯᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠨᠡᠪᠲᠡᠷᠡᠯᠴᠡᠬᠦ᠂ ᠤᠨᠤᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ᠂ ᠡᠴᠦᠰ ᠲᠤᠨᠢ ᠲᠤᠯᠲᠠᠯ᠎ᠠ ᠠᠳᠬᠤᠬᠤ ᠠᠵᠢᠯ ᠤᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠳᠤ ᠶᠢ ᠠᠳᠬᠤᠬᠤ᠂ ᠰᠠᠭᠤᠷᠢ ᠶᠢ ᠪᠠᠬᠢᠵᠢᠭᠦᠯᠬᠦ᠂ ᠦᠨᠳᠦᠰᠦᠨ ᠵᠦᠢᠯ ᠢ ᠪᠠᠲᠤᠳᠬᠠᠬᠤ ᠠᠵᠢᠯ ᠤᠨ ᠤᠳᠤᠷᠢᠳᠤᠮᠵᠢ ᠶᠢ ᠲᠤᠪᠤᠶᠢᠯᠭᠠᠨ᠂ ᠡᠳ᠋ ᠤᠨ ᠬᠦᠴᠦᠨ ᠢ ᠦᠨᠳᠦᠰᠦᠨ ᠱᠠᠲᠤᠨ ᠳᠤ ᠪᠠᠭᠤᠯᠭᠠᠬᠤ᠂ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤ ᠲᠡᠶᠢᠰᠢ ᠬᠡᠯᠪᠡᠶᠢᠯᠭᠡᠬᠦ᠂ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠠᠬᠢᠭᠤᠯᠵᠤ᠂ ᠨᠡᠩ ᠤᠯᠠᠨ ᠡᠬᠢ ᠪᠠᠶᠠᠯᠢᠭ ᠤᠨ ᠬᠦᠴᠦᠨ ᠢ ᠲᠠᠶᠢᠴᠢᠯᠠᠨ ᠦᠨᠳᠦᠰᠦᠨ ᠱᠠᠳᠤ ᠶᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠬᠠᠷᠰᠢ ᠰᠠᠭᠠᠳ ᠢ ᠨᠢ ᠠᠷᠢᠯᠭᠠᠨ ᠦᠭᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠮᠧᠩ ᠹᠠᠨ ᠯᠢ᠂ ᠬᠤᠸᠠᠩ ᡁᠢ ᠴᠢᠶᠠᠩ᠂ ᠵᠠᠩ ᠶᠤᠸᠠᠨ ᠵᠦᠩ᠂ ᠯᠢ ᠪᠢᠩ ᠷᠦᠩ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ