ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/2/9

      ᠰᠤᠷᠪᠤᠯᠵᠢᠯᠠᠭᠰᠠᠨ ᠴᠠᠭ᠄ 2021 ︱ 12 ︱ 27

      ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ  ᠾᠧ ᠹᠧᠩ

      ᠬᠤᠷᠢᠶᠠᠩᠭᠤᠢ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠪᠣᠯ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠳᠤ ᠪᠠᠨ ᠬᠦᠷᠲᠡᠬᠦ ᠶᠢ ᠪᠠᠲᠤᠯᠠᠬᠤ᠂ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠠᠶᠢᠵᠤ᠂ ᠠᠷᠠᠳ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ᠂ ᠨᠡᠶᠢᠭᠡᠮ ᠤᠨ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠬᠤᠲᠠ ᠬᠥᠳᠡᠭᠡ ᠶᠢᠨ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠲᠠᠢ ᠶᠤᠮ᠃

      ᠦᠰᠦᠭ ᠪᠢᠴᠢᠭ ᠤᠨ ᠪᠣᠳᠠᠲᠤ ᠲᠡᠮᠳᠡᠭᠯᠡᠯ

      ᠬᠥᠲᠥᠯᠥᠭᠴᠢ 2021 ︱ 12 ︱ 27  11᠄ 00

      ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠫᠷᠣᠭ᠍ᠷᠠᠮ ᠢ ᠬᠦᠯᠢᠶᠡᠨ ᠠᠪᠴᠤ ᠦᠵᠡᠭᠰᠡᠨ ᠳᠤ ᠪᠠᠶᠠᠷᠯᠠᠵᠤ ᠪᠠᠶᠢᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠾᠧ ᠹᠧᠩ ᠢ ᠤᠷᠢᠵᠤ ᠢᠷᠡᠭᠦᠯᠦᠭᠰᠡᠨ ᠳᠤ ᠪᠠᠨ ᠮᠠᠰᠢ ᠪᠠᠶᠠᠷᠲᠠᠢ ᠪᠠᠶᠢᠨ᠎ᠠ᠂ ᠲᠡᠷᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠣᠨ᠎ᠠ᠃ ᠾᠧ ᠳᠠᠷᠤᠭ᠎ᠠ ᠲᠠᠨ ᠢ ᠪᠠᠶᠠᠷᠯᠠᠨ ᠤᠭᠲᠤᠵᠤ ᠪᠠᠶᠢᠨ᠎ᠠ︕

      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ  ᠾᠧ ᠹᠧᠩ 2021 ︱ 12 ︱ 27  11᠄ 00

      ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ᠂ ᠠᠳᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠤ ᠪᠠᠨ ᠮᠠᠰᠢ ᠪᠠᠶᠠᠷᠲᠠᠢ ᠪᠠᠶᠢᠨ᠎ᠠ᠃ ᠲᠠ ᠨᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃

      ᠬᠥᠲᠥᠯᠥᠭᠴᠢ 2021 ︱ 12 ︱ 27  11᠄ 00

      ᠾᠧ ᠳᠠᠷᠤᠭ᠎ᠠ ᠠ᠋᠂ ᠲᠠ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖

      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ  ᠾᠧ ᠹᠧᠩ 2021 ︱ 12 ︱ 27  11᠄ 00

      2009 ᠣᠨ ᠳᠤ᠂ ᠤᠯᠤᠰ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠡᠬᠢᠯᠡᠭᠦᠯᠪᠡ᠃ 2011 ᠣᠨ ᠳᠤ᠂ ᠮᠠᠨ ᠤ ᠣᠷᠣᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯᠣᠨ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ᠂ 2012 ᠣᠨ ᠳᠤ ᠳᠦᠷᠢᠮ ᠢ ᠪᠦᠷᠢᠨ ᠬᠠᠮᠤᠷᠤᠭᠤᠯᠬᠤ ᠶᠢ ᠪᠡᠶᠡᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠳᠦᠷᠢᠮ ᠢ ᠲᠡᠭᠦᠯᠳᠡᠷᠵᠢᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠯᠢ ᠣᠯᠠᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠬᠥᠭᠵᠢᠯᠲᠡ ᠶᠢ ᠠᠬᠢᠭᠤᠯᠪᠠ᠃ 2015 ᠣᠨ ᠳᠤ᠂ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 21 ᠳ᠋ᠦ᠋ᠭᠡᠷ ᠲᠣᠭᠠᠲᠤ︶᠎ ᠢ ᠨᠡᠶᠢᠲᠡᠯᠡᠵᠦ᠂ ᠰᠦᠢᠳᠬᠡᠯ ᠲᠤᠰᠢᠶᠠᠬᠤ ᠲᠠᠰ ᠪᠠ ᠵᠠᠰᠠᠭ ᠤᠨ ᠣᠷᠳᠣᠨ ᠤ ᠨᠥᠬᠦᠪᠦᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ᠃ 2018 ᠣᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠣᠷᠣᠰᠢᠭᠤᠯᠭ᠎ᠠ ᠶᠢᠨ ᠨᠥᠬᠦᠪᠦᠷᠢ ᠶᠢᠨ ᠠᠷᠭ᠎ᠠ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2018﹈ 324 ᠳ᠋ᠦ᠋ᠭᠡᠷ ᠲᠣᠭᠠᠲᠤ︶᠎ ᠶᠢ ᠨᠡᠶᠢᠲᠡᠯᠡᠵᠦ᠂ ᠬᠠᠷᠠᠭᠠᠯᠵᠠᠯ ᠬᠦᠷᠲᠡᠭᠰᠡᠳ ᠨᠠᠰᠤ ᠪᠠᠷᠠᠪᠠᠯ ᠣᠷᠣᠰᠢᠭᠤᠯᠭ᠎ᠠ ᠶᠢᠨ ᠨᠥᠬᠦᠪᠦᠷᠢ ᠮᠥᠩᠭᠦ ᠲᠠᠢ ᠪᠣᠯᠵᠤ᠂ ᠨᠥᠬᠦᠪᠦᠷᠢ ᠶᠢᠨ ᠪᠠᠷᠢᠮᠵᠢᠶ᠎ᠠ ᠶᠢ 12 ᠰᠠᠷ᠎ᠠ ᠶᠢᠨ ᠳᠡᠭᠡᠷ᠎ᠡ ᠨᠢᠭᠡ ᠵᠢᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠪᠠᠷ ᠲᠣᠭᠲᠠᠭᠠᠪᠠ᠃ ᠣᠳᠣᠬᠠᠨ ᠳᠤ 1596 ᠲᠥᠭᠦᠷᠢᠭ ᠢᠶᠠᠷ ᠪᠠᠷᠢᠮᠵᠢᠶᠠᠯᠠᠵᠤ ᠪᠠᠶᠢᠨ᠎ᠠ᠃ 2019 ᠣᠨ ᠳᠤ᠂ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠲᠣᠭᠲᠠᠭᠠᠬᠤ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠡᠪ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾᠎ ᠢ ᠲᠣᠭᠲᠠᠭᠠᠨ ᠨᠡᠶᠢᠲᠡᠯᠡᠵᠦ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠣᠬᠢᠷᠠᠭᠤᠯᠤᠯᠲᠠ ᠳᠤ ᠳᠦᠷᠢᠮ ᠤᠨ ᠪᠠᠲᠤᠯᠠᠭ᠎ᠠ ᠶᠢ ᠲᠠᠯᠪᠢᠵᠤ ᠥᠭᠴᠡᠢ᠃ ᠣᠲᠣ ᠪᠣᠯᠬᠤ ᠳᠤ᠂ ᠪᠥᠬᠦ ᠣᠷᠣᠨ ᠳᠤ 790 ᠲᠦᠮᠡᠨ ᠬᠥᠮᠥᠨ ᠳᠠᠭᠠᠳᠬᠠᠯ ᠳᠤ ᠣᠷᠣᠯᠴᠠᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 99.35% ᠬᠦᠷᠴᠡᠢ︔ ᠬᠠᠷᠠᠭᠠᠯᠵᠠᠯ ᠬᠦᠷᠲᠡᠭᠰᠡᠳ 261 ᠲᠦᠮᠡ ᠳᠤ ᠬᠥᠷᠪᠡ︔ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠬᠥᠮᠥᠨ ᠪᠦᠷᠢ ᠰᠠᠷ᠎ᠠ ᠳᠤ 140 ᠲᠥᠭᠦᠷᠢᠭ ᠪᠣᠯᠣᠨ᠎ᠠ᠃

      ᠬᠥᠲᠥᠯᠥᠭᠴᠢ 2021 ︱ 12 ︱ 27  11᠄ 03

      ᠲᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠤᠣᠯ ᠲᠥᠷᠥ ᠶᠢᠨ ᠪᠣᠳᠣᠯᠭ᠎ᠠ ᠶᠢ ᠲᠠᠨᠢᠯᠴᠠᠭᠤᠯᠤᠭᠠᠷᠠᠢ

      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ  ᠾᠧ ᠹᠧᠩ 2021 ︱ 12 ︱ 27  11᠄ 03

      ᠳᠠᠭᠠᠳᠬᠠᠯ ᠳᠤ ᠣᠷᠤᠯᠴᠠᠬᠤ ᠬᠥᠮᠥᠰ᠄ ᠪᠦᠬᠦᠯᠢ 16 ᠨᠠᠰᠤ ᠬᠦᠷᠦᠭᠰᠡᠨ ︵ᠰᠤᠷᠭᠠᠭᠤᠯᠢ ᠳᠤ ᠪᠠᠶᠢᠭ᠎ᠠ ᠰᠣᠷᠣᠭᠴᠢ ᠶᠢ ᠪᠠᠭᠲᠠᠭᠠᠬᠤ ᠦᠭᠡᠢ︶᠂ ᠤᠯᠤᠰ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠪᠤᠰᠤ ᠠᠵᠢᠯᠲᠠᠨ ᠠᠵᠢᠯᠲᠠᠨ ᠨᠢ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠬᠤ ᠬᠡᠪᠴᠢᠶᠡᠨ ᠳᠤ ᠦᠯᠦ ᠪᠠᠭᠲᠠᠬᠤ ᠬᠤᠲᠠ ᠬᠥᠳᠡᠭᠡ ᠶᠢᠨ ᠰᠠᠭᠤᠭᠠᠯᠢ ᠠᠷᠠᠳ ᠪᠣᠯ ᠡᠷᠦᠬᠡ ᠠᠮᠠ ᠶᠢᠨ ᠪᠠᠶᠢᠭ᠎ᠠ ᠭᠠᠵᠠᠷ ᠲᠤ ᠪᠠᠨ ᠳᠠᠭᠠᠳᠬᠠᠯ ᠳᠤ ᠣᠷᠣᠯᠴᠠᠵᠤ ᠪᠣᠯᠣᠨ᠎ᠠ᠃ ᠣᠯᠭᠤᠮᠵᠢ ᠠᠪᠬᠤ᠄ ᠪᠦᠬᠦᠯᠢ 60 ᠨᠠᠰᠤ ᠬᠦᠷᠴᠦ᠂ ᠰᠦᠢᠳᠬᠡᠯ ᠲᠤᠰᠢᠶᠠᠭᠠᠳ ᠪᠦᠬᠦᠯᠢ 15 ᠵᠢᠯ ᠪᠣᠯᠤᠭᠰᠠᠨ ᠪᠥᠭᠡᠳ ᠪᠤᠰᠤᠳ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠦᠯᠦ ᠬᠦᠷᠲᠡᠭᠰᠡᠨ ᠪᠣᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠰᠠᠷ᠎ᠠ ᠰᠠᠷ᠎ᠠ ᠪᠠᠷ ᠠᠪᠴᠤ ᠪᠣᠯᠣᠨ᠎ᠠ᠃ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ᠄ ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠮᠤᠭ ᠤᠨ ᠳᠣᠣᠷ᠎ᠠ ᠪᠠᠷᠢᠮᠵᠢᠶ᠎ᠠ ᠶᠢ ᠲᠣᠭᠲᠠᠭᠠᠪᠠ᠂ ᠣᠳᠣᠬᠠᠨ ᠳᠤ 140 ᠲᠥᠭᠦᠷᠢᠭ ᠪᠣᠯᠣᠨ᠎ᠠ᠂ ᠪᠦᠬᠦᠯᠢ 70 ᠨᠠᠰᠤ ᠠᠴᠠ ᠪᠦᠬᠦᠯᠢ 79 ᠨᠠᠰᠤ ᠬᠦᠷᠪᠡᠯ᠂ 10 ᠲᠥᠭᠦᠷᠢᠭ ᠨᠡᠮᠡᠭᠳᠡᠭᠦᠯᠦᠨ᠎ᠡ︔ ᠪᠦᠬᠦᠯᠢ 80 ᠨᠠᠰᠤᠨ ᠠᠴᠠ ᠳᠡᠭᠡᠭᠰᠢ ᠪᠣᠯᠪᠠᠯ 20 ᠲᠥᠭᠦᠷᠢᠭ ᠨᠡᠮᠡᠭᠳᠡᠭᠦᠯᠦᠨ᠎ᠡ᠃ ᠳᠠᠭᠠᠳᠬᠠᠯ ᠳᠤ ᠣᠷᠣᠭᠰᠠᠳ 200 ᠲᠥᠭᠦᠷᠢᠭ ᠵᠢᠴᠢ 200 ᠲᠥᠭᠦᠷᠢᠭ ᠠᠴᠠ ᠳᠡᠭᠡᠭᠰᠢ ᠰᠦᠢᠳᠬᠡᠯ ᠲᠤᠰᠢᠶᠠᠬᠤ ᠲᠠᠰ ᠢ ᠰᠣᠩᠭᠤᠭᠰᠠᠨ ᠮᠥᠷᠲᠡᠭᠡᠨ ᠰᠦᠢᠳᠬᠡᠯ ᠲᠤᠰᠢᠶᠠᠭᠠᠳ ᠪᠦᠬᠦᠯᠢ 15 ᠵᠢᠯ ᠪᠣᠯᠤᠭᠰᠠᠨ ᠪᠣᠯ᠂ ᠨᠢᠭᠡ ᠵᠢᠯ ᠨᠡᠮᠡᠭᠳᠡᠬᠦ ᠪᠦᠷᠢ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ 2 ᠲᠥᠭᠦᠷᠢᠭ ᠨᠡᠮᠡᠭᠳᠡᠭᠦᠯᠦᠨ᠎ᠡ᠃ ᠰᠦᠢᠳᠬᠡᠯ ᠲᠤᠰᠢᠶᠠᠬᠤ ᠲᠠᠰ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠵᠢᠯ ᠢᠶᠠᠷ ᠳᠡᠰ ᠰᠣᠩᠭᠤᠨ ᠰᠦᠢᠳᠬᠡᠯ ᠲᠤᠰᠢᠶᠠᠬᠤ ᠶᠢ ᠬᠡᠷᠡᠭᠵᠢᠭᠦᠯᠵᠦ᠂ ᠰᠦᠢᠳᠬᠡᠯ ᠲᠤᠰᠢᠶᠠᠬᠤ ᠲᠠᠰ ᠢ 12 ᠲᠠᠰ ᠬᠤᠪᠢᠶᠠᠨ᠎ᠠ᠂ ᠲᠤᠬᠠᠶᠢᠯᠠᠪᠠᠯ 200 ᠲᠥᠭᠦᠷᠢᠭ᠂ 300 ᠲᠥᠭᠦᠷᠢᠭ᠂ 400 ᠲᠥᠭᠦᠷᠢᠭ᠂ 500 ᠲᠥᠭᠦᠷᠢᠭ᠂ 600 ᠲᠥᠭᠦᠷᠢᠭ᠂ 700 ᠲᠥᠭᠦᠷᠢᠭ᠂ 800 ᠲᠥᠭᠦᠷᠢᠭ᠂ 900 ᠲᠥᠭᠦᠷᠢᠭ᠂ 1000 ᠲᠥᠭᠦᠷᠢᠭ᠂ 3000 ᠲᠥᠭᠦᠷᠢᠭ᠂ 5000 ᠲᠥᠭᠦᠷᠢᠭ᠂ 7000 ᠲᠥᠭᠦᠷᠢᠭ ᠪᠣᠯᠣᠨ᠎ᠠ᠃ ᠰᠦᠢᠳᠬᠡᠯ ᠲᠤᠰᠢᠶᠠᠬᠤ ᠨᠥᠬᠦᠪᠦᠷᠢ᠄ 200 ᠲᠥᠭᠦᠷᠢᠭ ᠠᠴᠠ 400 ᠲᠥᠭᠦᠷᠢᠭ ᠲᠤ᠂ ᠲᠣᠰ ᠲᠣᠰ 35 ᠲᠥᠭᠦᠷᠢᠭ᠂ 40 ᠲᠥᠭᠦᠷᠢᠭ᠂ 45 ᠲᠥᠭᠦᠷᠢᠭ ᠨᠥᠬᠦᠪᠦᠷᠢᠯᠡᠨ᠎ᠡ︔ 500 ᠲᠥᠭᠦᠷᠢᠭ ᠲᠤ 60 ᠲᠥᠭᠦᠷᠢᠭ ᠨᠥᠬᠦᠪᠦᠷᠢᠯᠡᠨ᠎ᠡ᠂ ᠡᠭᠦᠨ ᠤ ᠰᠠᠭᠤᠷᠢᠨ ᠳᠡᠭᠡᠷ᠎ᠡ ᠰᠦᠢᠳᠬᠡᠯ ᠲᠤᠰᠢᠶᠠᠬᠤ ᠲᠠᠰ ᠢ ᠳᠡᠭᠡᠭᠰᠢᠯᠡᠭᠦᠯᠬᠦ ᠪᠦᠷᠢ ᠨᠥᠬᠦᠪᠦᠷᠢ ᠶᠢ 5 ᠲᠥᠭᠦᠷᠢᠭ ᠳᠡᠭᠡᠭᠰᠢᠯᠡᠭᠦᠯᠵᠦ᠂ ᠬᠠᠮᠤᠭ ᠤᠨ ᠥᠨᠳᠥᠷ ᠲᠤ ᠪᠠᠨ 100 ᠲᠥᠭᠦᠷᠢᠭ ᠤᠨ ᠨᠥᠬᠦᠪᠦᠷᠢ ᠥᠭᠭᠦᠨ᠎ᠡ᠃ ᠣᠷᠣᠯᠠᠨ ᠲᠤᠰᠢᠶᠠᠬᠤ ᠲᠠᠯ᠎ᠠ ᠪᠠᠷ᠄ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ᠂ ᠳᠠᠬᠢᠭᠠᠳ ᠶᠠᠳᠠᠭᠤᠷᠠᠭᠰᠠᠳ ᠪᠠ ᠶᠠᠳᠠᠭᠤᠷᠠᠭᠰᠠᠳ ᠵᠡᠷᠭᠡ ᠰᠦᠢᠳᠬᠡᠯ ᠲᠤᠰᠢᠶᠠᠬᠤ ᠳᠤ ᠬᠦᠴᠢᠷᠲᠡᠢ ᠬᠥᠮᠥᠰ ᠲᠤ ᠵᠠᠰᠠᠭ ᠤᠨ ᠣᠷᠳᠣᠨ 100 ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠨᠢ ᠣᠷᠣᠯᠠᠨ ᠲᠤᠰᠢᠶᠠᠨ᠎ᠠ︔ ᠬᠦᠨᠳᠦ ᠵᠡᠮᠳᠡᠭᠴᠦᠳ ᠲᠤ ᠵᠠᠰᠠᠭ ᠤᠨ ᠣᠷᠳᠣᠨ 200 ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠢ ᠣᠷᠣᠯᠠᠨ ᠲᠤᠰᠢᠶᠠᠨ᠎ᠠ᠃

      ᠬᠥᠲᠥᠯᠥᠭᠴᠢ᠄ 2021 ︱ 12 ︱ 27  11᠄ 05

      ᠰᠠᠶ᠋ᠢᠬᠠᠨ ᠲᠠ 2019 ᠣᠨ ᠳᠤ ᠨᠡᠶᠢᠲᠡᠯᠡᠭᠰᠡᠨ ᠬᠠᠷᠠᠭᠠᠯᠵᠠᠯ ᠢ ᠲᠣᠭᠲᠠᠭᠠᠬᠤ ᠲᠣᠭᠲᠠᠴᠠ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠣᠭᠲᠠᠴᠠ ᠶᠢ ᠶᠠᠷᠢᠪᠠ᠂ ᠲᠤᠬᠠᠶᠢᠯᠠᠪᠠᠯ ︽ᠬᠤᠶᠠᠷ ᠲᠣᠭᠲᠠᠴᠠ︾ ᠪᠣᠯᠣᠨ᠎ᠠ᠂ ᠪᠢᠳᠡᠨ ᠳᠤ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠢ ᠪᠠᠷ ᠲᠠᠨᠢᠯᠴᠠᠭᠤᠯᠤᠭᠠᠳ ᠥᠭᠭᠦᠨ᠎ᠡ ᠦᠦ︖

      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ  ᠾᠧ ᠹᠧᠩ 2021 ︱ 12 ︱ 27  11᠄ 05

      ︽ᠬᠤᠶᠠᠷ ᠲᠣᠭᠲᠠᠴᠠ︾᠎ ᠶᠢᠨ ᠪᠢᠴᠢᠭ ᠮᠠᠲ᠋ᠧᠷᠢᠶᠠᠯ ᠢ 2020 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ᠥᠩᠭᠡᠷᠡᠭᠰᠡᠨ ᠤ ᠲᠥᠷᠥ ᠶᠢᠨ ᠪᠣᠳᠣᠯᠭ᠎ᠠ ᠲᠠᠢ ᠬᠠᠷᠢᠴᠠᠭᠤᠯᠪᠠᠯ᠂ ᠲᠣᠰ ᠪᠢᠴᠢᠭ ᠮᠠᠲ᠋ᠧᠷᠢᠶᠠᠯ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠰᠢᠨ᠎ᠡ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠣᠶ᠃ ᠨᠢᠭᠡ ᠳᠤ᠂ ᠬᠠᠷᠠᠭᠠᠯᠵᠠᠯ ᠢ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠪᠡ᠃ ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠪᠢ ᠬᠥᠮᠥᠨ ᠤ ᠳᠠᠩᠰᠠ ᠳᠠᠬᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠪᠦᠷᠢᠯᠳᠦᠨ᠎ᠡ᠃ ᠡᠭᠦᠨ ᠳᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠠᠰᠠᠭ ᠤᠨ ᠣᠷᠳᠣᠨ ᠡᠭᠦᠷᠭᠡᠯᠡᠨ᠎ᠡ᠃ ᠬᠤᠪᠢ ᠬᠥᠮᠥᠨ ᠤ ᠳᠠᠩᠰᠠ ᠳᠠᠬᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠤᠪᠢ ᠬᠥᠮᠥᠨ ᠰᠦᠢᠳᠬᠡᠯ ᠲᠤᠰᠢᠶᠠᠵᠤ ᠬᠤᠷᠠᠮᠳᠤᠭᠤᠯᠵᠤ᠂ ᠢᠯᠡᠭᠦᠦ ᠲᠤᠰᠢᠶᠠᠪᠠᠯ ᠢᠯᠡᠭᠦᠦ ᠣᠯᠵᠤ᠂ ᠤᠳᠠᠭᠠᠨ ᠲᠤᠰᠢᠶᠠᠪᠠᠯ ᠢᠯᠡᠭᠦᠦ ᠣᠯᠣᠨ᠎ᠠ᠂ ᠪᠠᠷᠢᠮᠵᠢᠶ᠎ᠠ ᠨᠢ ᠬᠤᠪᠢ ᠬᠥᠮᠥᠨ ᠤ ᠳᠠᠩᠰᠠ ᠶᠢᠨ ᠬᠠᠳᠠᠭᠠᠯᠠᠮᠵᠢ ᠶᠢᠨ ᠲᠤᠭ᠎ᠠ ᠶᠢ ᠪᠤᠳᠤᠵᠤ ᠣᠯᠭᠤᠬᠤ ᠰᠠᠭᠤᠷᠢ ᠲᠤᠭ᠎ᠠ ᠪᠠᠷ ᠬᠤᠪᠢᠶᠠᠨ᠎ᠠ᠃ ᠬᠤᠶᠠᠷ ᠲᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠬᠡᠪ ᠤᠨ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠪᠠ᠂ ᠲᠤᠬᠠᠶᠢᠯᠠᠪᠠᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ᠂ ᠪᠠᠷᠠᠭᠠᠨ ᠤ ᠦᠨ᠎ᠡ ᠶᠢᠨ ᠬᠤᠪᠢᠷᠠᠯᠲᠠ ᠪᠠ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠪᠤᠰᠤᠳ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠨ᠎ᠡ᠃ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠨᠡᠶᠢᠲᠡ ᠨᠠᠢᠮᠠ ᠤᠳᠠᠭ᠎ᠠ ᠲᠣᠬᠢᠷᠠᠭᠤᠯᠤᠯᠲᠠ ᠬᠢᠵᠦ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠠᠩᠬ᠎ᠠ ᠡᠬᠢᠨ ᠤ 55 ᠲᠥᠭᠦᠷᠢᠭ ᠠᠴᠠ ᠣᠳᠣᠬᠠᠨ ᠤ 140 ᠲᠥᠭᠦᠷᠢᠭ ᠪᠣᠯᠭᠠᠨ ᠲᠣᠬᠢᠷᠠᠭᠤᠯᠵᠤ᠂ ᠬᠤᠶᠠᠷ ᠳᠠᠬᠢᠨ ᠢᠯᠡᠭᠦᠦ ᠳᠡᠭᠡᠭᠰᠢᠯᠡᠭᠦᠯᠪᠡ᠃ ᠮᠠᠨ ᠤ ᠣᠷᠣᠨ ᠤ 7 ᠠᠶᠢᠮᠠᠭ ᠬᠤᠲᠠ ᠲᠤᠬᠠᠢ ᠶᠢᠨ ᠭᠠᠵᠠᠷ ᠤᠨ ᠠᠵᠤ ᠠᠬᠤᠢ ᠶᠢᠨ ᠪᠠᠶᠢᠳᠠᠯ ᠢᠶᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠰᠠᠭᠤᠷᠢᠨ ᠳᠡᠭᠡᠷ᠎ᠡ᠂ ᠠᠳᠠᠯᠢ ᠪᠤᠰᠤ ᠬᠡᠮᠵᠢᠶ᠎ᠡ ᠪᠠᠷ ᠪᠠᠷᠢᠮᠵᠢᠶ᠎ᠠ ᠪᠠᠨ ᠳᠡᠭᠡᠭᠰᠢᠯᠡᠭᠦᠯᠪᠡ᠃ ᠣᠯᠭᠤᠮᠵᠢ ᠬᠠᠷᠠᠭᠠᠯᠵᠠᠯ ᠢ ᠬᠡᠳᠦᠢ ᠪᠠᠷ ᠲᠠᠰᠤᠷᠠᠯᠲᠠ ᠦᠭᠡᠢ ᠲᠣᠬᠢᠷᠠᠭᠤᠯᠵᠤ ᠪᠠᠶᠢᠭ᠎ᠠ ᠪᠣᠯᠪᠠᠴᠤ ᠬᠡᠪ ᠤᠨ ᠲᠣᠬᠢᠷᠠᠭᠤᠯᠤᠯᠲᠠ ᠬᠢᠬᠦ ᠲᠣᠭᠲᠠᠴᠠ ᠦᠭᠡᠢ ᠤᠴᠢᠷ ᠠᠴᠠ ᠲᠣᠬᠢᠷᠠᠭᠤᠯᠤᠯᠲᠠ ᠶᠢᠨ ᠲᠠᠰᠢᠷᠠᠮ ᠤᠨ ᠴᠢᠨᠠᠷ ᠨᠢ ᠨᠡᠯᠢᠶᠡᠳ ᠶᠡᠭᠡ ᠪᠠᠶᠢᠳᠠᠭ᠃ ᠡᠨᠡ ᠬᠦ ᠲᠣᠭᠲᠠᠴᠠ ᠶᠢ ᠪᠠᠶᠢᠭᠤᠯᠤᠭᠰᠠᠨ ᠠᠴᠠ ᠬᠤᠶᠢᠰᠢᠳᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠣᠬᠢᠷᠠᠭᠤᠯᠤᠯᠲᠠ ᠨᠢ ᠳᠠᠷᠤᠢ ᠪᠠᠲᠤᠯᠠᠭ᠎ᠠ ᠲᠠᠢ ᠪᠣᠯᠪᠠ᠃ ᠭᠤᠷᠪᠠ ᠳᠤ᠂ ᠬᠤᠪᠢ ᠬᠥᠮᠥᠨ ᠤ ᠰᠦᠢᠳᠬᠡᠯ ᠲᠤᠰᠢᠶᠠᠬᠤ ᠲᠠᠰ ᠪᠠ ᠨᠥᠬᠦᠪᠦᠷᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠪᠠ᠃ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠰᠠᠭᠤᠭᠠᠯᠢ ᠠᠷᠠᠳ ᠤᠨ ᠣᠷᠣᠯᠭ᠎ᠠ ᠶᠢᠨ ᠪᠠᠶᠢᠳᠠᠯ ᠢ ᠦᠨᠳᠦᠰᠦᠯᠡᠨ᠂ ᠰᠦᠢᠳᠬᠡᠯ ᠲᠤᠰᠢᠶᠠᠬᠤ ᠲᠠᠰ ᠢ ᠵᠣᠬᠢᠰᠲᠠᠢ ᠲᠣᠭᠲᠠᠭᠠᠬᠤ ᠪᠠ ᠴᠠᠭ ᠲᠤᠬᠠᠢ ᠳᠤ ᠨᠢ ᠲᠣᠬᠢᠷᠠᠭᠤᠯᠤᠨ᠎ᠠ᠃ ︽ᠬᠤᠶᠠᠷ ᠲᠣᠭᠲᠠᠴᠠ︾᠎ ᠶᠢᠨ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠭᠠᠤ ᠳᠤ᠂ ᠪᠢᠳᠡ ᠰᠦᠢᠳᠬᠡᠯ ᠲᠤᠰᠢᠶᠠᠬᠤ ᠲᠠᠰ ᠲᠤ ᠲᠣᠬᠢᠷᠠᠭᠤᠯᠤᠯᠲᠠ ᠬᠢᠪᠡ᠃ ᠬᠠᠮᠤᠭ ᠤᠨ ᠳᠣᠣᠷ᠎ᠠ ᠰᠦᠢᠳᠬᠡᠯ ᠲᠤᠰᠢᠶᠠᠬᠤ ᠲᠡᠰ ᠢ ᠤᠤᠯ ᠤᠨ 100 ᠲᠥᠭᠦᠷᠢᠭ ᠪᠠᠶᠢᠭᠰᠠᠨ ᠠᠴᠠ 200 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠠᠮᠤᠭ ᠤᠨ ᠥᠨᠳᠥᠷ ᠲᠤ ᠪᠠᠨ 3000 ᠲᠥᠭᠦᠷᠢᠭ ᠤᠨ ᠲᠡᠰ ᠤᠨ ᠰᠠᠭᠤᠷᠢᠨ ᠳᠡᠭᠡᠷ᠎ᠡ 5000 ᠲᠥᠭᠦᠷᠢᠭ᠂ 7000 ᠲᠥᠭᠦᠷᠢᠭ ᠤᠨ ᠬᠤᠶᠠᠷ ᠲᠡᠰ ᠢ ᠨᠡᠮᠡᠪᠡ᠃ ᠲᠤᠰᠢᠶᠠᠬᠤ ᠶᠣᠰᠣᠲᠠᠢ ᠲᠠᠰ ᠤᠨ ᠵᠠᠰᠠᠭ ᠤᠨ ᠣᠷᠳᠣᠨ ᠠᠴᠠ ᠣᠯᠭᠤᠬᠤ ᠨᠥᠬᠦᠪᠦᠷᠢ ᠳᠤ ᠴᠦ ᠲᠣᠬᠢᠷᠠᠭᠤᠯᠤᠯᠲᠠ ᠬᠢᠵᠦ᠂ ᠤᠤᠯ ᠤᠨ ᠬᠠᠮᠤᠭ ᠤᠨ ᠥᠨᠳᠥᠷ ᠨᠥᠬᠦᠪᠦᠷᠢ ᠶᠢ 85 ᠲᠥᠭᠦᠷᠢᠭ ᠪᠠᠶᠢᠭᠰᠠᠨ ᠠᠴᠠ 100 ᠲᠥᠭᠦᠷᠢᠭ ᠪᠣᠯᠭᠠᠨ ᠲᠣᠬᠢᠷᠠᠭᠤᠯᠵᠠᠢ᠃ ᠳᠥᠷᠪᠡ ᠳᠤ᠂ ᠬᠤᠪᠢ ᠬᠥᠮᠥᠨ ᠤ ᠲᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠱᠠᠭᠠᠷᠳᠠᠯᠭ᠎ᠠ ᠳᠤᠷᠠᠳᠪᠠ᠃ ︽ᠬᠤᠶᠠᠷ ᠲᠣᠭᠲᠠᠴᠠ︾᠎ ᠶᠢᠨ ᠪᠢᠴᠢᠭ ᠮᠠᠲ᠋ᠧᠷᠢᠶᠠᠯ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠳᠤ ᠪᠡᠯᠡ ᠣᠷᠣᠭᠤᠯᠤᠨ ᠡᠵᠡᠩᠨᠡᠯᠲᠡ ᠬᠢᠵᠦ᠂ ᠰᠠᠭᠤᠷᠢ ᠮᠥᠩᠭᠦ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠬᠤᠪᠢ ᠬᠥᠮᠥᠨ ᠤ ᠳᠠᠩᠰᠠ ᠳᠠᠬᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠪᠰᠢᠨ ᠪᠠ ᠰᠠᠭᠤᠷᠢ ᠮᠥᠩᠭᠦ ᠶᠢᠨ ᠳᠥᠯᠥᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃ 2020 ᠣᠨ ᠳᠤ᠂ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠨᠡᠶᠢᠲᠡ 52.59 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠡᠵᠡᠩᠨᠡᠵᠦ᠂ ᠲᠣᠰ ᠵᠢᠯ ᠤᠨ ᠡᠵᠡᠩᠨᠡᠯᠲᠡ ᠶᠢᠨ ᠠᠰᠢᠭ ᠣᠷᠣᠯᠭ᠎ᠠ ᠨᠢ 1.19 ᠳ᠋ᠦᠩᠰᠢᠭᠤᠷ ᠲᠥᠭᠦᠷᠢᠭ ᠲᠤ ᠬᠦᠷᠴᠡᠢ᠃ ᠤᠯᠤᠰ ᠤᠨ ᠱᠠᠭᠠᠷᠳᠠᠯᠭ᠎ᠠ ᠶᠣᠰᠣᠭᠠᠷ᠂ ᠲᠠᠷᠠᠭᠠᠴᠢ ᠶᠢᠨ ᠠᠯᠬᠤᠮ ᠳᠤ ᠪᠢᠳᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠨᠠᠶᠢᠳᠠᠯᠭ᠎ᠠ ᠪᠠᠷ ᠪᠡᠯᠡ ᠣᠷᠣᠭᠤᠯᠵᠤ ᠡᠵᠡᠩᠨᠡᠬᠦ ᠶᠢ ᠦᠷᠭᠦᠯᠵᠢᠯᠡᠨ ᠠᠬᠢᠭᠤᠯᠤᠨ᠎ᠠ᠃

      ᠬᠥᠲᠥᠯᠥᠭᠴᠢ᠄ 2021 ︱ 12 ︱ 2711᠄ 06

      ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠨᠢᠭᠡᠨᠲᠡ ᠪᠡᠶᠡᠯᠡᠭᠦᠯᠵᠡᠢ᠂ ᠲᠡᠭᠡᠪᠡᠯ ᠬᠤᠶᠢᠰᠢᠳᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠠᠰᠠᠷᠠᠮᠵᠢ ᠶᠢᠨ ᠳᠠᠭᠠᠳᠬᠠᠯ ᠤᠨ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ ᠠᠵᠢᠯ ᠢ ᠬᠡᠷᠬᠢᠨ ᠦᠷᠭᠦᠯᠵᠢᠯᠡᠭᠦᠯᠬᠦ ᠪᠤᠶ︖

      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ  ᠾᠧ ᠹᠧᠩ 2021 ︱ 12 ︱ 27  11᠄ 06

      ᠨᠢᠭᠡ ᠳᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ᠂ ᠣᠨᠴᠠ ᠬᠦᠴᠢᠷᠳᠡᠯᠲᠡᠢ᠂ ᠬᠦᠨᠳᠦ ᠵᠡᠮᠳᠡᠭ ᠬᠥᠮᠥᠨ᠂ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠵᠡᠷᠭᠡ ᠰᠦᠢᠳᠬᠡᠯ ᠲᠤᠰᠢᠶᠠᠬᠤ ᠳᠤ ᠬᠦᠴᠢᠷᠲᠡᠢ ᠬᠥᠮᠥᠰ ᠲᠤ ᠳᠠᠭᠠᠳᠬᠠᠯ ᠤᠨ ᠰᠦᠢᠳᠬᠡᠯ ᠢ ᠦᠷᠭᠦᠯᠵᠢᠯᠡᠨ ᠣᠷᠣᠯᠠᠨ ᠲᠤᠰᠢᠶᠠᠭᠰᠠᠨ ᠰᠠᠭᠤᠷᠢᠨ ᠳᠡᠭᠡᠷ᠎ᠡ᠂ ᠳᠠᠬᠢᠨ ᠶᠠᠳᠠᠭᠤᠷᠠᠭᠰᠠᠳ ᠪᠠ ᠶᠠᠳᠠᠭᠤᠷᠠᠭᠰᠠᠳ ᠢ ᠣᠷᠣᠯᠠᠨ ᠲᠤᠰᠢᠶᠠᠬᠤ ᠬᠡᠪᠴᠢᠶᠡᠨ ᠳᠤ ᠣᠷᠣᠭᠤᠯᠵᠤ᠂ 100 ᠲᠥᠭᠦᠷᠢᠭ ᠤᠨ ᠪᠠᠷᠢᠮᠵᠢᠶ᠎ᠠ ᠪᠠᠷ ᠳᠠᠭᠠᠳᠬᠠᠯ ᠤᠨ ᠰᠦᠢᠳᠬᠡᠯ ᠢ ᠨᠢ ᠣᠷᠣᠯᠠᠨ ᠲᠤᠰᠢᠶᠠᠵᠤ ᠥᠭᠭᠦᠨ᠎ᠡ᠃ ᠬᠤᠶᠠᠷ ᠲᠤ᠂ ︽14 · 5︾᠎ ᠶᠢᠨ ᠬᠤᠭᠤᠴᠠᠭᠠᠨ ᠳᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ ᠪᠠ ᠣᠨᠴᠠ ᠬᠦᠴᠢᠷᠳᠡᠯᠲᠡᠢ ᠬᠥᠮᠥᠰ ᠢ ᠦᠨᠡᠮᠰᠢᠬᠦ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠭᠡᠷ ᠪᠦᠯᠢ ᠶᠢᠨ ᠣᠷᠣᠯᠭ᠎ᠠ ᠳᠤ ᠨᠢ ᠪᠤᠳᠤᠵᠤ ᠣᠷᠣᠭᠤᠯᠬᠤ ᠦᠭᠡᠢ᠃ ᠭᠤᠷᠪᠠ ᠳᠤ᠂ ᠪᠢᠳᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠨᠠᠭᠠᠲᠤ ᠵᠠᠬ᠎ᠠ ᠶᠢᠨ ᠳᠡᠰ ᠢ ᠳᠡᠭᠡᠭᠰᠢᠯᠡᠭᠦᠯᠬᠦ ᠦᠶ᠎ᠡ ᠳᠤ ᠰᠦᠢᠳᠬᠡᠯ ᠲᠤᠰᠢᠶᠠᠬᠤ ᠳᠤ ᠬᠦᠴᠢᠷᠲᠡᠢ ᠬᠥᠮᠥᠰ ᠲᠤ 100 ᠲᠥᠭᠦᠷᠢᠭ ᠤᠨ ᠳᠡᠰ ᠢ ᠦᠯᠡᠳᠡᠭᠡᠵᠦ ᠥᠭᠭᠦᠨ᠎ᠡ᠃

      ᠬᠥᠲᠥᠯᠥᠭᠴᠢ᠄ 2021 ︱ 12 ︱ 27  11᠄ 07

      ᠵᠠ᠂ ᠾᠧ ᠳᠠᠷᠤᠭ᠎ᠠ ᠶᠢᠨ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠪᠠᠰᠠ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠤᠨ ᠲᠣᠰ ᠬᠤᠭᠤᠴᠠᠭᠠᠨ ᠤ ᠫᠷᠣᠭ᠍ᠷᠠᠮ ᠢ ᠭᠥᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠪᠣᠯᠵᠤ᠂ ᠲᠣᠰ ᠤᠳᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠷᠠᠭᠠᠴᠢ ᠶᠢᠨ ᠬᠤᠭᠤᠴᠠᠭᠠᠨ ᠳᠤ ᠪᠠᠶᠠᠷᠲᠠᠢ ᠵᠣᠯᠭᠠᠶ᠎ᠠ︕

      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ  ᠾᠧ ᠹᠧᠩ 2021 ︱ 12 ︱ 27  11᠄ 07

      ᠪᠠᠶᠠᠷᠲᠠᠢ︕

ᠢᠷᠡᠯᠲᠡ᠄ ᠲᠣᠲᠣᠷᠬᠠᠢ ᠦᠭᠡᠢ