ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/1

      2 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2022 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠦᠷᠦ ᠶᠢᠨ ᠪᠤᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠤᠯᠭᠠᠭᠤᠯᠤᠨ ᠠᠬᠢᠭᠤᠯᠬᠤ ᠨᠥᠬᠦᠪᠥᠷᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠪᠡ᠃
      ᠬᠤᠷᠠᠯ ᠠᠴᠠ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠶᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠵᠤ᠂ ᠮᠠᠨ ᠤ ᠣᠷᠣᠨ ᠤ ᠰᠦ ᠶᠢᠨ ᠦᠶᠯᠡᠰ ᠤᠨ ᠶᠠᠰᠤ ᠴᠢᠨᠠᠷ ᠦᠷ᠎ᠡ ᠠᠰᠢᠭ ᠪᠣᠯᠤᠨ ᠥᠷᠢᠰᠥᠯᠳᠦᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠃ ᠲᠥᠷᠥ ᠶᠢᠨ ᠪᠣᠳᠣᠯᠭ᠎ᠠ ᠶᠢᠨ ᠠᠭᠤᠯᠭ᠎ᠠ᠂ ᠬᠡᠷᠡᠭᠵᠢᠭᠦᠯᠬᠦ ᠪᠠᠷᠢᠮᠵᠢᠶ᠎ᠠ᠂ ᠨᠠᠶᠢᠳᠠᠪᠤᠷᠢᠵᠢᠭᠤᠯᠬᠤ ᠳᠡᠰ ᠳᠠᠷᠠᠭᠠᠯᠠᠯ ᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠥᠷᠥ ᠶᠢᠨ ᠪᠣᠳᠣᠯᠭ᠎ᠠ ᠶᠢᠨ ᠠᠰᠢᠭ ᠢ ᠳᠠᠷᠤᠶᠢᠬᠠᠨ ᠢᠯᠡ ᠳᠤᠳᠤ᠂ ᠡᠷᠬᠡ ᠲᠡᠭᠰᠢ᠂ ᠲᠥᠪ ᠭᠤᠣᠯᠴᠢ ᠪᠠᠷ ᠬᠦᠷᠲᠡᠭᠡᠬᠦ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠲᠥᠷᠥᠯ ᠵᠦᠶᠯ ᠢ ᠨᠠᠶᠢᠳᠠᠪᠤᠷᠢᠵᠢᠭᠤᠯᠬᠤ᠂ ᠪᠠᠯᠠ ᠮᠥᠩᠭᠦ ᠶᠢ ᠬᠡᠷᠡᠭᠯᠡᠬᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠡᠷᠭᠡ ᠡᠯ᠎ᠡ ᠵᠦᠶᠯ ᠤᠨ ᠠᠵᠢᠯ ᠢ ᠰᠠᠶᠢᠲᠤᠷ ᠠᠳᠬᠤᠵᠤ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠶᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠤᠯᠭᠠᠭᠤᠯᠤᠨ ᠠᠬᠢᠭᠤᠯᠬᠤ ᠨᠥᠬᠦᠪᠥᠷᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠬᠤ ᠰᠠᠨᠠᠯ ᠢ ᠨᠡᠶᠢᠲᠡᠯᠡᠭᠰᠡᠨ ᠶᠠᠪᠤᠳᠠᠯ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠠ ᠪᠣᠯᠤᠨ᠎ᠠ᠃ ᠲᠣᠭᠲᠠᠭᠤᠨ ᠢᠶᠠᠷ ᠰᠢᠯᠵᠢᠭᠦᠯᠬᠦ᠂ ᠪᠦᠲᠦᠮᠵᠢᠲᠡᠶ ᠵᠣᠯᠭᠠᠭᠤᠯᠬᠤ᠂ ᠡᠷᠬᠡ ᠬᠠᠷᠢᠭᠤᠴᠠᠯᠭ᠎ᠠ ᠶᠢ ᠨᠢᠭᠡᠳᠭᠡᠬᠦ ᠶᠢ ᠪᠠᠷᠢᠮᠲᠠᠯᠠᠵᠤ᠂ ᠵᠣᠯᠭᠠᠭᠤᠯᠬᠤ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠪᠠᠯᠠ ᠮᠥᠩᠭᠦ ᠪᠠᠷ ᠳᠡᠮᠵᠢᠬᠦ ᠴᠢᠭᠯᠡᠯ ᠪᠣᠯᠤᠨ ᠭᠤᠤᠯᠳᠠᠯᠭ᠎ᠠ ᠶᠢ ᠣᠨᠣᠪᠴᠢᠲᠠᠶ ᠡᠵᠡᠮᠳᠡᠵᠦ᠂ ᠪᠠᠯᠠ ᠮᠥᠩᠭᠦ ᠶᠢᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠪᠠᠯᠠ ᠮᠥᠩᠭᠦ ᠶᠢ ᠬᠠᠤᠯᠢ ᠶᠤᠰᠤᠭᠠᠷ ᠵᠢᠷᠦᠮᠵᠢᠩᠭᠤᠢ ᠬᠡᠷᠡᠭᠯᠡᠵᠦ ᠬᠠᠮᠢᠶᠠᠷᠤᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠬᠦ ᠪᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃
      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠲᠦᠷᠢᠮ ︵ᠲᠥᠰᠦᠯ︶ ᠵᠡᠷᠭᠡ ᠵᠦᠶᠯ ᠢ ᠰᠤᠳᠤᠯᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ