ᠲᠦᠩᠯᠢᠶᠣᠤ ᠬᠤᠲᠠ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠠᠬᠢᠭᠤᠯᠪᠠ
ᠨᠡᠶᠢᠲᠡᠯᠡᠭᠰᠡᠨ ᠴᠠᠭ᠄
2022/3/10

      ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠪᠠᠶᠢᠭᠤᠯᠤᠨ ᠡᠷᠬᠢᠯᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠂ ᠪᠠᠶᠢᠭᠤᠯᠤᠨ ᠡᠷᠬᠢᠯᠡᠬᠦ ᠴᠠᠭ ᠢ ᠪᠠᠭᠠᠰᠬᠠᠵᠤ᠂ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠬᠦ ᠶᠢᠨ ᠲᠤᠰᠠᠳᠠ᠂ ᠲᠦᠩᠯᠢᠶᠣᠤ ᠬᠤᠲᠠ ᠠᠵᠤ ᠠᠬᠤᠶᠢᠯᠠᠯ ᠤᠨ ᠪᠠᠶᠢᠭᠤᠯᠤᠨ ᠡᠷᠬᠢᠯᠡᠬᠦ ᠥᠭᠡᠷᠡᠴᠢᠯᠡᠯᠲᠡ ᠶᠢ ᠶᠡᠭᠡ ᠪᠠᠷ ᠶᠠᠪᠤᠭᠤᠯᠵᠤ᠂ ᠤᠤᠯ ᠤᠨ ᠣᠯᠠᠨ ᠰᠠᠯᠠᠭ᠎ᠠ ᠮᠥᠴᠢᠷ᠂ ᠣᠯᠠᠨ ᠲᠠᠰ ᠱᠠᠲᠤ ᠪᠠᠷ ᠭᠦᠢᠴᠡᠳᠬᠡᠬᠦ ᠴᠢᠬᠤᠯᠠᠲᠠᠶ ᠪᠠᠶᠢᠭᠰᠠᠨ ᠣᠯᠠᠨ ᠬᠢᠨᠠᠨ ᠵᠥᠪᠰᠢᠶᠡᠷᠡᠬᠦ ᠵᠦᠢᠯᠡᠰ ᠢ ᠲᠤᠬᠠᠶᠢᠯᠠᠭᠰᠠᠨ ᠠᠵᠢᠯ ᠤᠨ ᠴᠤᠪᠤᠷᠠᠯ ᠢ ᠳᠠᠬᠢᠨ ᠱᠤᠭᠤᠵᠤ ᠳᠠᠬᠢᠨ ᠡᠭᠦᠳᠬᠦ᠂ ᠲᠤᠬᠠᠶᠢᠯᠠᠭᠰᠠᠨ ᠠᠵᠢᠯ ᠤᠨ ᠰᠢᠰᠲ᠋ᠧᠮ ᠬᠢᠭᠡᠳ ᠨᠢᠭᠡ ᠴᠤᠭᠴᠠᠵᠢᠭᠤᠯᠤᠭᠰᠠᠨ ᠲᠠᠪᠴᠠᠩ ᠢ ᠡᠮᠬᠢᠯᠡᠨ ᠨᠡᠶᠢᠯᠡᠭᠦᠯᠵᠦ ᠵᠣᠯᠭᠠᠭᠤᠯᠬᠤ᠂ ᠲᠤᠭ᠎ᠠ ᠪᠠᠷᠢᠮᠲᠠ ᠶᠢ ᠬᠠᠮᠲᠤ ᠳᠤ ᠪᠠᠨ ᠭᠥᠷᠳᠡᠬᠦ ᠶᠢ ᠥᠷᠭᠡᠨ ᠢᠶᠠᠷ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠭᠤᠭᠴᠤᠭ᠎ᠠ ᠶᠢ ᠬᠠᠰᠤᠬᠤ᠂ ᠮᠠᠲ᠋ᠧᠷᠢᠶᠠᠯ ᠢ ᠬᠠᠰᠤᠬᠤ᠂ ᠴᠠᠭ ᠢ ᠬᠠᠰᠤᠬᠤ᠂ ᠥᠪᠡᠷ ᠤᠨ ᠥᠷᠲᠡᠭ ᠢ ᠬᠠᠰᠤᠬᠤ︾ ᠶᠢ ᠪᠡᠶᠡᠯᠡᠭᠦᠯᠵᠦ᠂ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ᠂ ᠲᠦᠩᠯᠢᠶᠣᠤ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃
      ᠭᠤᠭᠴᠤᠭ᠎ᠠ ᠶᠢ ᠬᠠᠰᠤᠬᠤ ᠲᠠᠯ᠎ᠠ ᠪᠠᠷ᠂ ᠠᠵᠤ ᠠᠬᠤᠶᠢᠯᠠᠯ ᠪᠠᠶᠢᠭᠤᠯᠤᠨ ᠡᠷᠬᠢᠯᠡᠬᠦ ︽ᠨᠢᠭᠡ ᠦᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠠᠵᠤ ᠠᠬᠤᠶᠢᠯᠠᠯ ᠪᠠᠶᠢᠭᠤᠯᠤᠨ ᠡᠷᠭᠢᠯᠡᠬᠦ ᠴᠣᠩᠬᠤᠪᠴᠢ ᠭᠠᠷᠭᠠᠵᠤ᠂ ᠠᠩᠬ᠎ᠠ ᠤᠳᠠᠭ᠎ᠠ ᠭᠠᠶᠢᠯᠢ ᠶᠢᠨ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠠᠯᠪᠠᠨ ᠲᠠᠮᠠᠭ᠎ᠠ ᠰᠡᠶᠢᠯᠬᠦ᠂ ᠪᠣᠯᠵᠣᠵᠤ ᠪᠠᠩᠬᠢ ᠶᠢᠨ ᠳᠠᠩᠰᠠᠨ ᠡᠷᠦᠬᠡ ᠨᠡᠭᠡᠭᠡᠬᠦ᠂ ᠨᠡᠶᠢᠭᠡᠮ ᠤᠨ ᠳᠠᠭᠠᠳᠬᠠᠯ ᠳᠠᠩᠰᠠᠯᠠᠨ ᠲᠡᠮᠳᠡᠭᠯᠡᠬᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠤ ᠠᠬᠤᠶᠢᠯᠠᠯ ᠤᠨ ᠲᠤᠰᠢᠶᠠᠨ ᠬᠠᠳᠠᠭᠠᠯᠠᠬᠤ ᠳᠡᠩᠰᠡᠯᠡᠯᠲᠡ ᠬᠢᠭᠡᠳ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠶᠢ ᠨᠡᠶᠢᠯᠡᠭᠦᠯᠦᠨ ᠨᠢᠭᠡ ᠭᠤᠭᠴᠤᠭ᠎ᠠ ᠪᠣᠯᠭᠠᠵᠤ᠂ ᠭᠤᠶᠤᠴᠢᠯᠠᠬᠤ ᠮᠠᠲ᠋ᠧᠷᠢᠶᠠᠯ ᠢᠶᠠᠨ ᠨᠢᠭᠡ ᠯᠡ ᠤᠳᠠᠭ᠎ᠠ ᠳᠤ ᠲᠤᠰᠢᠶᠠᠵᠤ᠂ ᠣᠯᠠᠨ ᠵᠦᠢᠯᠡᠰ ᠢ ᠵᠡᠷᠭᠡ ᠳᠤ ᠨᠢ ᠨᠡᠶᠢᠯᠡᠭᠦᠯᠵᠦ ᠬᠠᠮᠲᠤᠳᠬᠠᠨ ᠭᠦᠢᠴᠡᠳᠬᠡᠬᠦ ᠪᠣᠯᠭᠠᠪᠠ᠃
      ᠮᠠᠲ᠋ᠧᠷᠢᠶᠠᠯ ᠢ ᠬᠠᠰᠤᠬᠤ ᠲᠠᠯ᠎ᠠ ᠪᠠᠷ᠂ ᠤᠤᠯ ᠨᠢ ᠠᠵᠤ ᠠᠬᠤᠶᠢᠯᠠᠯ ᠪᠠᠶᠢᠭᠤᠯᠤᠨ ᠡᠷᠭᠢᠯᠡᠬᠦ ᠳᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠲᠣᠰ ᠲᠣᠰ ᠣᠴᠢᠵᠤ ᠨᠠᠭᠠᠳᠤ ᠵᠠᠬ᠎ᠠ ᠳᠤ ᠪᠠᠨ 21 ᠬᠤᠪᠢ ᠮᠠᠲ᠋ᠧᠷᠢᠶᠠᠯ ᠲᠤᠰᠢᠶᠠᠬᠤ ᠴᠢᠬᠤᠯᠠᠲᠠᠶ ᠪᠠᠶᠢᠪᠠ᠃ ᠥᠭᠡᠷᠡᠴᠢᠯᠡᠯᠲᠡ ᠬᠢᠭᠰᠡᠨ ᠤ ᠳᠠᠷᠠᠭ᠎ᠠ ᠴᠣᠪᠤᠷᠠᠯ ᠢ ᠳᠠᠬᠢᠨ ᠡᠭᠦᠳᠬᠦ ᠪᠠᠷ ᠳᠠᠮᠵᠢᠭᠤᠯᠤᠨ᠂ ᠴᠢᠬᠤᠯᠠ ᠥᠬᠡᠶ ᠭᠡᠷᠡᠴᠢᠯᠡᠬᠦ ᠮᠠᠲ᠋ᠧᠷᠢᠶᠠᠯ ᠢ ᠬᠦᠴᠦᠨ ᠥᠬᠡᠶ ᠪᠣᠯᠭᠠᠵᠠᠢ᠃ ᠭᠤᠶᠤᠴᠢᠯᠠᠭᠴᠢ ᠰᠠᠯᠠᠭ᠎ᠠ ᠮᠥᠴᠢᠷ ᠤᠨ ᠬᠤᠭᠤᠷᠣᠨᠳᠣ ᠮᠠᠲ᠋ᠧᠷᠢᠶᠠᠯ ᠲᠤᠰᠢᠶᠠᠬᠤ ᠴᠢᠬᠤᠯᠠ ᠦᠭᠡᠢ ᠪᠣᠯᠵᠤ᠂ ᠠᠷᠤ ᠲᠠᠯ᠎ᠠ ᠶᠢᠨ ᠲᠠᠪᠴᠠᠩ ᠠᠴᠠ ᠬᠠᠷᠭᠤᠭᠤᠯᠤᠨ ᠪᠠᠶᠢᠴᠠᠭᠠᠵᠤ ᠭᠡᠷᠡᠴᠢᠯᠡᠬᠦ ᠪᠣᠯᠭᠠᠨ ᠦᠭᠡᠷᠡᠴᠢᠯᠡᠪᠡ᠂ ᠭᠤᠶᠤᠴᠢᠯᠠᠭᠴᠢ ᠶᠢᠨ ᠡᠷᠬᠡ ᠡᠭᠦᠷᠭᠡ ᠳᠤ ᠬᠠᠷᠢᠶᠠᠯᠠᠭᠳᠠᠬᠤ ᠵᠦᠢᠯᠡᠰ ᠤᠨ ᠲᠦᠭᠰᠢᠭᠦᠷᠢ ᠪᠠᠷ ᠨᠡᠯᠢᠶᠡᠳ ᠳᠣᠣᠷ᠎ᠠ ᠭᠤᠶᠤᠴᠢᠯᠠᠬᠤ ᠮᠠᠲ᠋ᠧᠷᠢᠶᠠᠯ ᠳᠤ᠂ ᠬᠠᠤᠯᠢ ᠴᠠᠭᠠᠵᠠ ᠶᠢᠨ ᠵᠥᠪᠰᠢᠶᠡᠷᠡᠬᠦ ᠬᠡᠪᠴᠢᠶᠡᠨ ᠳᠤ ︽ᠠᠮᠠᠯᠳᠠᠨ ᠮᠡᠳᠡᠭᠳᠡᠬᠦ︾ ᠲᠦᠷᠢᠮ ᠢ ᠬᠡᠷᠡᠭᠵᠢᠭᠦᠯᠵᠦ᠂ ᠬᠢᠨᠠᠨ ᠵᠥᠪᠰᠢᠶᠡᠷᠡᠭᠰᠡᠨ ᠤ ᠳᠠᠷᠠᠭ᠎ᠠ ᠵᠥᠪᠬᠡᠨ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠦᠢᠯᠡᠴᠢᠯᠡᠭᠡᠨ ᠤ ᠴᠣᠩᠬᠤᠪᠴᠢ ᠳᠤ 4 ᠬᠤᠪᠢ ᠮᠠᠲ᠋ᠧᠷᠢᠶᠠᠯ ᠢ ᠨᠢᠭᠡ ᠯᠡ ᠤᠳᠠᠭ᠎ᠠ ᠳᠤ ᠲᠤᠰᠢᠶᠠᠪᠠᠯ ᠳᠠᠷᠤᠶ ᠲᠤᠬᠠᠶ ᠶᠢᠨ ᠲᠠᠯᠠᠪᠤᠷ ᠲᠤ ᠨᠢ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠪᠦᠬᠦ ᠴᠣᠪᠤᠷᠠᠯ ᠤᠨ ᠲᠤᠬᠠᠶᠢᠯᠠᠭᠰᠠᠨ ᠠᠵᠢᠯ ᠢ ᠪᠡᠶᠡᠯᠡᠭᠦᠯᠵᠦ ᠪᠣᠯᠬᠤ ᠪᠣᠯᠭᠠᠪᠠ᠃
      ᠴᠠᠭ ᠢ ᠬᠠᠰᠤᠬᠤ ᠲᠠᠯ᠎ᠠ ᠪᠠᠷ᠂ ᠬᠤᠲᠠ ᠶᠢᠨ ᠲᠣᠰ ᠱᠠᠲᠤᠨ ᠤ ᠠᠵᠤ ᠠᠬᠤᠶᠢᠯᠠᠯ ᠪᠠᠶᠢᠭᠤᠯᠤᠨ ᠡᠷᠭᠢᠯᠡᠬᠦ ᠴᠠᠭ ᠤᠨ ᠳᠤᠮᠳᠠᠴᠢ ᠭᠦᠢᠴᠡᠳᠬᠡᠬᠦ ᠴᠠᠭ ᠤᠨ ᠬᠢᠵᠠᠭᠠᠷ ᠢ 0.5 ᠠᠵᠢᠯᠯᠠᠬᠤ ᠡᠳᠦᠷ ᠪᠣᠯᠭᠠᠬᠤ ᠶᠢ ᠪᠡᠶᠡᠯᠡᠭᠦᠯᠵᠦ᠂ ᠤᠯᠤᠰ ᠠᠴᠠ ᠱᠠᠭᠠᠷᠳᠠᠭᠰᠠᠨ 4 ᠠᠵᠢᠯᠯᠠᠬᠤ ᠡᠳᠦᠷ ᠲᠠᠢ ᠬᠠᠷᠢᠴᠠᠭᠤᠯᠪᠠᠯ 87.5% ᠪᠠᠷ ᠪᠠᠭᠠᠰᠬᠠᠪᠠ᠂ ᠡᠭᠦᠨ ᠳᠤ ᠠᠵᠤ ᠠᠬᠤᠶᠢᠯᠠᠯ ᠪᠠᠶᠢᠭᠤᠯᠤᠨ ᠡᠷᠭᠢᠯᠡᠬᠦ ᠶᠢ ᠪᠠᠭᠲᠠᠭᠠᠭᠰᠠᠨ 23 ᠵᠦᠢᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠨᠳᠥᠷ ᠲᠠᠪᠳᠠᠮᠵᠢᠳᠤ ᠬᠠᠮᠲᠤᠷᠠᠨ ᠭᠦᠢᠴᠡᠳᠬᠡᠬᠦ ᠵᠦᠢᠯᠡᠰ ᠢ ᠪᠠᠭᠲᠠᠭᠠᠵᠤ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ᠂ ᠭᠦᠢᠴᠡᠳᠬᠡᠬᠦ ᠭᠤᠭᠴᠤᠭ᠎ᠠ᠂ ᠭᠦᠶᠦᠬᠦ ᠤᠳᠠᠭ᠎ᠠ ᠵᠡᠷᠭᠡ ᠲᠠᠯ᠎ᠠ ᠪᠠᠷ ᠲᠣᠰ ᠲᠣᠰ 45.03%᠂ 36.19%᠂ 46.51% ᠪᠠ 39.04% ᠪᠠᠷ ᠬᠠᠰᠤᠨ ᠪᠠᠭᠠᠰᠬᠠᠵᠤ᠂ ᠰᠢᠰᠲ᠋ᠧᠮ ᠤᠨ ᠨᠡᠶᠢᠯᠡᠮᠡᠯ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃
      ᠥᠪᠡᠷ ᠤᠨ ᠥᠷᠲᠡᠭ ᠢ ᠬᠠᠰᠤᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ︽ᠠᠵᠤ ᠠᠬᠤᠶᠢᠯᠠᠯ ᠪᠠᠶᠢᠭᠤᠯᠤᠨ ᠡᠷᠬᠢᠯᠡᠬᠦ ᠶᠢ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠲᠠᠪᠴᠠᠩ ᠳᠤ ᠲᠦᠰᠢᠭᠯᠡᠨ᠂ ᠳᠣᠲᠣᠭᠠᠳᠤ ᠪᠡᠯᠡ ᠶᠢᠨ ᠠᠵᠤ ᠠᠬᠤᠶᠢᠯᠠᠯ ᠠᠴᠠ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠵᠦ᠂ ᠡᠵᠡᠩᠨᠡᠯᠲᠡ ᠶᠢᠨ ᠦᠨᠡᠮᠯᠡᠯ ᠢ ᠥᠪᠡᠰᠦᠪᠡᠨ ᠳᠠᠷᠤᠮᠠᠯᠯᠠᠬᠤ ᠶᠢᠨ ᠬᠠᠮᠲᠤ ᠡᠯᠧᠺᠲᠷᠣᠨ ᠡᠵᠡᠩᠨᠡᠯᠲᠡ ᠶᠢᠨ ᠦᠨᠡᠮᠯᠡᠯ ᠭᠤᠶᠤᠴᠢᠯᠠᠨ ᠠᠪᠴᠤ ᠪᠣᠯᠬᠤ ᠪᠣᠯᠭᠠᠵᠤ᠂ ︽ᠨᠢᠭᠤᠷ ᠵᠣᠯᠭᠠᠬᠤ ᠦᠭᠡᠢ︾ ᠪᠠᠷ ᠦᠨᠡᠮᠯᠡᠯ ᠭᠦᠢᠴᠡᠳᠬᠡᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠰᠢᠨ᠎ᠡ ᠪᠠᠷ ᠪᠠᠶᠢᠭᠤᠯᠤᠨ ᠡᠷᠭᠢᠯᠡᠭᠰᠡᠨ ᠠᠵᠤ ᠠᠬᠤᠶᠢᠯᠠᠯ ᠳᠤ ᠰᠦᠢᠳᠬᠡᠯ ᠬᠤᠷᠢᠶᠠᠬᠤ ᠥᠬᠡᠶ ᠪᠠᠷ ᠠᠯᠪᠠᠨ ᠲᠠᠮᠠᠭ᠎ᠠ᠂ ᠡᠳ᠋ ᠤᠨ ᠶᠠᠪᠤᠳᠠᠯ ᠤᠨ ᠲᠤᠰᠬᠠᠶ ᠲᠠᠮᠠᠭ᠎ᠠ ᠪᠣᠯᠤᠨ ᠬᠠᠤᠯᠢ ᠶᠢᠨ ᠡᠷᠬᠡᠲᠡᠨ ᠤ ᠲᠠᠮᠠᠭ᠎ᠠ ᠶᠢ ᠰᠡᠶᠢᠯᠦᠨ ᠦᠢᠯᠡᠳᠴᠦ ᠥᠭᠬᠦ ᠶᠢᠨ ᠬᠠᠮᠲᠤ ᠰᠦᠢᠳᠬᠡᠯ ᠬᠤᠷᠢᠶᠠᠬᠤ ᠥᠬᠡᠶ ᠪᠠᠷ ᠭᠡᠷᠡᠴᠢ ᠦᠨᠡᠮᠯᠡᠯ ᠢ ᠰᠢᠤᠳᠠᠨ ᠢᠶᠠᠷ ᠢᠯᠡᠭᠡᠬᠦ ᠵᠡᠷᠭᠡ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠪᠥᠬᠦ ᠶᠠᠪᠤᠴᠠ ᠳᠤ ︽ᠰᠦᠢᠳᠬᠡᠯ ᠬᠤᠷᠢᠶᠠᠬᠤ ᠥᠬᠡᠶ︾ ᠶᠢ ᠪᠡᠶᠡᠯᠡᠭᠦᠯᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ