ᠡᠷᠢᠶᠡᠨ ᠬᠤᠲᠠ ᠳᠥᠷᠪᠡᠨ ᠵᠦᠢᠯ ᠤᠨ ᠠᠷᠭ᠎ᠠ ᠬᠡᠮᠵᠢᠶ᠎ᠡ ᠠᠪᠴᠤ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/3/11
      ᠨᠢᠭᠡ ᠳᠤ᠂ ᠠᠶᠢᠮᠠᠭ ᠤᠨ ᠵᠠᠬᠢᠷᠭ᠎ᠠ ᠶᠢᠨ 4 ᠳ᠋ᠦ᠋ᠭᠡᠷ ᠰᠠᠷ᠎ᠠ ᠶᠢᠨ 15 ᠤ ᠡᠳᠦᠷ ᠲᠥᠪᠯᠡᠷᠡᠭᠦᠯᠦᠨ ᠠᠵᠢᠯ ᠡᠬᠢᠯᠡᠭᠦᠯᠬᠦ ᠱᠠᠭᠠᠷᠳᠠᠯᠭ᠎ᠠ ᠶᠢᠨ ᠲᠣᠭᠤᠷᠢᠨ ᠳᠤ ᠡᠷᠢᠶᠡᠨ ᠬᠤᠲᠠ ᠶᠢᠨ ᠡᠯ᠎ᠡ ᠪᠠᠶᠢᠭᠤᠯᠭ᠎ᠠ ᠨᠢᠭᠡᠴᠢ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠳᠬᠤᠵᠤ᠂ ᠲᠥᠷᠥᠯ ᠵᠦᠢᠯ ᠳᠤ ᠣᠷᠣᠰᠢᠵᠤ ᠪᠠᠶᠢᠭ᠎ᠠ ᠠᠰᠠᠭᠤᠳᠠᠯ ᠤᠳ ᠤᠨ ᠨᠠᠷᠢᠨ ᠬᠠᠭᠤᠳᠠᠰᠤ ᠭᠠᠷᠭᠠᠨ᠂ ᠠᠰᠠᠭᠤᠳᠠᠯ ᠢ ᠬᠠᠷᠢᠭᠤᠴᠠᠬᠤ ᠨᠢᠭᠡᠴᠢ ᠪᠠ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠤᠷᠬᠠᠶᠢᠯᠠᠨ᠎ᠠ᠃ ᠬᠤᠶᠠᠷ ᠲᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠵᠤ᠂ ᠥᠪᠡᠷ ᠢᠶᠠᠨ ᠭᠠᠷᠳᠠᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠭᠠᠷᠳᠠᠮ ᠢ ᠭᠦ᠋ᠶᠢᠴᠡᠳᠬᠡᠬᠦ ᠶᠢ ᠵᠢᠯᠣᠭᠤᠳᠬᠤ ᠠᠵᠢᠯ ᠳᠤ ᠤᠷᠢᠳᠴᠢᠯᠠᠨ ᠣᠷᠣᠯᠴᠠᠵᠤ ᠰᠠᠶᠢᠲᠤᠷ ᠬᠢᠨ᠎ᠡ᠃ ᠭᠤᠷᠪᠠ ᠳᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦ᠋ᠶᠢᠴᠡᠳ ᠪᠠᠳᠠᠷᠠᠭᠤᠯᠵᠤ᠂ ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠤᠳ ᠢ ᠴᠠᠭ ᠲᠤᠬᠠᠶ ᠳᠤ ᠨᠢ ᠬᠠᠷᠢᠭᠤ ᠲᠤᠰᠬᠠᠵᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ᠂ ᠪᠡᠷᠬᠡ ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠨ᠎ᠡ᠃ ᠲᠦᠷᠪᠡ ᠳᠤ᠂ ᠪᠤᠢ ᠪᠦᠬᠦᠢ ᠲᠦᠷᠦᠯ ᠵᠦᠢᠯ ᠤᠨ ᠠᠵᠢᠯ ᠤᠨ ᠬᠤᠭᠤᠴᠠᠭ᠎ᠠ ᠶᠢ ᠲᠣᠩᠭᠤᠷᠠᠭᠤ ᠬᠥᠭᠡᠭᠡᠴᠡᠯᠳᠦᠨ ᠪᠠᠶᠢᠷᠢᠯᠠᠭᠤᠯᠵᠤ᠂ ᠵᠢᠷᠤᠭ ᠲᠦᠰᠦᠯ ᠤᠨ ᠳᠠᠭᠠᠤ ᠠᠵᠢᠯᠯᠠᠨ᠂ 4 ᠳ᠋ᠦ᠋ᠭᠡᠷ ᠰᠠᠷ᠎ᠠ ᠶᠢᠨ 15 ᠤ ᠡᠳᠦᠷ ᠪᠦᠬᠦ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠢ ᠤᠷᠤᠭᠰᠢᠲᠠᠢ ᠡᠬᠢᠯᠡᠭᠦᠯᠬᠦ ᠶᠢ ᠪᠠᠲᠤᠯᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ