ᠸᠠᠩ ᠯᠢ ᠰᠢᠶᠠ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠣ᠋ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠡᠷᠡᠰ ᠰᠢᠭᠤᠷᠬᠠᠶ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠵᠤ ᠲᠦᠷᠭᠡᠨ ᠬᠦᠳᠡᠯᠦᠯᠴᠡᠵᠤ ᠴᠢᠩᠭ᠎ᠠ ᠰᠡᠷᠭᠡᠶᠢᠯᠡᠨ ᠡᠵᠡᠮᠳᠡᠵᠤ ᠬᠢᠵᠢᠭ ᠤᠨ ᠪᠠᠶᠢᠳᠠᠯ ᠳᠠᠬᠢᠨ ᠬᠡᠪᠴᠢᠶᠡᠵᠢᠯ ᠤᠨ ᠴᠢᠨᠠᠷᠲᠠᠶ ᠪᠠᠷ ᠲᠠᠷᠬᠠᠨ ᠳᠡᠯᠭᠡᠷᠡᠬᠦ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ
ᠨᠡᠶᠢᠲᠡᠯᠡᠭᠰᠡᠨ ᠴᠠᠭ᠄
2022/3/14
      3 ᠰᠠᠷ᠎ᠠ ᠶᠢᠨ12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠸᠠᠩ ᠯᠢ ᠰᠢᠶᠠ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠬᠠᠶ ᠶᠢᠨ ᠡᠳᠦᠷ ᠤᠨ ᠦᠳᠡ ᠶᠢᠨ ᠡᠮᠦᠨ᠎ᠡ ᠬᠤᠷᠠᠯᠳᠤᠭᠤᠯᠤᠭᠰᠠᠨ ᠪᠥᠬᠦ ᠤᠯᠤᠰ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠡᠰ ᠰᠢᠭᠤᠷᠬᠠᠶ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠵᠤ᠂ ᠲᠦᠷᠭᠡᠨ ᠬᠥᠳᠡᠯᠦᠯᠴᠡᠨ᠂ ᠴᠢᠩᠭ᠎ᠠ ᠰᠡᠷᠭᠡᠶᠢᠯᠡᠨ ᠡᠵᠡᠮᠳᠡᠵᠦ᠂ ᠬᠢᠵᠢᠭ ᠤᠨ ᠪᠠᠶᠢᠳᠠᠯ ᠳᠠᠬᠢᠨ ᠬᠡᠪᠴᠢᠶᠡᠵᠢᠯ ᠤᠨ ᠴᠢᠨᠠᠷᠲᠠᠶ ᠪᠠᠷ ᠲᠠᠷᠬᠠᠨ ᠳᠡᠯᠭᠡᠷᠡᠬᠦ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃       ᠸᠠᠩ ᠯᠢ ᠰᠢᠶᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠭᠡᠵᠦ᠂ ︽ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠠ ︽ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠠ ᠢᠯᠡᠷᠡᠪᠡᠯ ᠲᠠᠷᠤᠢ ᠲᠦᠷᠭᠡᠨ ᠤᠨᠤᠴᠠᠳᠠᠢ ᠡᠵᠡᠮᠳᠡᠵᠤ ᠦᠬᠡᠢ ᠪᠤᠯᠭᠠᠬᠤ︾ ᠶᠡᠷᠦᠩᠬᠡᠶ ᠴᠢᠭᠯᠡᠯᠲᠡ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠭᠤᠷᠢᠳᠠᠬᠤ ᠪᠤᠳᠤᠯ᠂ ᠰᠤᠯᠠᠷᠠᠬᠤ ᠰᠡᠳᠭᠢᠯᠭᠡ ᠶᠢ ᠡᠷᠡᠰ ᠲᠡᠪᠴᠢᠵᠦ᠂ ᠴᠢᠩᠭ᠎ᠠ ᠪᠥᠭᠡᠳ ᠨᠢᠭᠳᠠ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ᠂ ᠴᠢᠩᠭ᠎ᠠ ᠠᠴᠠ ᠴᠢᠩᠭ᠎ᠠ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠨᠢᠭᠡ ᠠᠴᠠ ᠵᠦᠢᠴᠢᠯᠡᠨ ᠨᠦᠭᠦᠭᠡ ᠶᠢ ᠮᠡᠳᠡᠵᠦ ᠠᠰᠠᠭᠤᠳᠠᠯ ᠢ ᠪᠠᠶᠢᠴᠠᠭᠠᠵᠤ᠂ ᠳᠤᠲᠠᠭᠳᠠᠯ ᠢᠶᠠᠨ ᠨᠥᠬᠦᠪᠥᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠯᠠᠯᠳᠤᠭᠠᠨ᠂ ᠰᠥᠨᠥᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃       ᠸᠠᠩ ᠯᠢ ᠰᠢᠶᠠ᠂ ᠬᠦᠴᠦᠨ ᠢᠶᠠᠨ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ ᠬᠠᠮᠤᠭ ᠤᠨ ᠣᠬᠤᠷᠬᠠᠨ ᠬᠤᠭᠤᠴᠠᠭᠠᠨ ᠳᠤ ᠨᠡᠶᠢᠭᠡᠮ ᠳᠡᠭᠡᠷᠡᠬᠢ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠬᠡᠷᠡᠭᠳᠠᠢ᠃ ᠡᠷᠳᠡ ᠢᠯᠡᠷᠡᠭᠦᠯᠬᠦ ᠳᠡᠭᠡᠷ᠎ᠡ ᠬᠦᠴᠦ ᠲᠠᠯᠪᠢᠵᠤ᠂ ᠨᠠᠷᠢᠨ ᠵᠦᠢᠯᠡᠰ ᠤᠨ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠰᠢᠵᠢᠷ ᠠᠯᠳᠠᠨ 24 ᠴᠠᠭ︾ ᠤᠨ ᠰᠢᠢᠳᠪᠦᠷᠢᠯᠡᠬᠦ ᠬᠤᠭᠤᠴᠠᠭ᠎ᠠ ᠶᠢ ᠠᠰᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠢ︔ ᠪᠥᠭᠡᠮ ᠬᠦᠴᠢᠯ ᠤᠨ ᠪᠠᠶᠢᠴᠠᠭᠠᠯᠲᠠ ᠶᠢ ᠲᠦᠷᠭᠡᠨ ᠬᠢᠵᠦ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ ᠬᠡᠷᠡᠭᠲᠡᠶ︔ ᠲᠠᠬᠤᠯ ᠡᠪᠡᠳᠴᠢᠨ ᠤ ᠪᠠᠶᠢᠴᠠᠭᠠᠯᠲᠠ ᠬᠢᠵᠦ ᠡᠬᠢ ᠡᠭᠦᠰᠦᠯ ᠢ ᠨᠢ ᠮᠦᠷᠳᠡᠬᠦ ᠠᠵᠢᠯᠯᠠᠭ᠎ᠠ ᠶᠢ ᠲᠠᠷᠤᠢ ᠲᠦᠷᠭᠡᠨ ᠦᠷᠨᠢᠭᠦᠯᠵᠦ᠂ ᠴᠠᠭ ᠮᠥᠴᠡ ᠶᠢ ᠠᠮᠵᠢᠨ ᠮᠢᠨᠦ᠋ᠲ ᠰᠧᠺᠦ᠋ᠨ᠋ᠳ᠋ ᠲᠠᠢ ᠤᠷᠤᠯᠳᠤᠵᠤ ᠠᠵᠢᠯᠯᠠᠬᠤ ᠬᠡᠷᠡᠭᠲᠡᠢ︔ ᠴᠠᠭ ᠲᠤᠬᠠᠢ ᠳᠤᠨᠢ ᠲᠥᠪᠯᠡᠷᠡᠭᠦᠯᠦᠨ ᠲᠤᠰᠠᠭᠠᠷᠯᠠᠵᠤ᠂ ᠲᠤᠰᠠᠭᠠᠷᠯᠠᠬᠤ ᠶᠣᠰᠣᠲᠠᠢ ᠶᠢ ᠨᠢ ᠪᠦᠬᠦᠨ ᠢ ᠲᠤᠰᠠᠭᠠᠷᠯᠠᠵᠤ᠂ ᠬᠠᠯᠳᠠᠪᠤᠷᠢᠯᠠᠨ ᠲᠠᠷᠬᠠᠬᠤ ᠠᠶᠤᠯ ᠲᠦᠭᠰᠢᠭᠦᠷᠢ ᠶᠢ ᠪᠠᠭᠠᠰᠬᠠᠬᠤ ᠬᠡᠷᠡᠭᠲᠡᠢ︔ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠪᠢᠲᠡᠭᠦᠮᠵᠢᠯᠡᠨ ᠡᠵᠡᠮᠳᠡᠬᠦ ᠤᠷᠤᠨ ᠤ ᠬᠦᠮᠦᠰ ᠭᠡᠷ ᠠᠴᠠ ᠪᠠᠨ ᠭᠠᠷᠬᠤ ᠦᠭᠡᠢ᠂ ᠬᠠᠮᠢᠶᠠᠷᠤᠨ ᠡᠵᠡᠮᠳᠡᠬᠦ ᠣᠷᠣᠨ ᠤ ᠬᠦᠮᠦᠰ ᠤᠷᠤᠨ ᠠᠴᠠ ᠪᠠᠨ ᠭᠠᠷᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ︔︽ᠳᠤᠲᠤᠭᠠᠳᠤ ᠶᠢ ᠬᠠᠮᠠᠭᠠᠯᠠᠬᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠵᠦ ᠦᠢᠯᠡᠳᠪᠦᠷᠢ ᠪᠠ ᠮᠡᠳᠡᠭᠡ ᠵᠠᠩᠭᠢᠵᠢᠯᠲᠡ︾ ᠶᠢᠨ ᠬᠠᠮᠵᠢᠯᠴᠠᠭ᠎ᠠ ᠪᠠ ᠣᠷᠣᠨ ᠪᠦᠰᠡ ᠶᠢᠨ ᠬᠠᠮᠵᠢᠯᠴᠠᠨ ᠪᠠᠶᠢᠴᠠᠭᠠᠬᠤ ᠶᠢ ᠴᠢᠩᠭᠠᠳᠬᠠᠵᠤ᠂ ᠬᠠᠯᠳᠠᠪᠤᠷᠢᠯᠠᠯ ᠤᠨ ᠡᠬᠢ ᠡᠭᠦᠰᠦᠯ ᠢ ᠠᠯᠢ ᠲᠦᠷᠭᠡᠨ ᠢᠶᠠᠷ ᠪᠠᠶᠢᠴᠠᠭᠠᠨ ᠳᠤᠳᠤᠯᠠᠬᠤ ᠬᠡᠷᠡᠭᠲᠡᠢ︔ ᠠᠷᠭ᠎ᠠ ᠴᠢᠨᠠᠷ ᠢᠯᠠᠷᠡᠪᠠᠯ ᠵᠠᠪᠠᠯ ᠮᠡᠳᠡᠭᠦᠯᠬᠦ᠂ ᠠᠷᠭ᠎ᠠ ᠴᠢᠨᠠᠷ ᠢᠯᠡᠷᠡᠪᠡᠯ ᠳᠠᠷᠤᠢ ᠲᠦᠷᠭᠡᠨ ᠮᠡᠳᠡᠭᠦᠯᠬᠦ᠂ ᠲᠠᠷᠤᠢ ᠲᠦᠷᠭᠡᠨ ᠮᠡᠳᠡᠭᠦᠯᠵᠦ ᠲᠠᠷᠤᠢ ᠲᠦᠷᠭᠡᠨ ᠪᠠᠶᠢᠴᠠᠭᠠᠬᠤ᠂ ᠤᠷᠢᠳ ᠢᠶᠠᠷ ᠬᠠᠮᠢᠶᠠᠷᠤᠨ ᠡᠵᠡᠮᠳᠡᠵᠤ ᠳᠠᠷᠠᠭ᠎ᠠ ᠨᠢ ᠰᠢᠭᠰᠢᠨ ᠪᠠᠶᠢᠴᠠᠭᠠᠬᠤ ᠶᠢ ᠴᠢᠩᠭ᠎ᠠ ᠭᠦᠢᠴᠡᠳᠭᠡᠵᠦ᠂ ᠬᠠᠯᠳᠠᠪᠤᠷᠢᠯᠠᠯ ᠤᠨ ᠬᠡᠯᠬᠢᠶ᠎ᠡ ᠶᠢ ᠬᠠᠮᠤᠭ ᠤᠨ ᠲᠦᠷᠦᠭᠦᠨ ᠳᠤ ᠲᠠᠰᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠸᠠᠩ ᠯᠢ ᠰᠢᠶᠠ᠂ ᠲᠤᠷᠰᠢᠯᠭ᠎ᠠ ᠰᠤᠷᠭᠠᠮᠵᠢ ᠠᠪᠴᠤ᠂ ᠨᠢᠭᠡ ᠬᠡᠨᠡᠳᠡᠪᠡᠯ ᠨᠢᠭᠡ ᠤᠬᠠᠭᠠᠷᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠨᠠᠶᠢᠳᠠᠪᠤᠷᠢᠵᠢᠭᠤᠯᠬᠤ ᠳᠤ᠂ ᠭᠤᠣᠯ ᠤᠳᠤᠷᠢᠳᠤᠯᠭ᠎ᠠ ᠡᠷᠬᠡᠪᠰᠢ ᠡᠮᠦᠨ᠎ᠡ ᠹᠷᠣᠨᠲ ᠲᠤ ᠭᠦᠨᠵᠡᠭᠡᠶᠢᠷᠡᠨ ᠵᠢᠯᠤᠭᠤᠳᠴᠤ᠂ ᠬᠢᠵᠢᠭ ᠤᠨ ᠪᠠᠶᠢᠳᠠᠯ ᠬᠠᠮᠢᠭ᠎ᠠ ᠡᠭᠦᠰᠪᠡᠯ ᠵᠢᠯᠣᠭᠤᠳᠬᠤ ᠭᠠᠵᠠᠷ ᠢ ᠲᠡᠨᠳᠡ ᠪᠠᠶᠢᠭᠤᠯᠬᠤ ᠬᠡᠷᠡᠭᠲᠡᠢ᠃ ᠴᠤᠮᠬᠠᠳᠬᠠᠭᠰᠠᠨ ᠵᠢᠯᠤᠭᠤᠳᠤᠯᠭ᠎ᠠ ᠬᠠᠮᠢᠶᠠᠷᠤᠯᠳᠠ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠱᠠᠳᠤ ᠳᠠᠪᠬᠤᠷᠭ᠎ᠠ ᠶᠢ ᠴᠥᠭᠡᠳᠭᠡᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ ᠬᠤᠪᠢᠶᠠᠷᠢᠯᠠᠯ ᠢ ᠪᠣᠳᠠᠲᠠᠶᠢᠵᠢᠭᠤᠯᠵᠤ᠂ ᠱᠠᠭᠠᠷᠳᠠᠯᠭ᠎ᠠ ᠶᠢ ᠪᠣᠳᠠᠲᠠᠶᠢᠵᠢᠭᠤᠯᠵᠤ᠂ ᠪᠠᠷᠢᠮᠵᠢᠶ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠤᠨ ᠠᠵᠢᠯ ᠢ ᠰᠠᠶᠢᠲᠤᠷ ᠠᠳᠬᠤᠵᠤ᠂ ᠪᠡᠯᠡᠳᠭᠡᠯ ᠲᠥᠰᠦᠯ ᠢ ᠪᠣᠳᠠᠲᠤ ᠳᠠᠶᠢᠨ ᠮᠡᠳᠦ ᠦᠵᠡᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠶᠢ ᠰᠠᠶᠢᠲᠤᠷ ᠥᠷᠨᠢᠭᠦᠯᠵᠦ᠂ ᠰᠣᠷᠢᠯᠲᠠ ᠪᠠᠷ ᠳᠠᠮᠵᠢᠨ ᠳᠤᠲᠠᠭᠳᠠᠯ ᠢᠶᠠᠨ ᠨᠢᠭᠡᠳ ᠨᠢᠭᠡ ᠪᠠᠷ ᠪᠠᠶᠢᠴᠠᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠭᠦᠢᠴᠡᠳ ᠪᠡᠯᠡᠳᠭᠡᠬᠦ ᠬᠡᠷᠡᠭᠲᠡᠶ᠃ ᠤᠯᠠᠨ ᠲᠦᠮᠡᠨ ᠢ ᠬᠦᠳᠦᠯᠦᠨ ᠵᠢᠯᠤᠭᠤᠳᠴᠤ ᠨᠢᠭᠲᠠ ᠬᠠᠮᠵᠢᠯᠴᠠᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠳᠠᠯᠠᠵᠤ᠂ ᠴᠢᠩᠭ᠎ᠠ ᠱᠠᠭᠠᠷᠳᠠᠵᠤ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠯᠠᠪᠳᠠᠭᠤᠨ ᠪᠠᠲᠤᠲᠠᠢ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠣᠤ ᠭᠠᠩ ᠬᠥᠬᠡᠬᠤᠲᠠ ᠳᠤ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ