ᠪᠠᠶᠠᠨᠨᠠᠭᠤᠷ ᠬᠤᠲᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠤᠨ ᠸᠢᠳᠢᠣ᠋ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/17

      3 ᠳ᠋ᠤᠭᠠᠷ ᠰᠠᠷ᠎ᠠ ᠶᠢᠨ 15᠎ ᠤ ᠡᠳᠦᠷ᠂ ᠪᠠᠶᠠᠨᠨᠠᠭᠤᠷ ᠬᠤᠲᠠ ᠪᠥᠬᠦ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠤᠨ ᠸᠢᠳᠢᠣ᠋ ᠬᠤᠷᠠᠯ ᠢ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠤᠳᠤᠯᠤᠨ ᠪᠠᠶᠢᠷᠢᠯᠠᠭᠤᠯᠤᠭᠰᠠᠨ ᠤ ᠬᠠᠮᠲᠤ ᠬᠠᠮᠢᠶ᠎ᠠ ᠪᠦᠬᠦᠢ ᠤᠳᠤᠷᠢᠳᠬᠤ ᠺᠠᠳ᠋ᠷᠴᠤᠳ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠪᠡ᠃ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ ᠷᠧᠨ ᠢ ᠴᠢᠶᠦ᠋ᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠶᠠᠨ ᠮᠢᠨ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ ᠭᠤᠣᠯ ᠲᠠᠯᠠᠪᠠᠶ ᠳᠤ ᠬᠤᠷᠠᠯ ᠳᠤ ᠣᠷᠣᠯᠴᠠᠪᠠ᠃

      ᠬᠤᠷᠠᠯ ᠳᠡᠭᠡᠷ᠎ᠡ᠂ ᠤᠷᠠᠳ ᠤᠨ ᠡᠮᠦᠨᠡᠲᠦ ᠬᠤᠰᠢᠭᠤ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠪᠣᠳᠠᠲᠤ ᠲᠤᠷᠰᠢᠯᠭ᠎ᠠ ᠪᠠ ᠠᠷᠭ᠎ᠠ ᠬᠢᠳᠡᠯ ᠢᠶᠠᠨ ᠲᠠᠨᠢᠯᠴᠠᠭᠤᠯᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠣᠯᠪᠠᠰᠤᠷᠠᠯ ᠥᠷᠨᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠬᠢᠵᠢᠭ ᠲᠤ ᠬᠤᠯᠪᠣᠭᠳᠠᠭᠰᠠᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢᠨ ᠪᠣᠯᠪᠠᠰᠤᠷᠠᠯ ᠢ ᠥᠷᠨᠢᠭᠦᠯᠵᠦ᠂ ᠬᠤᠲᠠ ᠶᠢᠨ ᠵᠢᠯᠤᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠪᠠ ᠲᠠᠬᠤᠯ ᠡᠪᠡᠳᠴᠢᠨ ᠤ ᠪᠠᠶᠢᠴᠠᠭᠠᠯᠲᠠ ᠶᠢᠨ ᠳᠤᠭᠤᠶᠢᠯᠠᠩ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ 15 ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠨᠠᠷᠢᠨ ᠲᠠᠶᠢᠯᠤᠮᠵᠢ ᠬᠢᠵᠡᠢ᠃

      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠨᠴᠠᠭᠠᠢ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠳᠠᠯ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠤᠯᠭᠠᠮᠳᠠᠭᠤ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ︔ ᠤᠳᠠᠭᠠᠨ ᠳᠠᠭᠠᠭᠠᠮᠠᠭᠠᠢ ᠳᠠᠶᠢᠨ ᠬᠢᠬᠦ ᠪᠡᠯᠡᠳᠬᠡᠯ ᠢ ᠭᠦᠢᠴᠡᠳ ᠰᠠᠶᠢᠨ ᠬᠢᠵᠦ᠂ ᠢᠳᠡᠪᠬᠢᠲᠡᠢ ᠣᠪᠣᠷ ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ᠂ ᠭᠤᠷᠢᠳᠠᠬᠤ ᠪᠤᠳᠤᠯ ᠢ ᠡᠷᠡᠰ ᠲᠡᠪᠴᠢᠬᠦ ᠬᠡᠷᠡᠭᠲᠡᠢ︔ ᠭᠤᠣᠯᠳᠠᠯᠭ᠎ᠠ ᠶᠢ ᠳᠤᠪᠤᠶᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠩᠭᠤ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃

      ᠡᠯ᠎ᠡ ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ᠂ ᠳᠡᠳ᠋ ᠶᠡᠷᠦᠩᠬᠡᠢ ᠵᠢᠯᠣᠭᠤᠳᠤᠭᠴᠢ᠂ ᠡᠯ᠎ᠡ ᠠᠵᠢᠯᠯᠠᠬᠤ ᠳᠤᠭᠤᠶᠢᠯᠠᠩ᠂ ᠲᠤᠰᠬᠠᠢ ᠠᠩᠭᠢ ᠪᠣᠯᠣᠨ ᠪᠦᠷᠢᠯᠳᠦᠭᠦᠨ ᠨᠢᠭᠡᠴᠢ ᠶᠢᠨ ᠭᠤᠣᠯ ᠬᠠᠷᠢᠭᠤᠴᠠᠯᠭᠠᠲᠠᠳ ᠲᠤᠬᠠᠢ ᠶᠢᠨ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ