ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠦᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ
ᠨᠡᠶᠢᠲᠡᠯᠡᠭᠰᠡᠨ ᠴᠠᠭ᠄
2022/3/2
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                 ᠥᠪᠥᠷ ᠵᠠᠰᠠᠭ ᠠᠯᠪᠠᠨ ᠲᠠᠷᠬᠠᠭᠠᠭᠰᠠᠨ ﹇2021﹈ 79 ᠳ᠋ᠦ᠋ᠭᠡᠷ ᠲᠣᠭᠠᠲᠤ      ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠦᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠠᠢ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠪᠡᠯᠡᠳᠬᠡᠮᠵᠢ ᠶᠢᠨ ᠴᠡᠷᠢᠭ ᠪᠠ ᠠᠷᠠᠳ ᠤᠨ ᠬᠠᠮᠲᠤ ᠪᠠᠷ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠪᠠ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠣᠨᠤᠯᠵᠢᠬᠤᠨ ᠢ ᠪᠦᠷᠢᠨ ᠭᠦᠢᠴᠡᠣᠨ᠂ ᠣᠨᠣᠪᠴᠢᠲᠠᠶ ᠪᠠ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠪᠠ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠬᠦᠷᠲᠡᠭᠦ ᠨᠡᠶᠢᠭᠡᠮ ᠤᠨ ᠵᠠᠰᠠᠯᠲᠠ ᠶᠢᠨ ᠣᠨᠤᠯᠵᠢᠬᠤᠨ ᠢ ᠦᠢᠯᠡᠳᠦᠯᠭᠡᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠬᠢᠭᠡᠳ ᠬᠤᠲᠠ ᠶᠢᠨ ᠪᠣᠬᠢᠷᠲᠤᠯ ᠥᠬᠡᠶ ᠬᠥᠭᠵᠢᠯᠲᠡ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠠᠴᠠ ᠭᠠᠷᠳᠠᠵᠤ᠂ ᠨᠡᠶᠢᠭᠡᠮ ᠠᠷᠠᠳ ᠤᠨ ᠠᠮᠢᠳᠤᠷᠠᠯ ᠳᠤ ᠦᠢᠯᠡᠴᠢᠯᠡᠬᠦ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠠᠯᠳᠠ ᠬᠦᠴᠦᠨ ᠢ ᠭᠦᠨᠵᠡᠭᠡᠢ ᠠᠭᠤᠳᠠᠯᠤᠨ᠂ ᠨᠢᠭᠡ ᠪᠦᠯᠦᠭ ᠭᠤᠣᠯᠳᠠᠯᠭ᠎ᠠ ᠪᠣᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠤᠲᠠ ᠶᠢᠨ ᠬᠥᠮᠦᠰ ᠤᠨ ᠳᠠᠯᠳᠠᠯᠠᠬᠤ ᠬᠠᠯᠬᠠᠪᠴᠢ ᠶᠢᠨ ᠪᠠᠷᠢᠯᠭ᠎ᠠ ᠶᠢᠨ ᠬᠤᠪᠢ ᠶᠢᠨ ᠵᠢᠩ ᠳᠣᠣᠷ᠎ᠠ ᠪᠠᠶᠢᠭ᠎ᠠ᠂ ᠬᠥᠮᠦᠨ ᠳᠤᠮᠳᠠᠴᠢ ᠶᠢᠨ ᠳᠠᠯᠳᠠᠯᠠᠬᠤ ᠲᠠᠯᠠᠪᠠᠢ ᠭᠦᠢᠴᠡᠳ ᠪᠣᠰᠤ ᠪᠠᠶᠢᠭ᠎ᠠ ᠳᠤᠲᠠᠭᠤᠳᠠᠯ ᠢ ᠨᠦᠬᠦᠪᠦᠷᠢᠯᠡᠵᠦ᠂ ᠠᠷᠠᠳ ᠤᠨ ᠠᠮᠢᠳᠤᠷᠠᠯ ᠪᠠ ᠳᠠᠶᠢᠨ ᠳᠤ ᠪᠡᠯᠡᠳᠬᠡᠬᠦ ᠶᠢ ᠬᠠᠮᠲᠤ ᠳᠤ ᠨᠢ ᠬᠠᠷᠠᠭᠠᠯᠵᠠᠬᠤ᠂ ᠡᠩ ᠤᠨ ᠦᠶ᠎ᠡ ᠪᠠ ᠳᠠᠶᠢᠨ ᠤ ᠴᠠᠭ ᠲᠠᠢ ᠣᠶᠠᠯᠳᠣᠭᠤᠯᠣᠨ ᠬᠤᠶᠠᠷ ᠲᠠᠯ᠎ᠠ ᠶᠢᠨ ᠦᠷ᠎ᠡ ᠠᠰᠢᠭ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ᠃      — — ᠲᠥᠯᠥᠪᠵᠢᠭᠦᠯᠦᠨ ᠬᠥᠲᠥᠯᠥᠨ ᠵᠢᠯᠣᠭᠤᠳᠴᠤ᠂ ᠭᠤᠤᠯᠳᠠᠯᠭ᠎ᠠ ᠶᠢ ᠳᠣᠪᠤᠶᠢᠯᠭᠠᠨ᠎ᠠ᠃ ᠲᠥᠯᠥᠪᠵᠢᠭᠦᠯᠭᠡ ᠪᠠᠷ ᠬᠦᠲᠦᠯᠦᠨ ᠳᠠᠭᠠᠭᠤᠯᠬᠤ ᠶᠢ ᠪᠠᠷᠢᠮᠲᠠᠯᠠᠨ᠂ ᠬᠤᠲᠠ ᠶᠢᠨ ᠬᠥᠭᠵᠢᠯᠲᠡ ᠯᠦᠭᠡ ᠤᠶᠠᠯᠳᠤᠭᠤᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠯᠤᠭ᠎ᠠ ᠤᠶᠠᠯᠳᠤᠭᠤᠯᠬᠤ ᠶᠢ ᠭᠤᠣᠯᠳᠠᠯᠭ᠎ᠠ ᠲᠠᠢ ᠬᠥᠲᠥᠯᠥᠨ ᠵᠢᠯᠣᠭᠤᠳᠴᠤ᠂ ᠬᠤᠲᠠ ᠶᠢᠨ ᠭᠠᠵᠠᠷ ᠳᠣᠣᠷᠠᠬᠢ ᠣᠷᠣᠨ ᠵᠠᠶ ᠶᠢ ᠨᠡᠭᠡᠭᠡᠬᠦ ᠡᠷᠴᠢᠮ ᠢᠶᠠᠨ ᠴᠢᠩᠭᠠᠷᠠᠭᠤᠯᠤᠨ᠎ᠠ᠃      — — ᠵᠢᠱᠢᠶ᠎ᠡ ᠦᠵᠡᠭᠦᠯᠦᠨ ᠳᠠᠶᠢᠴᠢᠯᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ ᠲᠥᠷᠥᠯ ᠵᠦᠢᠯ ᠢᠶᠠᠷ ᠭᠠᠷᠳᠠᠴᠠ ᠪᠣᠯᠭᠠᠬᠤ ᠶᠢ ᠪᠠᠷᠢᠮᠲᠠᠯᠠᠨ᠂ ᠵᠢᠱᠢᠶ᠎ᠡ ᠦᠵᠡᠭᠦᠯᠣᠨ ᠤᠷᠢᠳ ᠢᠶᠠᠷ ᠬᠡᠷᠡᠭᠵᠢᠭᠦᠯᠵᠦ᠂ ᠲᠡᠶᠢᠨ ᠤ ᠴᠠᠭ ᠲᠠᠬᠢ ᠴᠢᠳᠠᠮᠵᠢ ᠶᠢ ᠪᠠᠲᠤᠯᠠᠵᠤ ᠬᠠᠩᠭᠠᠭᠰᠠᠨ ᠤᠷᠢᠲᠠᠯ ᠳᠤᠤᠷ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠡᠩ ᠤᠨ ᠦᠶ᠎ᠡ ᠶᠢᠨ ᠠᠰᠢᠭᠯᠠᠬᠤ ᠴᠢᠳᠠᠮᠵᠢ ᠶᠢ ᠨᠢ ᠭᠦᠢᠴᠡᠳ ᠪᠠᠳᠠᠷᠠᠭᠤᠯᠤᠨ᠂ ᠬᠤᠲᠠ ᠶᠢᠨ ᠮᠠᠰᠢᠨ ᠲᠡᠷᠭᠡᠨ ᠤ ᠵᠣᠭᠰᠣᠭᠠᠯ ᠴᠦᠬᠡᠨ ᠪᠠᠶᠢᠭ᠎ᠠ᠂ ᠮᠠᠰᠢᠨ ᠲᠡᠷᠭᠡᠨ ᠤ ᠲᠥᠭᠵᠢᠷᠡᠯ ᠶᠡᠭᠡ ᠪᠠᠶᠢᠭ᠎ᠠ ᠵᠡᠷᠭᠡ ᠪᠣᠳᠠᠲᠠᠶ ᠠᠰᠠᠭᠤᠳᠠᠯ ᠢ ᠬᠦᠴᠦᠯᠡᠨ ᠨᠠᠮᠳᠠᠭᠠᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ᠃      — — ᠬᠠᠷᠢᠭᠤᠴᠠᠯᠭ᠎ᠠ ᠪᠠᠨ ᠲᠣᠳᠣᠷᠬᠠᠢ ᠲᠣᠭᠲᠠᠭᠠᠵᠤ᠂ ᠯᠠᠪᠳᠠᠭᠤᠨ ᠪᠠᠲᠤᠲᠠᠢ ᠠᠬᠢᠭᠤᠯᠤᠨ᠎ᠠ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠲᠥᠭᠡᠨ ᠪᠠᠶᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠦᠢᠯᠡᠳᠦᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠪᠠᠳᠠᠷᠠᠭᠤᠯᠵᠣ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠠᠯᠠ ᠣᠷᠣᠭᠤᠯᠤᠨ ᠠᠵᠢᠯᠯᠠᠭᠤᠯᠵᠤ ᠡᠵᠡᠩᠨᠡᠬᠦ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠵᠤ ᠬᠠᠮᠢᠶᠠᠷᠬᠤ ᠲᠠᠯ᠎ᠠ ᠶᠢᠨ ᠰᠢᠨ᠎ᠡ ᠪᠠᠶᠢᠳᠠᠯ ᠢ ᠡᠭᠦᠳᠦᠨ᠎ᠡ᠃      — — ᠮᠡᠷᠭᠡᠵᠢᠯ ᠢᠶᠠᠷ ᠬᠥᠲᠥᠯᠥᠨ ᠳᠠᠭᠠᠭᠤᠯᠵᠤ᠂ ᠪᠣᠬᠢᠷᠲᠤᠯ ᠦᠭᠡᠢ ᠪᠠᠷ ᠬᠦᠭᠵᠢᠭᠦᠯᠦᠨ᠎ᠡ᠃ ᠪᠣᠬᠢᠷᠲᠤᠯ ᠦᠭᠡᠶ ᠪᠠᠷ ᠵᠢᠷᠤᠭᠯᠠᠨ ᠲᠥᠯᠥᠪᠯᠡᠬᠦ ᠪᠠ ᠪᠠᠶᠢᠭᠤᠯᠬᠤ ᠶᠢ ᠳᠣᠪᠤᠶᠢᠯᠭᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠡᠷᠡᠭᠯᠡᠬᠦ᠂ ᠬᠠᠮᠠᠭᠠᠯᠠᠬᠤ ᠪᠠ ᠬᠠᠮᠢᠶᠠᠷᠬᠤ ᠵᠡᠷᠭᠡ ᠲᠠᠯ᠎ᠠ ᠳᠠᠬᠢ ᠮᠡᠳᠡᠭᠡ ᠵᠠᠩᠭᠢᠴᠢᠯᠠᠬᠤ᠂ ᠤᠶᠤᠨᠴᠢᠯᠠᠬᠤ ᠮᠡᠷᠭᠡᠵᠢᠯ ᠤᠨ ᠭᠦᠨᠵᠡᠭᠡᠶ ᠬᠤᠷᠠᠮᠠᠯ ᠬᠡᠷᠡᠭᠯᠡᠯᠲᠡ ᠶᠢ ᠠᠬᠢᠭᠤᠯᠤᠨ᠂ ᠪᠦᠲᠦᠭᠡᠨ ᠪᠠᠶᠢᠭᠤᠯᠵᠤ ᠬᠠᠮᠢᠶᠠᠷᠬᠤ ᠠᠷᠭ᠎ᠠ ᠪᠠᠷᠢᠯ᠂ ᠵᠠᠭᠪᠤᠷ᠂ ᠣᠨᠤᠯᠵᠢᠬᠤᠨ ᠤ ᠰᠢᠨ᠎ᠡ ᠡᠭᠦᠳᠣᠯᠳᠡ ᠶᠢ ᠪᠡᠶᠡᠯᠡᠭᠦᠯᠣᠨ᠎ᠡ᠃      ︵ᠭᠤᠷᠪᠠ︶ ᠭᠤᠣᠯ ᠬᠠᠷᠠᠯᠲᠠ᠃      ᠥᠪᠡᠷᠲᠡᠭᠡᠨ ᠵᠠᠰᠠᠬᠤ ᠣᠷᠣᠨ ᠤ ︽ᠲᠥᠪᠯᠡᠷᠡᠭᠰᠡᠨ ᠪᠦᠭᠡᠮᠨᠡᠷᠡᠭᠰᠡᠨ ᠡᠷᠴᠢᠮᠵᠢᠭᠰᠡᠨ ᠬᠥᠭᠵᠢᠯᠲᠡ ᠶᠢ ᠪᠠᠷᠢᠮᠲᠠᠯᠠᠵᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ ᠪᠠᠶᠢᠭᠤᠯᠵᠤ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ ᠠᠬᠢᠭᠤᠯᠤᠨ ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠲᠠ ᠶᠢᠨ ᠪᠦᠯᠦᠭᠵᠢᠯ ᠪᠠ ᠤᠯᠠᠭᠠᠨᠬᠠᠳᠠ᠂ ᠲᠦᠩᠯᠢᠶᠣᠤ ᠶᠢᠨ ᠣᠷᠣᠨ ᠪᠦᠰᠡ ᠶᠢᠨ ᠭᠤᠣᠯ ᠲᠥᠪ ᠪᠣᠯᠬᠤ ᠬᠤᠲᠠ ᠶᠢ ᠭᠤᠣᠯᠳᠠᠯᠭ᠎ᠠ ᠲᠠᠢ ᠪᠥᠲᠥᠭᠡᠨ ᠪᠠᠶᠢᠭᠤᠯᠵᠤ᠂ ᠳᠤᠮᠳᠠ ᠪᠠᠭ᠎ᠠ ᠬᠤᠲᠠ ᠶᠢᠨ ᠳᠠᠭᠠᠭᠠᠴᠠ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠬᠦ︾ ᠬᠠᠷᠠᠯᠲᠠ ᠱᠠᠭᠠᠷᠳᠠᠯᠭ᠎ᠠ ᠶᠣᠰᠤᠭᠠᠷ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠨ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠡᠷᠴᠢᠮᠵᠢᠭᠦᠨ ᠠᠰᠢᠭᠯᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠲᠠᠬᠢ ᠭᠠᠵᠠᠷ ᠳᠤᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠯᠤᠭ᠎ᠠ ᠠᠭᠤᠰᠤᠯᠴᠠᠭᠤᠯᠤᠨ ᠬᠦᠭᠵᠢᠭᠦᠯᠬᠦ ᠶᠢ ᠬᠦᠴᠦᠯᠡᠨ ᠠᠬᠢᠭᠤᠯᠵᠤ᠂ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠣᠶᠢᠷ᠎ᠠ ᠬᠠᠪᠢ ᠳᠠᠬᠢ ᠲᠡᠷᠭᠡ ᠵᠣᠭᠰᠣᠬᠤ ᠪᠡᠯᠡᠳᠬᠡᠮᠵᠢ ᠶᠢᠨ ᠬᠠᠩᠭᠠᠯᠭ᠎ᠠ ᠬᠡᠷᠩᠴᠡᠭᠡᠨ ᠤ ᠵᠥᠷᠢᠴᠡᠯ᠂ ᠵᠠᠮ ᠬᠠᠷᠢᠯᠴᠠᠭᠠᠨ ᠤ ᠲᠦᠭᠵᠢᠷᠡᠯ᠂ ᠬᠥᠮᠦᠰ ᠤᠨ ᠳᠠᠯᠳᠠᠯᠠᠬᠤ ᠬᠠᠯᠬᠠᠪᠴᠢ ᠶᠢᠨ ᠪᠠᠷᠢᠯᠭ᠎ᠠ ᠶᠢᠨ ᠡᠵᠡᠯᠡᠬᠦ ᠬᠤᠪᠢ ᠶᠢᠨ ᠵᠢᠩ ᠳᠣᠣᠷ᠎ᠠ᠂ ᠡᠮᠴᠢᠯᠡᠭᠡᠨ ᠤ ᠠᠪᠤᠷᠠᠨ ᠲᠤᠰᠠᠯᠠᠬᠤ ᠪᠠᠷᠢᠯᠭ᠎ᠠ ᠳᠤᠲᠠᠭᠳᠠᠵᠤ ᠪᠠᠶᠢᠬᠤ ᠵᠡᠷᠭᠡ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠠᠰᠠᠭ ᠤᠨ ᠣᠷᠳᠣᠨ ᠠᠴᠠ ᠪᠠᠯᠠ ᠣᠷᠤᠭᠤᠯᠵᠤ ᠪᠥᠲᠥᠭᠡᠨ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠳᠤ ᠲᠤᠰᠬᠠᠶ ᠠᠩᠭᠢ ᠶᠢᠨ ᠪᠠᠷᠢᠯᠭ᠎ᠠ᠂ ᠡᠮᠴᠢᠯᠡᠭᠡᠨ ᠤ ᠠᠪᠤᠷᠠᠨ ᠲᠤᠰᠠᠯᠠᠬᠤ ᠪᠠᠷᠢᠯᠭ᠎ᠠ ᠪᠠ ᠨᠡᠶᠢᠲᠡ ᠶᠢᠨ ᠬᠡᠷᠡᠭᠯᠡᠭᠡᠨ ᠤ ᠬᠥᠮᠦᠰ ᠤᠨ ᠳᠠᠯᠳᠠᠯᠠᠬᠤ ᠬᠠᠯᠬᠠᠪᠴᠢ ᠶᠢᠨ ᠪᠠᠷᠢᠯᠭ᠎ᠠ ᠪᠠᠷ ᠭᠤᠤᠯ ᠪᠣᠯᠭᠠᠬᠤ ᠶᠢ ᠰᠠᠨᠠᠭᠠᠴᠢᠯᠠᠭᠰᠠᠨ ᠤᠷᠢᠲᠠᠯ ᠳᠤᠤᠷ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠪᠠ ᠭᠠᠵᠠᠷ ᠳᠤᠤᠷᠠᠬᠢ ᠣᠷᠣᠨ ᠵᠠᠶ ᠶᠢ ᠬᠠᠮᠲᠤ ᠳᠤ ᠨᠢ ᠬᠠᠷᠠᠭᠠᠯᠵᠠᠭᠰᠠᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠡᠶᠢᠨ ᠤ ᠴᠠᠭ ᠤᠨ ᠴᠢᠳᠠᠮᠵᠢ ᠶᠢ ᠠᠷᠠᠳ ᠤᠨ ᠠᠮᠢᠳᠤᠷᠠᠯ ᠳᠤ ᠦᠢᠯᠡᠴᠢᠯᠡᠵᠦ ᠲᠡᠭᠦᠨ ᠢ ᠪᠠᠲᠤᠯᠠᠬᠤ ᠬᠡᠷᠡᠭᠴᠡᠭᠡ ᠱᠠᠭᠠᠷᠳᠠᠯᠭ᠎ᠠ ᠯᠤᠭ᠎ᠠ ᠤᠶᠠᠯᠳᠤᠭᠤᠯᠬᠤ ᠶᠢ ᠪᠡᠶᠡᠯᠡᠭᠦᠯᠦᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠶᠢᠨ ᠠᠭᠠᠷ ᠤᠨ ᠰᠡᠷᠭᠡᠶᠢᠯᠡᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃      ᠬᠤᠶᠠᠷ᠂ ᠭᠤᠣᠯᠳᠠᠯᠭ᠎ᠠ ᠪᠣᠯᠬᠤ ᠡᠭᠦᠷᠭᠡ      ︵ᠨᠢᠭᠡ︶ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠨ᠂ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃      1 . ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠵᠦ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠭᠦᠢᠴᠡᠳ ᠨᠤᠲᠠᠯᠠᠭᠰᠠᠨ ᠰᠠᠭᠤᠷᠢᠨ ᠳᠡᠭᠡᠷ᠎ᠡ᠂ ᠨᠢᠭᠡᠨᠲᠡ ᠪᠠᠶᠢᠭ᠎ᠠ ᠪᠠ ᠪᠦᠲᠦᠭᠡᠨ ᠪᠠᠶᠢᠭᠤᠯᠬᠤ ᠪᠠᠷ ᠲᠥᠯᠥᠪᠵᠢᠭᠦᠯᠵᠦ ᠪᠠᠶᠢᠭ᠎ᠠ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠲᠥᠯᠥᠪᠵᠢᠭᠦᠯᠭᠡ ᠳᠤ ᠪᠠᠨ ᠨᠡᠶᠢᠲᠡ ᠶᠢᠨ ᠬᠡᠷᠡᠭᠯᠡᠭᠡᠨ ᠳᠤ ᠬᠡᠷᠡᠭᠯᠡᠬᠦ ᠬᠥᠮᠦᠰ ᠤᠨ ᠳᠠᠯᠳᠠᠯᠠᠬᠤ ᠬᠠᠯᠬᠠᠪᠴᠢ ᠶᠢᠨ ᠪᠠᠷᠢᠯᠭ᠎ᠠ᠂ ᠡᠮᠴᠢᠯᠡᠭᠡᠨ ᠤ ᠠᠪᠤᠷᠠᠨ ᠲᠤᠰᠠᠯᠠᠬᠤ ᠪᠠᠷᠢᠯᠭ᠎ᠠ ᠵᠡᠷᠭᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠵᠦ ᠰᠢᠯᠢᠳᠡᠭᠵᠢᠭᠦᠯᠦᠨ᠂ ᠭᠤᠣᠯ ᠠᠭᠤᠯᠭ᠎ᠠ ᠶᠢ ᠠᠳᠠᠯᠢ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠠᠷᠢᠨ ᠲᠥᠯᠥᠪᠵᠢᠭᠦᠯᠭᠡ ᠳᠤ ᠴᠠᠭ ᠲᠤᠬᠠᠶ ᠳᠤ ᠨᠢ ᠣᠷᠣᠭᠤᠯᠵᠤ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠶᠢ ᠬᠠᠷᠢᠯᠴᠠᠨ ᠲᠥᠬᠦᠷᠵᠢᠭᠦᠯᠦᠭᠰᠡᠨ᠂ ᠲᠤᠰᠬᠠᠶ ᠬᠡᠷᠩᠯᠡᠭᠦ ᠪᠠ ᠬᠠᠪᠰᠤᠷᠭᠠᠨ ᠬᠡᠷᠡᠭᠯᠡᠬᠦ ᠶᠢ ᠤᠶᠠᠯᠳᠤᠭᠤᠯᠤᠭᠰᠠᠨ ᠣᠷᠣᠨ ᠪᠦᠰᠡ ᠶᠢᠨ ᠰᠡᠷᠭᠡᠶᠢᠯᠡᠨ ᠬᠠᠮᠠᠭᠠᠯᠠᠬᠤ ᠪᠠᠶᠢᠷᠢᠰᠢᠯ ᠢ ᠪᠦᠷᠢᠯᠳᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠰᠤᠷᠭᠠᠨ ᠬᠥᠮᠦᠵᠢᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠃ ᠳᠣᠷᠤᠭᠰᠢᠬᠢ ᠵᠦᠢᠯ ᠢ ᠴᠦᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠬᠤ ᠴᠢᠬᠤᠯᠠᠲᠠᠢ ᠪᠣᠯᠬᠤᠷ ᠠᠰᠳᠠᠭᠠᠨ ᠵᠢᠭᠰᠠᠭᠠᠬᠤ ᠦᠭᠡᠢ︶      2 . ᠬᠦᠮᠦᠨ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠨ᠎ᠡ᠃ ᠨᠢᠭᠡ ᠪᠦᠯᠦᠭ ᠢ ᠨᠢ ᠰᠦᠪᠡᠭᠴᠢᠯᠡᠨ ᠲᠦᠯᠣᠪᠵᠢᠭᠦᠯᠵᠣ᠂ ᠨᠢᠭᠡ ᠪᠦᠯᠦᠭ ᠢ ᠨᠢ ᠪᠥᠲᠥᠭᠡᠨ ᠪᠠᠶᠢᠭᠤᠯᠤᠨ᠂ ᠨᠢᠭᠡ ᠪᠦᠯᠦᠭ ᠢ ᠨᠢ ᠠᠰᠢᠭᠯᠠᠨ ᠬᠡᠷᠡᠭᠯᠡᠬᠦ ᠰᠡᠳᠬᠢᠮᠵᠢ ᠪᠠᠷ᠂ ᠣᠳᠣᠬᠠᠨ ᠤ ᠪᠠ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠵᠤ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠤᠯᠪᠣᠨ ᠨᠡᠪᠲᠡᠷᠡᠭᠦᠯᠬᠦ᠂ ᠭᠤᠤᠯᠳᠠᠯᠭ᠎ᠠ ᠪᠣᠯᠬᠤ ᠣᠯᠠᠨ ᠨᠡᠶᠢᠲᠡ ᠶᠢᠨ ᠣᠷᠣᠨ ᠪᠦᠰᠡ ᠳᠤ ᠲᠠᠷᠬᠠᠭᠠᠨ ᠳᠠᠯᠳᠠᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠥᠬᠦᠷᠵᠢᠭᠦᠯᠬᠦ ᠵᠡᠷᠭᠡ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠢ ᠢᠳᠡᠪᠬᠢᠲᠡᠶ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶      3 . ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠥᠪᠡᠰᠦᠪᠡᠨ ᠪᠠᠶᠢᠭᠤᠯᠬᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠬᠤ ᠬᠦᠷᠢᠶ᠎ᠡ ᠴᠠᠷᠠᠭᠠᠨ ᠳᠠᠬᠢ ᠲᠡᠷᠢᠭᠦᠨ ᠤ ᠵᠢᠷᠤᠵᠤ ᠲᠥᠯᠥᠪᠯᠡᠬᠦ ᠣᠨᠤᠯᠵᠢᠬᠤᠨ ᠪᠠ ᠰᠢᠨ᠎ᠡ ᠡᠭᠦᠳᠦᠯᠲᠡ ᠲᠠᠢ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠣ ᠠᠪᠴᠢᠷᠠᠬᠤ ᠪᠠ ᠰᠢᠩᠭᠡᠭᠡᠨ ᠠᠪᠴᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠡᠶᠢᠨ ᠤ ᠴᠠᠭ ᠲᠠᠬᠢ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠬᠢᠭᠡᠳ ᠡᠩ ᠤᠨ ᠦᠶ᠎ᠡ ᠳᠤ ᠬᠡᠷᠡᠭᠯᠡᠬᠦ ᠶᠢᠨ ᠬᠤᠭᠤᠷᠣᠨᠳᠣᠬᠢ ᠬᠦᠴᠢᠷᠲᠠᠢ ᠠᠰᠠᠭᠤᠳᠠᠯ ᠢ ᠰᠢᠢᠳᠪᠦᠷᠢᠯᠡᠨ᠂ ᠲᠡᠶᠢᠨ ᠤ ᠴᠠᠭ ᠲᠤ ᠲᠣᠰᠠᠳᠠᠢ᠂ ᠡᠩ ᠤᠨ ᠦᠶ᠎ᠡ ᠳᠤ ᠬᠡᠷᠩᠴᠡᠭᠡ ᠲᠠᠢ ᠪᠠᠶᠢᠬᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠥᠯᠢᠭᠡᠷ ᠬᠡᠪ ᠢ ᠪᠣᠶ ᠪᠣᠯᠭᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠣᠬᠢᠷᠲᠤᠯ ᠥᠬᠡᠶ ᠪᠥᠲᠥᠭᠡᠨ ᠪᠠᠶᠢᠭᠤᠯᠤᠯᠲᠠ᠂ ᠣᠶᠤᠨᠴᠢᠯᠠᠭᠰᠠᠨ ᠬᠡᠷᠡᠭᠯᠡᠯᠲᠡ᠂ ᠲᠣᠭᠠᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠂ ᠪᠥᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠵᠢᠯᠣᠭᠤᠳᠬᠤ ᠪᠠ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶      4 . ᠭᠤᠤᠯᠳᠠᠯᠭ᠎ᠠ ᠪᠣᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ ᠭᠠᠵᠠᠷ ᠣᠷᠣᠨ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠯᠥᠪᠵᠢᠭᠦᠯᠭᠡ ᠶᠣᠰᠣᠭᠠᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠣᠨᠳᠣᠣ ᠭᠠᠵᠠᠷ ᠲᠤ ᠪᠦᠲᠦᠭᠡᠨ ᠪᠠᠶᠢᠭᠤᠯᠬᠤ ᠶᠢ ᠬᠤᠲᠠ ᠶᠢᠨ ᠪᠦᠲᠦᠭᠡᠨ ᠪᠠᠶᠢᠭᠤᠯᠤᠯᠲᠠ ᠯᠤᠭ᠎ᠠ ᠤᠶᠠᠯᠳᠤᠭᠤᠯᠬᠤ ᠶᠢ ᠢᠳᠡᠪᠬᠢᠲᠡᠶ ᠠᠬᠢᠭᠤᠯᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠲᠥᠷᠥᠯ ᠵᠦᠢᠯ ᠢ ᠡᠮᠬᠢᠯᠡᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠨᠢ ᠪᠦᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠣᠯᠬᠤ ᠲᠥᠷᠥᠯ ᠵᠦᠢᠯ ᠤᠨ ᠬᠥᠮᠥᠷᠭᠡ ᠶᠢ ᠲᠦᠷᠦᠭᠦᠯᠡᠨ ᠪᠠᠶᠢᠭᠤᠯᠤᠨ᠎ᠠ᠃ ᠡᠯ᠎ᠡ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠢ ᠣᠨᠳᠣᠣ ᠭᠠᠵᠠᠷ ᠲᠤ ᠪᠦᠲᠦᠭᠡᠨ ᠪᠠᠶᠢᠭᠤᠯᠬᠤ ᠶᠢ ᠬᠡᠷᠡᠭᠵᠢᠭᠦᠯᠬᠦ ᠶᠢᠨ ᠭᠤᠣᠯ ᠴᠣᠭᠴᠠ ᠪᠣᠯᠤᠨ᠎ᠠ᠃ 2022 ᠣᠨ ᠠᠴᠠ ᠡᠬᠢᠯᠡᠨ᠂ ᠡᠯ᠎ᠡ ᠭᠠᠵᠠᠷ ᠣᠷᠣᠨ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠤᠨᠳᠤᠤ ᠭᠠᠵᠠᠷ ᠲᠤ ᠪᠥᠲᠥᠭᠡᠨ ᠪᠠᠶᠢᠭᠤᠯᠬᠤ ᠳᠤ ᠴᠥᠮ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠬᠡᠪ ᠥᠯᠢᠭᠡᠷ ᠪᠣᠯᠭᠠᠨ ᠵᠣᠬᠢᠶᠠᠨ ᠪᠠᠶᠢᠭᠤᠯᠵᠤ ᠪᠥᠲᠥᠭᠡᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶      ︵ᠬᠤᠶᠠᠷ︶ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃      1 . ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠤᠨ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠬᠤ ᠬᠦᠷᠢᠶ᠎ᠡ ᠴᠠᠷᠠᠭᠠᠨ ᠤ ᠳᠠᠪᠰᠢᠩᠭᠤᠢ ᠣᠨᠤᠯᠵᠢᠬᠤᠨ ᠪᠠ ᠰᠢᠨ᠎ᠡ ᠮᠡᠷᠭᠡᠵᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠠ ᠰᠢᠩᠭᠡᠭᠡᠨ ᠠᠪᠴᠤ᠂ ᠲᠣᠰ ᠭᠠᠵᠠᠷ ᠣᠷᠣᠨ ᠤ ᠪᠣᠳᠠᠲᠠᠶ ᠳᠤ ᠨᠡᠶᠢᠴᠡᠭᠰᠡᠨ ᠰᠡᠷᠭᠡᠶᠢᠯᠡᠵᠦ ᠬᠠᠮᠠᠭᠠᠯᠠᠬᠤ ︵ᠬᠢᠮᠢ ᠶᠢᠨ ᠰᠡᠷᠭᠡᠶᠢᠯᠡᠯᠲᠡ︶ ᠲᠥᠬᠦᠭᠡᠷᠦᠮᠵᠢ ᠦᠢᠯᠡᠳᠪᠦᠷᠢᠯᠡᠬᠦ ᠤᠷᠠᠯᠠᠯ ᠮᠡᠷᠬᠡᠰᠢᠯ ᠪᠠ ᠪᠣᠬᠢᠷᠲᠤᠯ ᠥᠬᠡᠶ ᠪᠠᠶᠢᠭᠤᠯᠬᠤ ᠮᠡᠷᠭᠡᠵᠢᠯ ᠢ ᠬᠥᠭᠵᠢᠭᠦᠯᠵᠦ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠪᠠ ᠲᠣᠮᠣ ᠳ᠋ᠠᠶᠢᠲ᠋ᠠ᠂ ᠪᠣᠳᠠᠰᠯᠢᠭ ᠬᠤᠯᠪᠣᠭᠠᠲᠤ ᠰᠦᠯᠵᠢᠶ᠎ᠡ᠂ 5G ᠵᠡᠷᠭᠡ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠬᠡᠷᠡᠭᠯᠡᠯᠲᠡ᠂ ᠬᠠᠮᠠᠭᠠᠯᠠᠯᠲᠠ ᠶᠢᠨ ᠪᠥᠬᠦ ᠦᠶᠡᠯᠡᠯ ᠤᠨ ᠬᠤᠭᠤᠴᠠᠭ᠎ᠠ᠂ ᠪᠥᠬᠦ ᠶᠠᠪᠤᠴᠠ ᠶᠢᠨ ᠲᠣᠭᠠᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠰᠡᠷᠭᠡᠶᠢᠯᠡᠨ ᠬᠠᠮᠠᠭᠠᠯᠠᠬᠤ ︵ᠬᠢᠮᠢ ᠶᠢᠨ ᠰᠡᠷᠭᠡᠶᠢᠯᠡᠯᠲᠡ︶ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ ᠤᠨ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠰᠤᠳᠤᠯᠤᠨ ᠨᠡᠭᠡᠭᠡᠬᠦ ᠪᠠ ᠣᠷᠣᠭᠤᠯᠵᠤ ᠠᠪᠴᠢᠷᠠᠬᠤ ᠶᠢ ᠨᠢ ᠬᠥᠲᠥᠯᠥᠨ ᠵᠢᠯᠣᠭᠤᠳᠴᠤ᠂ ᠦᠷ᠎ᠡ ᠪᠦᠲᠦᠭᠡᠯ ᠤᠨ ᠤᠯᠠᠷᠢᠭᠤᠯᠤᠨ ᠬᠡᠷᠡᠭᠯᠡᠬᠦ ᠶᠢ ᠴᠢᠩᠭᠠᠷᠠᠭᠤᠯᠤᠨ᠂ ᠤᠷᠠᠯᠠᠯ ᠮᠡᠷᠭᠡᠰᠢᠯ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶      2 . ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠳᠠᠶᠢᠨ ᠤ ᠴᠠᠭ ᠲᠠᠬᠢ ᠴᠢᠳᠠᠮᠵᠢ᠂ ᠰᠡᠷᠭᠡᠶᠢᠯᠡᠨ ᠬᠠᠮᠠᠭᠠᠯᠠᠬᠤ ᠵᠡᠷᠭᠡ ᠳᠡᠰ᠂ ᠡᠩ ᠤᠨ ᠦᠶ᠎ᠡ ᠪᠠ ᠳᠠᠶᠢᠨ ᠤ ᠴᠠᠭ ᠲᠤ ᠰᠤᠯᠢᠵᠤ ᠬᠡᠷᠩᠯᠡᠭᠦ ᠠᠷᠭ᠎ᠠ ᠬᠡᠮᠵᠢᠶ᠎ᠡ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠪ ᠵᠠᠭᠪᠤᠷ ᠬᠢᠭᠡᠳ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠪᠠ ᠰᠢᠯᠭᠠᠨ ᠠᠪᠬᠤ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠳᠤ ᠣᠷᠣᠯᠠᠨ ᠪᠠᠶᠢᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠣᠷᠣᠯᠠᠨ ᠪᠠᠶᠢᠭᠤᠯᠬᠤ ᠲᠦᠷᠢᠮ ᠢ ᠬᠡᠷᠡᠭᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠠᠮᠢᠶᠠᠷᠴᠤ᠂ ᠲᠥᠷᠥᠯ ᠵᠦᠢᠯ ᠤᠨ ᠪᠥᠲᠥᠭᠡᠨ ᠪᠠᠶᠢᠭᠤᠯᠬᠤ ᠲᠠᠯ᠎ᠠ ᠪᠠᠷ ᠬᠢ ᠠᠷᠢᠭᠤᠨ ᠴᠢᠬᠡᠴᠢ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠲᠠᠰ ᠳᠠᠷᠠᠭᠠᠯᠠᠯ ᠨᠢ ᠵᠢᠷᠤᠮᠵᠢᠯ ᠲᠠᠢ ᠪᠠᠶᠢᠬᠤ᠂ ᠶᠠᠰᠤ ᠴᠢᠨᠠᠷ ᠢ ᠨᠢ ᠡᠵᠡᠮᠳᠡᠵᠦ ᠪᠣᠯᠬᠤ᠂ ᠠᠮᠤᠷ ᠲᠦᠪᠰᠢᠨ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶      3 . ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠡᠩ ᠤᠨ ᠦᠶ᠎ᠡ ᠶᠢᠨ ᠬᠡᠷᠡᠭᠯᠡᠯᠲᠡ ᠶᠢ ᠰᠤᠷᠭᠠᠭᠤᠯᠢ ᠪᠠ ᠡᠮᠨᠡᠯᠭᠡ ᠶᠢᠨ ᠬᠤᠷᠢᠶᠠᠨ ᠤ ᠡᠳᠦᠷ ᠲᠤᠲᠤᠮ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠠᠮᠤᠷ ᠲᠦᠪᠰᠢᠨ ᠤ ᠵᠠᠰᠠᠯᠲᠠ ᠶᠢᠨ ᠬᠦᠷᠢᠶ᠎ᠡ ᠬᠡᠪᠴᠢᠶᠡᠨ ᠳᠤ ᠣᠷᠤᠭᠤᠯᠤᠨ᠂ ᠨᠢᠭᠡᠳᠦᠯᠲᠡᠶ ᠪᠠᠷ ᠠᠮᠤᠷ ᠲᠦᠪᠰᠢᠨ ᠤ ᠬᠠᠮᠢᠶᠠᠷᠤᠯᠲᠠ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠪᠠ ᠭᠠᠯ ᠤᠨ ᠠᠶᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠵᠤ᠂ ᠡᠩ ᠤᠨ ᠦᠶ᠎ᠡ ᠳᠤ ᠬᠡᠷᠡᠭᠯᠡᠬᠦ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠦᠨ᠎ᠡ᠃ ᠢᠯᠠᠩᠭᠤᠶ᠎ᠠ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠰᠤᠷᠭᠠᠭᠤᠯᠢ ᠳᠤ ᠴᠢᠭᠯᠡᠭᠦᠯᠦᠨ᠂ ᠤᠶᠤᠨᠴᠢ ᠪᠠᠷ ᠺᠠᠷᠲ ᠰᠢᠷᠪᠢᠬᠦ᠂ ᠣᠷᠣᠨ ᠪᠠᠶᠢᠷᠢ ᠶᠢᠨ ᠮᠡᠳᠡᠭᠡ ᠵᠠᠩᠭᠢ ᠶᠢ ᠬᠠᠷᠢᠭᠤ ᠲᠤᠰᠬᠠᠬᠤ᠂ ᠲᠡᠷᠭᠡ ᠬᠥᠰᠬᠡ ᠶᠢᠨ ᠣᠷᠣᠵᠤ ᠭᠠᠷᠬᠤ ᠶᠢ ᠢᠯᠭᠠᠨ ᠲᠠᠨᠢᠬᠤ ᠵᠡᠷᠭᠡ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠢ ᠠᠭᠤᠰᠤᠯᠴᠠᠭᠤᠯᠵᠤ᠂ ᠰᠤᠷᠭᠠᠭᠤᠯᠢ ᠶᠢᠨ ᠬᠦᠷᠢᠶᠡᠨ ᠳᠠᠬᠢ ᠭᠠᠵᠠᠷ ᠳᠤᠤᠷᠠᠬᠢ ᠲᠤᠰᠴᠤ ᠬᠦᠷᠭᠡᠬᠦ ᠣᠶᠣᠨᠯᠢᠭ ᠰᠢᠰᠲ᠋ᠧᠮ ᠢ ᠰᠣᠳᠤᠯᠤᠨ ᠨᠡᠭᠡᠭᠡᠵᠦ ᠬᠡᠷᠡᠭᠯᠡᠨ᠂ ᠭᠠᠵᠠᠷ ᠳᠤᠤᠷᠠᠬᠢ ᠲᠤᠰᠴᠤ ᠬᠦᠷᠭᠡᠬᠦ ᠳᠤ ᠶᠠᠪᠤᠵᠤ ᠵᠤᠷᠴᠢᠬᠤ ᠵᠠᠮ ᠱᠤᠭᠤᠮ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠲᠣᠭᠤᠷᠢᠭ ᠬᠤᠪᠢᠶᠠᠨ ᠲᠤᠰᠴᠤ ᠬᠦᠷᠭᠡᠬᠦ ᠶᠢ ᠬᠦᠯᠢᠶᠡᠬᠦ᠂ ᠳᠠᠩ ᠴᠢᠭᠯᠡᠯ ᠤᠨ ᠵᠠᠮ ᠢᠶᠠᠷ ᠬᠥᠮᠦᠨ ᠪᠠ ᠲᠡᠷᠭᠡ ᠶᠢ ᠰᠠᠯᠤᠩᠬᠢᠲᠠ ᠶᠠᠪᠤᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠳᠥᠭᠦᠮ ᠲᠦᠷᠭᠡᠨ ᠪᠥᠭᠡᠳ ᠡᠮᠬᠢ ᠵᠢᠷᠤᠮ ᠲᠠᠢ ᠠᠮᠤᠷ ᠲᠦᠪᠰᠢᠨ ᠢᠶᠠᠷ ᠲᠤᠰᠴᠤ ᠬᠦᠷᠭᠡᠬᠦ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠬᠠᠷᠢᠭᠤᠴᠠᠨ᠎ᠠ︶      ︵ᠭᠤᠷᠪᠠ︶ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ᠎ᠡ᠃      1 . ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠬᠡᠷᠡᠭᠯᠡᠯᠲᠡ ᠪᠠ ᠬᠠᠮᠠᠭᠠᠯᠠᠯᠲᠠ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠡᠷᠬᠡ ᠪᠠ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠪᠠ ᠵᠡᠷᠭᠡ ᠳᠤ ᠨᠢ ᠠᠳᠬᠤᠨ ᠬᠠᠮᠲᠤ ᠪᠠᠷ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠡᠷᠡᠭᠯᠡᠬᠦ ᠪᠠ ᠬᠠᠮᠠᠭᠠᠯᠠᠵᠤ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠡᠯᠡᠳᠬᠡᠮᠵᠢ ᠶᠢ ᠬᠡᠷᠡᠭᠯᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠭᠡᠯᠭᠡᠨ᠎ᠡ᠃ ᠡᠯ᠎ᠡ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ︽ᠬᠡᠨ ᠬᠡᠷᠡᠭᠯᠡᠪᠡᠯ ᠲᠡᠷᠡ ᠬᠠᠮᠠᠭᠠᠯᠠᠬᠤ︾ ᠵᠠᠷᠴᠢᠮ ᠶᠣᠰᠣᠭᠠᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠡᠳᠦᠷ ᠲᠤᠲᠤᠮ ᠤᠨ ᠬᠡᠷᠡᠭᠯᠡᠯᠲᠡ ᠪᠠ ᠬᠠᠮᠠᠭᠠᠯᠠᠯᠲᠠ ᠳᠠᠬᠢ ᠬᠠᠮᠢᠶᠠᠷᠤᠯᠲᠠ ᠪᠠᠨ ᠴᠢᠩᠭᠠᠳᠬᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠡᠷᠡᠭᠯᠡᠬᠦ ᠨᠢᠭᠡᠴᠢ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠩ ᠤᠨ ᠦᠶ᠎ᠡ ᠳᠤ ᠬᠡᠷᠡᠭᠯᠡᠬᠦ ᠦᠨᠡᠮᠯᠡᠯ ᠢ ᠭᠤᠶᠤᠴᠢᠯᠠᠨ ᠠᠪᠬᠤ ᠶᠢᠨ ᠬᠠᠮᠲᠤ᠂ ᠬᠡᠷᠡᠭᠯᠡᠬᠦ ᠵᠥᠪᠳᠡᠯᠴᠡᠬᠡᠷ ᠲᠣᠭᠲᠠᠵᠤ᠂ ᠬᠠᠮᠠᠭᠠᠯᠠᠵᠤ ᠬᠠᠮᠢᠶᠠᠷᠬᠤ ᠬᠠᠷᠢᠭᠤᠴᠠᠯᠭ᠎ᠠ᠂ ᠳᠠᠶᠢᠨ ᠤ ᠴᠠᠭ ᠲᠠᠬᠢ ᠡᠭᠦᠷᠭᠡ᠂ ᠭᠡᠷ᠎ᠡ ᠠᠴᠠ ᠵᠥᠷᠢᠴᠡᠭᠰᠡᠨ ᠤ ᠬᠠᠷᠢᠭᠤᠴᠠᠯᠭ᠎ᠠ ᠵᠡᠷᠭᠡ ᠵᠦᠢᠯᠡᠰ ᠢ ᠲᠣᠳᠣᠷᠬᠠᠢ ᠲᠣᠭᠲᠠᠭᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠬᠡᠷᠡᠭᠯᠡᠯᠲᠡ ᠪᠠ ᠬᠠᠮᠠᠭᠠᠯᠠᠯᠲᠠ ᠬᠠᠮᠢᠶᠠᠷᠤᠯᠲᠠ ᠶᠢᠨ ᠵᠢᠷᠤᠮᠵᠢᠯ ᠲᠠᠢ ᠡᠮᠬᠢ ᠳᠠᠷᠠᠭᠠᠯᠠᠯ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ ᠬᠠᠷᠢᠭᠤᠴᠠᠨ᠎ᠠ︶      2 . ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠣᠨᠳᠣᠣ ᠭᠠᠵᠠᠷ ᠲᠤ ᠪᠦᠲᠦᠭᠡᠨ ᠪᠠᠶᠢᠭᠤᠯᠬᠤ ᠵᠠᠷᠤᠳᠠᠯ ᠤᠨ ᠲᠥᠰᠦᠪ ᠤᠨ ᠬᠠᠮᠢᠶᠠᠷᠤᠯᠲᠠ ᠪᠠᠨ ᠴᠢᠩᠭᠠᠳᠬᠠᠵᠤ᠂ ᠣᠨᠳᠣᠣ ᠭᠠᠵᠠᠷ ᠲᠤ ᠪᠦᠲᠦᠭᠡᠨ ᠪᠠᠶᠢᠭᠤᠯᠬᠤ ᠲᠥᠷᠥᠯ ᠵᠦᠢᠯ ᠤᠨ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠪᠠᠲᠤᠯᠠᠭ᠎ᠠ ᠶᠢᠨ ᠬᠡᠪᠴᠢᠶᠡᠨ ᠳᠤ ᠬᠠᠤᠯᠢ ᠶᠣᠰᠣᠭᠠᠷ ᠣᠷᠣᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠬᠤ ᠲᠥᠯᠥᠪᠯᠡᠭᠡ᠂ ᠠᠬᠢᠴᠠ ᠪᠠ ᠵᠣᠭᠤᠰ ᠬᠡᠷᠡᠭᠯᠡᠬᠦ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠣᠨ ᠬᠤᠪᠢᠶᠠᠨ ᠵᠠᠷᠤᠳᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠡᠯ᠎ᠡ ᠭᠠᠵᠠᠷ ᠣᠷᠣᠨ ᠨᠢ ᠪᠡᠯᠡ ᠣᠷᠤᠭᠤᠯᠬᠤ ᠠᠵᠢᠯᠯᠠᠭᠠᠨ ᠤ ᠲᠣᠭᠲᠠᠴᠠ ᠳᠤ ᠢᠳᠡᠪᠬᠢᠲᠡᠶ ᠪᠠᠷ ᠰᠢᠨ᠎ᠡ ᠶᠢ ᠡᠭᠦᠳᠴᠦ᠂ ᠨᠡᠶᠢᠭᠡᠮ ᠤᠨ ᠬᠥᠷᠥᠩᠭᠡ ᠶᠢᠨ ᠲᠤᠰᠠᠭᠠᠷ ᠪᠡᠯᠡ ᠣᠷᠣᠭᠤᠯᠬᠤ᠂ ᠪᠡᠯᠡ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠪᠠ ᠰᠡᠷᠭᠡᠶᠢᠯᠡᠯᠲᠡ ᠲᠣᠬᠢᠷᠠᠭᠤᠯᠬᠤ ᠶᠢ ᠬᠠᠮᠳᠣ ᠳᠤ ᠨᠢ ᠬᠠᠷᠠᠭᠠᠯᠵᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠲᠥᠷᠥᠯ ᠵᠦᠢᠯ ᠲᠣᠭᠲᠠᠭᠠᠬᠤ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠨᠢ ᠳᠦᠭᠦᠮᠴᠢᠯᠡᠵᠦ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠬᠠᠷᠢᠭᠤᠴᠠᠨ᠎ᠠ︶᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠤᠴᠢᠷ ᠠᠴᠠ᠂ ᠬᠤᠲᠠ ᠶᠢᠨ ᠶᠡᠷᠦᠩᠬᠡᠶ ᠴᠣᠭᠴᠠ ᠶᠢᠨ ᠡᠪᠳᠡᠯᠡᠭᠳᠡᠬᠦ ᠠᠴᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠠ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠲᠠᠯ᠎ᠠ ᠠᠴᠠ ᠪᠣᠳᠣᠯᠬᠢᠯᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠣᠯᠳᠠᠯᠭ᠎ᠠ ᠲᠠᠢ᠂ ᠬᠦᠴᠢᠷ ᠲᠠᠢ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠥᠨᠳᠥᠷ ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠨ᠎ᠠ᠃      ︵ᠬᠤᠶᠠᠷ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠴᠠᠭᠤᠯᠵᠤ ᠬᠠᠮᠵᠢᠯᠴᠠᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠣᠨᠳᠣᠣ ᠭᠠᠵᠠᠷ ᠲᠤ ᠪᠦᠲᠦᠭᠡᠨ ᠪᠠᠶᠢᠭᠤᠯᠬᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠳᠤ ᠣᠷᠣᠭᠤᠯᠬᠤ ᠶᠢ ᠬᠦᠴᠦᠲᠠᠢ ᠳᠡᠮᠵᠢᠬᠦ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠤᠨᠳᠤᠤ ᠭᠠᠵᠠᠷ ᠲᠤ ᠪᠥᠲᠥᠭᠡᠨ ᠪᠠᠶᠢᠭᠤᠯᠬᠤ ᠲᠥᠷᠥᠯ ᠵᠦᠢᠯ ᠤᠨ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠬᠤ ᠲᠤᠰᠬᠠᠶ ᠲᠥᠯᠥᠪᠵᠢᠭᠦᠯᠭᠡ ᠶᠢᠨ ᠭᠤᠣᠯ ᠪᠣᠯᠬᠤ ᠠᠭᠤᠯᠭ᠎ᠠ ᠶᠢ ᠴᠠᠭ ᠲᠤᠬᠠᠶ ᠳᠤ ᠨᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠠᠷᠢᠨ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠠᠴᠠ ᠪᠡᠯᠡ ᠣᠷᠤᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠳᠤ ᠣᠷᠣᠯᠠᠨ ᠪᠠᠶᠢᠭᠤᠯᠬᠤ ᠳᠦᠷᠢᠮ ᠢ ᠬᠡᠷᠡᠭᠵᠢᠭᠦᠯᠬᠦ ᠪᠠᠨ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠡᠩ ᠤᠨ ᠦᠶ᠎ᠡ ᠳᠠᠬᠢ ᠲᠡᠷᠭᠡ ᠵᠣᠭᠰᠣᠭᠠᠬᠤ ᠪᠡᠯᠡᠳᠬᠡᠮᠵᠢ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠬᠤ ᠬᠡᠷᠡᠭᠲᠡᠶ︔ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠪᠠ ᠨᠢᠭᠡᠨᠲᠡ ᠪᠠᠶᠢᠭᠤᠯᠤᠭᠰᠠᠨ ᠰᠤᠷᠭᠠᠭᠤᠯᠢ᠂ ᠡᠮᠨᠡᠯᠭᠡ ᠶᠢᠨ ᠬᠤᠷᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠬᠠᠮᠵᠢᠯᠴᠠᠨ ᠠᠬᠢᠭᠤᠯᠬᠤ ᠬᠡᠷᠡᠭᠲᠡᠶ︔ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠤᠷ ᠢ ᠬᠠᠮᠠᠭᠠᠯᠠᠬᠤ ᠡᠮᠬᠢ ᠳᠢᠭᠯᠢᠮ ᠢ ᠬᠠᠮᠠᠭᠠᠯᠠᠬᠤ᠂ ᠭᠠᠯ ᠤᠨ ᠠᠶᠤᠯ ᠢ ᠰᠡᠷᠭᠡᠶᠢᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠡᠩ ᠤᠨ ᠦᠶ᠎ᠡ ᠳᠤ ᠬᠡᠷᠡᠭᠯᠡᠬᠦ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃      ︵ᠭᠤᠷᠪᠠ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠨᠢ ᠡᠯ᠎ᠡ ᠭᠠᠵᠠᠷ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ᠂ ᠮᠡᠷᠭᠡᠵᠢᠯ ᠤᠨ ᠵᠢᠯᠣᠭᠤᠳᠤᠯᠭ᠎ᠠ ᠬᠢᠬᠦ ᠪᠠ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠠᠵᠢᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠨᠡ ᠬᠦ ᠠᠵᠢᠯ ᠢᠶᠠᠨ ᠰᠢᠨ᠎ᠡ ᠶᠢ ᠡᠭᠦᠳᠬᠦ ᠴᠢᠨᠠᠷᠲᠠᠶ ᠠᠵᠢᠯ ᠪᠣᠯᠭᠠᠨ ᠰᠠᠶᠢᠲᠤᠷ ᠪᠦᠭᠡᠳ ᠪᠣᠳᠠᠲᠠᠶ ᠠᠳᠬᠤᠨ᠂ ᠭᠤᠣᠯ ᠤᠳᠤᠷᠢᠳᠤᠯᠭ᠎ᠠ ᠨᠢ ᠪᠡᠶ᠎ᠡ ᠪᠠᠷ ᠢᠶᠠᠨ ᠰᠡᠳᠭᠢᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠤᠨ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠠᠳᠠᠯᠢ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠴᠡᠷᠢᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠠᠴᠠ ᠪᠠᠨ ᠬᠠᠷᠢᠭᠤ ᠮᠡᠳᠡᠭᠦᠯᠵᠦ᠂ ᠳᠡᠮᠵᠢᠯᠭᠡ ᠤᠯᠬᠤ ᠪᠠᠷ ᠢᠳᠡᠪᠬᠢᠲᠡᠢ ᠴᠢᠷᠮᠠᠶᠢᠬᠤ ᠬᠡᠷᠡᠭᠲᠡᠢ᠃      ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠨ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠂ ᠢᠯᠠᠩᠭᠤᠶ᠎ᠠ ᠵᠢᠱᠢᠶ᠎ᠡ ᠦᠵᠡᠭᠦᠯᠬᠦ ᠦᠢᠯᠡᠳᠦᠯ ᠢᠶᠠᠷ ᠴᠢᠩᠭ᠎ᠠ᠂ ᠰᠢᠨ᠎ᠡ ᠶᠢ ᠡᠭᠦᠳᠣᠨ ᠬᠥᠭᠵᠢᠭᠦᠯᠦᠭᠰᠡᠨ ᠦᠷ᠎ᠡ ᠪᠦᠲᠦᠮᠵᠢ ᠨᠢ ᠢᠯᠡᠷᠬᠡᠶ ᠲᠥᠷᠥᠯ ᠵᠦᠢᠯ ᠢ ᠶᠡᠭᠡ ᠪᠠᠷ ᠤᠬᠠᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠨᠢᠭᠲᠠ ᠣᠯᠠᠨ ᠨᠡᠶᠢᠲᠡ ᠶᠢᠨ ᠲᠠᠯᠠᠪᠤᠷ ᠭᠠᠵᠠᠷ ᠤᠨ ᠭᠠᠵᠠᠷ ᠳᠣᠣᠷᠠᠬᠢ ᠣᠷᠣᠨ ᠵᠠᠶ ᠶᠢ ᠨᠡᠭᠡᠭᠡᠵᠦ ᠠᠰᠢᠭᠯᠠᠬᠤ ᠶᠢ ᠠᠭᠤᠰᠤᠯᠴᠠᠭᠤᠯᠵᠤ ᠬᠥᠭᠵᠢᠭᠦᠯᠦᠭᠰᠡᠨ ᠲᠠᠯ᠎ᠠ ᠶᠢᠨ ᠳᠡᠯᠭᠡᠷᠡᠭᠦᠯᠵᠦ ᠪᠣᠯᠬᠤᠶᠢᠴᠠ᠂ ᠳᠠᠭᠤᠷᠢᠶᠠᠵᠤ ᠪᠣᠯᠬᠤᠶᠢᠴᠠ ᠲᠤᠷᠰᠢᠯᠭ᠎ᠠ ᠶᠢ ᠴᠠᠭ ᠲᠤᠬᠠᠢ ᠳᠤ ᠨᠢ ᠳ᠋ᠦᠩᠨᠡᠬᠦ ᠬᠡᠷᠡᠭᠲᠡᠶ᠃                                                            2021 ᠣᠨ ᠤ 12 ᠳ᠋ᠤᠭᠠᠷ ᠰᠠᠷ᠎ᠠ ᠶᠢᠨ 3 ᠤ ᠡᠳᠦᠷ                                                                         ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                    2021 ᠣᠨ ᠤ 12 ᠳ᠋ᠤᠭᠠᠷ ᠰᠠᠷ᠎ᠠ ᠶᠢᠨ 6 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ