3 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠥᠪᠡᠰᠦᠪᠡᠨ ᠪᠠᠶᠢᠴᠠᠭᠠᠭᠰᠠᠨ ᠪᠠ ᠱᠠᠯᠠᠪᠳᠠᠭᠤᠯᠤᠨ | ᠵᠢᠯᠣᠭᠤᠳᠴᠤ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠦᠭᠡᠷᠡᠴᠢᠯᠡᠬᠦ | ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ | ᠬᠤᠸᠠ ᠬᠤᠷᠠᠯ ᠳᠤ ᠣᠷᠣᠯᠴᠠᠵᠠᠶ᠃ | ᠬᠤᠷᠠᠯ ᠠᠴᠠ᠂ ᠨᠡᠬᠡᠬᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠪᠣᠯ ᠨᠡᠭᠡᠭᠡᠯᠳᠡ ᠶᠢᠨ ᠲᠤᠭᠤᠷᠢᠭ ᠤᠨ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ ᠠᠬᠢᠭᠤᠯᠬᠤ ᠬᠦᠴᠦᠲᠡᠢ ᠠᠷᠭ᠎ᠠ | ᠬᠡᠮᠵᠢᠶ᠎ᠡ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠠᠵᠢᠯᠯᠠᠭ᠎ᠠ ᠶᠢᠨ ᠤᠬᠠᠮᠰᠠᠷ ᠢᠶᠠᠷ ᠨᠡᠬᠡᠬᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠡᠭᠡᠭᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠳᠠᠶᠢᠴᠢᠯᠠᠯᠲᠠ᠂ ᠥᠪᠡᠰᠦᠪᠡᠨ ᠪᠠᠶᠢᠴᠠᠭᠠᠬᠤ᠂ | ᠬᠠᠷᠭᠤᠭᠤᠯᠤᠨ ᠪᠠᠶᠢᠴᠠᠭᠠᠬᠤ ᠱᠠᠲᠤ ᠶᠢ ᠦᠩᠬᠡᠷᠡᠭᠡᠭᠡᠳ ᠲᠤᠰᠬᠠᠶ ᠴᠡᠭᠴᠡᠯᠡᠨ ᠵᠠᠰᠠᠬᠤ ᠱᠠᠲᠤᠨ ᠳᠤ ᠣᠷᠣᠪᠠ᠃ ᠲᠤᠰᠢᠶᠠᠯ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢ ᠪᠣᠳᠠᠲᠠᠶᠢᠵᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ | ᠵᠠᠳᠠᠯᠤᠭᠰᠠᠨ ᠠᠰᠠᠭᠤᠳᠠᠯ ᠤᠨ ᠨᠠᠷᠢᠨ ᠲᠠᠩᠰᠠ ᠶᠢ ᠬᠠᠷᠢᠭᠤᠴᠠᠯᠭᠠᠲᠤ ᠰᠠᠯᠠᠭ᠎ᠠ ᠮᠥᠴᠢᠷ᠂ ᠬᠠᠷᠢᠭᠤᠴᠠᠯᠭᠠᠳᠤ ᠬᠦᠮᠦᠨ ᠳᠤ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠮᠢᠶᠠᠷᠬᠤ ᠬᠥᠮᠦᠨ ᠲᠠᠢ᠂ ᠨᠠᠶᠢᠳᠠᠪᠤᠷᠢᠵᠢᠭᠤᠯᠵᠤ ᠳᠡᠶᠢᠯᠬᠦ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ | ᠵᠠᠩᠭᠢᠯᠠᠭ᠎ᠠ ᠶᠢᠨ ᠠᠰᠠᠭᠤᠳᠠᠯ ᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠨᠠᠷᠢᠨ ᠲᠠᠩᠰᠠ ᠶᠢ ᠡᠮᠬᠢᠯᠡᠵᠦ᠂ ᠪᠦᠬᠦ | ᠠᠰᠠᠭᠤᠳᠠᠯ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠪᠠᠷ ᠲᠦᠷᠢᠮ ᠢ ᠲᠡᠭᠦᠯᠳᠡᠷᠵᠢᠭᠦᠯᠦᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠢᠶᠠᠷᠤᠯᠲᠠ ᠶᠢᠨ ᠳᠤᠲᠠᠭᠳᠠᠯ ᠢ ᠦᠨᠡᠨ ᠬᠦ ᠨᠥᠬᠦᠪᠥᠷᠢᠯᠡᠵᠦ᠂ | ᠲᠦᠷᠢᠮ ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ |