ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2022/3/22
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ      ᠥᠪᠥᠷ ᠵᠠᠰᠠᠭ ᠠᠯᠪᠠᠨ ᠲᠠᠷᠬᠠᠭᠠᠭᠰᠠᠨ ﹇2021﹈ 95 ᠳ᠋ᠤᠭᠠᠷ ᠲᠣᠭᠠᠲᠤ      ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ ︵ᠲᠥᠷᠥ ᠠᠯᠪᠠᠨ ᠲᠠᠷᠬᠠᠭᠠᠭᠰᠠᠨ ﹇2021﹈ 7 ᠳ᠋ᠤᠭᠠᠷ ᠲᠣᠭᠠᠲᠤ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠᠨ ᠲᠦᠷᠭᠡᠳᠬᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠤᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠦᠭᠦᠷᠭᠡᠨ ᠪᠠᠬᠢᠯᠡᠯᠲᠡ︾ ᠶᠢ ᠲᠦᠷᠭᠡᠳᠬᠡᠨ ᠪᠠᠶᠢᠭᠤᠯᠬᠤ ᠯᠤᠭ᠎ᠠ ᠴᠢᠩᠭ᠎ᠠ ᠤᠶᠠᠯᠳᠤᠭᠤᠯᠤᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠠ ᠪᠣᠬᠢᠷᠲᠤᠯ ᠦᠭᠡᠢ ᠬᠦᠭᠵᠢᠭᠦᠯᠬᠦ ᠶᠢ ᠢᠮᠠᠭᠲᠠ ᠪᠠᠷᠢᠮᠲᠠᠯᠠᠵᠤ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠬᠦ ᠶᠢ ᠭᠤᠣᠯ ᠪᠣᠯᠭᠠᠬᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠴᠢᠭᠯᠡᠯᠲᠡ ᠶᠣᠰᠤᠭᠠᠷ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠪᠠᠨ ᠨᠢᠭᠡᠳᠦᠯᠲᠡᠢ ᠲᠥᠯᠥᠪᠵᠢᠭᠦᠯᠦᠨ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠲᠦᠷᠢᠮ ᠢᠶᠠᠨ ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠪᠠᠨ ᠴᠢᠩᠭᠠᠳᠬᠠᠬᠤ᠂ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠣᠭᠲᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠪᠠᠨ ᠠᠬᠢᠭᠤᠯᠬᠤ ᠪᠠᠷ ᠭᠤᠤᠯ ᠰᠢᠵᠢᠮ ᠪᠣᠯᠭᠠᠵᠤ᠂ ᠨᠤᠲᠤᠭ ᠪᠡᠯᠴᠢᠭᠡᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠡᠷᠴᠢᠮ ᠢ ᠴᠢᠩᠭᠠᠳᠬᠠᠵᠤ᠂ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠪᠠᠨ ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠢ ᠰᠠᠶᠢᠵᠢᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢᠵᠢᠭᠦᠯᠬᠦ ᠳᠤ ᠰᠠᠭᠤᠷᠢ ᠲᠠᠯᠪᠢᠨ᠎ᠠ᠃      2025 ᠤᠨ ᠪᠣᠯᠬᠤ ᠳᠤ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠲᠦᠷᠢᠮ ᠤᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ᠂ ᠮᠠᠯ ᠪᠡᠯᠴᠢᠭᠡᠷ ᠤᠨ ᠵᠥᠷᠢᠴᠡᠯ ᠢ ᠢᠯᠡᠳᠲᠡ ᠨᠠᠮᠳᠠᠭᠤᠯᠤᠨ᠂ ᠨᠤᠲᠤᠭ ᠪᠡᠯᠴᠢᠭᠡᠷ ᠮᠠᠭᠤᠳᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠵᠤ᠂ ᠪᠥᠬᠦ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠶᠡᠷᠦᠩᠬᠡᠶᠢᠯᠡᠭᠰᠡᠨ ᠬᠤᠴᠢᠯᠭ᠎ᠠ ᠶᠢ 45% ᠣᠷᠴᠢᠮ ᠳᠤ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ 2035 ᠣᠨ ᠪᠣᠯᠬᠤ ᠳᠤ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠲᠦᠷᠢᠮ ᠤᠨ ᠲᠣᠭᠲᠠᠯᠴᠠᠭ᠎ᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢᠲᠡᠶ ᠪᠠᠶᠢᠬᠤ ᠶᠢ ᠦᠨᠳᠦᠰᠦᠨ ᠳᠤ ᠪᠠᠨ ᠪᠡᠶᠡᠯᠡᠭᠦᠯᠦᠨ᠂ ᠲᠠᠴᠢᠷᠳᠠᠭᠰᠠᠨ ᠨᠤᠲᠤᠭ ᠪᠡᠯᠴᠢᠭᠡᠷ ᠢ ᠪᠦᠲᠦᠮᠵᠢᠲᠡᠶ ᠵᠠᠰᠠᠬᠤ ᠪᠠ ᠰᠡᠷᠭᠦᠭᠡᠵᠦ᠂ ᠪᠥᠬᠦ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠶᠡᠷᠦᠩᠬᠡᠶᠢᠯᠡᠭᠰᠡᠨ ᠬᠤᠴᠢᠯᠭ᠎ᠠ ᠶᠢ ᠦᠷᠭᠦᠯᠵᠢᠯᠡᠨ 45% ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠴᠢᠳᠠᠮᠵᠢ ᠪᠠ ᠦᠢᠯᠡᠳᠪᠦᠷᠢᠯᠡᠯ ᠤᠨ ᠴᠢᠳᠠᠮᠵᠢ ᠶᠢ ᠢᠯᠡᠳᠲᠡ ᠳᠡᠭᠡᠭᠰᠢᠯᠡᠭᠦᠯᠦᠨ᠎ᠡ᠃ ᠲᠣᠰ ᠵᠠᠭᠤᠨ ᠤ ᠳᠤᠮᠳᠠᠴᠢ ᠪᠣᠯᠬᠤ ᠳᠤ᠂ ᠲᠠᠴᠢᠷᠳᠠᠭᠰᠠᠨ ᠨᠤᠲᠤᠭ ᠪᠡᠯᠴᠢᠭᠡᠷ ᠢ ᠪᠥᠬᠦ ᠲᠠᠯ᠎ᠠ ᠪᠠᠷ ᠵᠠᠰᠠᠨ ᠰᠡᠷᠭᠦᠭᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠢ ᠰᠠᠶᠢᠨ ᠣᠷᠴᠢᠯ ᠲᠠᠢ ᠪᠣᠯᠭᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃      ᠬᠤᠶᠠᠷ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠰᠠᠭᠤᠷᠢᠨ ᠳᠡᠭᠡᠷ᠎ᠡ᠂ ᠪᠡᠯᠴᠢᠭᠡᠷ ᠤᠨ ᠭᠠᠵᠠᠷ ᠲᠠᠬᠢ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ ᠶᠢ ᠨᠢ ᠪᠠᠭᠠᠰᠬᠠᠬᠤ ᠦᠭᠡᠶ᠂ ᠴᠢᠨᠠᠷ ᠢ ᠨᠢ ᠪᠠᠭᠤᠷᠠᠭᠤᠯᠬᠤ ᠦᠭᠡᠶ᠂ ᠬᠡᠷᠡᠭᠴᠡᠭᠡ ᠶᠢ ᠨᠢ ᠬᠤᠪᠢᠷᠠᠭᠤᠯᠬᠤ ᠦᠭᠡᠶ ᠪᠠᠶᠢᠬᠤ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠦᠨᠳᠦᠰᠦᠨ ᠨᠤᠲᠤᠭ ᠪᠡᠯᠴᠢᠭᠡᠷ ᠲᠤ ᠬᠤᠪᠢᠶᠠᠷᠢᠯᠠᠨ ᠲᠣᠭᠲᠠᠭᠠᠵᠤ ᠲᠣᠬᠢᠷᠠᠭᠤᠯᠤᠯᠲᠠ ᠬᠢᠬᠦ ᠶᠢ ᠥᠷᠨᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠠ ᠴᠢᠬᠤᠯᠠ ᠠᠮᠢ ᠠᠬᠤᠶ ᠶᠢᠨ ᠴᠢᠳᠠᠮᠵᠢ ᠲᠠᠢ ᠨᠤᠲᠤᠭ ᠪᠡᠯᠴᠢᠭᠡᠷ ᠢ ᠴᠥᠮ ᠦᠨᠳᠦᠰᠦᠨ ᠨᠤᠲᠤᠭ ᠪᠡᠯᠴᠢᠭᠡᠷ ᠲᠤ ᠬᠤᠪᠢᠶᠠᠷᠢᠯᠠᠨ ᠣᠷᠣᠭᠤᠯᠬᠤ ᠶᠢᠨ ᠬᠠᠮᠲᠤ᠂ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ ᠶᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠪᠣᠯᠭᠠᠨ᠎ᠠ᠃ ᠦᠨᠳᠦᠰᠦᠨ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ ᠪᠠᠨ ᠴᠢᠩᠭ᠎ᠠ ᠬᠢᠵᠠᠭᠠᠷᠯᠠᠵᠤ᠂ ᠦᠨᠳᠦᠰᠦᠨ ᠨᠤᠲᠤᠭ ᠪᠡᠯᠴᠢᠭᠡᠷ ᠢ ᠨᠡᠭᠡᠭᠡᠨ ᠠᠰᠢᠭᠯᠠᠬᠤ ᠴᠢᠬᠤᠯᠠ ᠲᠠᠢ ᠪᠠᠶᠢᠪᠠᠯ᠂ ᠡᠵᠡᠯᠡᠵᠦ ᠬᠡᠷᠡᠭᠯᠡᠭᠰᠡᠨ ᠢ ᠨᠢ ᠨᠦᠬᠦᠪᠦᠷᠢᠯᠡᠵᠦ ᠲᠡᠩᠴᠡᠭᠦᠷᠢᠲᠡᠶ ᠪᠠᠶᠢᠯᠭᠠᠬᠤ ᠶᠢ ᠴᠢᠩᠭ᠎ᠠ ᠬᠡᠷᠡᠭᠵᠢᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠪᠤᠶᠤ ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠨᠢ ᠠᠳᠠᠯᠢ ᠲᠠᠯᠠᠪᠠᠶ᠂ ᠠᠳᠠᠯᠢ ᠴᠢᠨᠠᠷ ᠲᠠᠢ ᠦᠨᠳᠦᠰᠦᠨ ᠨᠤᠲᠤᠭ ᠪᠡᠯᠴᠢᠭᠡᠷ ᠢ ᠨᠦᠬᠦᠪᠦᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ ᠬᠠᠷᠢᠭᠤᠴᠠᠨ᠎ᠠ︶      ︵ᠬᠤᠶᠠᠷ︶ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠨᠢ ᠵᠣᠭᠰᠤᠭᠠᠨ ᠪᠡᠯᠴᠢᠭᠡᠷ ᠢᠶᠠᠨ ᠰᠡᠷᠭᠦᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠨᠦᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠯᠤᠭ᠎ᠠ ᠤᠶᠠᠯᠳᠤᠭᠤᠯᠤᠨ ᠬᠡᠷᠡᠭᠵᠢᠭᠦᠯᠵᠦ᠂ ᠬᠦᠨᠳᠦ ᠨᠣᠴᠢᠲᠠᠶ ᠲᠠᠴᠢᠷᠳᠠᠵᠤ ᠡᠯᠡᠰᠦᠷᠬᠡᠭᠵᠢᠭᠰᠡᠨ᠂ ᠪᠡᠯᠴᠢᠭᠡᠷᠯᠡᠭᠦᠯᠦᠨ ᠠᠰᠢᠭᠯᠠᠬᠤ ᠳᠤ ᠥᠯᠥ ᠲᠣᠬᠢᠷᠠᠬᠤ ᠲᠠᠴᠢᠷᠳᠠᠵᠤ ᠡᠯᠡᠰᠦᠷᠬᠡᠭᠵᠢᠭᠰᠡᠨ ᠬᠡᠮᠵᠢᠶ᠎ᠡ ᠨᠢ ᠳᠤᠮᠳᠠ ᠵᠡᠷᠭᠡ ᠪᠣᠯᠤᠭᠰᠠᠨ ᠪᠠ ᠪᠡᠯᠴᠢᠭᠡᠷᠯᠡᠭᠦᠯᠬᠦ ᠶᠢ ᠨᠢ ᠵᠣᠭᠰᠣᠭᠠᠬᠤ ᠴᠢᠬᠤᠯᠠ ᠲᠠᠢ ᠪᠤᠰᠤᠳ ᠨᠤᠲᠤᠭ ᠪᠡᠯᠴᠢᠭᠡᠷ ᠢᠶᠠᠨ ᠪᠡᠯᠴᠢᠭᠡᠷᠯᠡᠭᠦᠯᠬᠦ ᠶᠢ ᠨᠢ ᠵᠣᠭᠰᠣᠭᠠᠬᠤ ᠣᠷᠣᠨ ᠪᠣᠯᠭᠠᠨ ᠬᠤᠪᠢᠶᠠᠷᠢᠯᠠᠵᠤ᠂ ᠪᠡᠯᠴᠢᠭᠡᠷᠯᠡᠭᠦᠯᠬᠦ ᠶᠢ ᠨᠢ ᠵᠣᠭᠰᠣᠭᠠᠬᠤ ᠣᠷᠣᠨ ᠢ 5 ᠵᠢᠯ ᠳᠤ ᠨᠢᠭᠡ ᠤᠳᠠᠭ᠎ᠠ ᠬᠤᠪᠢᠶᠠᠷᠢᠯᠠᠨ ᠲᠣᠭᠲᠠᠭᠠᠨ᠎ᠠ᠃ ᠪᠡᠯᠴᠢᠭᠡᠷᠯᠡᠭᠦᠯᠬᠦ ᠶᠢ ᠨᠢ ᠵᠣᠭᠰᠣᠭᠠᠭᠰᠠᠨ ᠣᠷᠣᠨ ᠠᠴᠠ ᠪᠣᠰᠣᠳ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷ ᠥᠨᠵᠢᠭᠦᠯᠬᠦ ᠳᠦᠷᠢᠮ ᠢ ᠨᠠᠶᠢᠳᠠᠪᠤᠷᠢᠵᠢᠭᠤᠯᠵᠤ᠂ ᠪᠡᠯᠴᠢᠭᠡᠷ ᠥᠨᠵᠢᠭᠦᠯᠬᠦ ᠬᠤᠭᠤᠴᠠᠭ᠎ᠠ ᠶᠢ 45 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠨᠢ ᠵᠣᠭᠰᠤᠭᠠᠨ ᠪᠡᠯᠴᠢᠭᠡᠷ ᠢ ᠰᠡᠷᠭᠦᠭᠡᠬᠦ ᠳᠤ ᠣᠯᠠᠨ ᠡᠰᠢᠵᠢᠭᠰᠡᠨ ᠨᠥᠬᠦᠪᠥᠷᠢ ᠥᠭᠬᠦ ᠲᠣᠭᠲᠠᠴᠠ ᠶᠢ ᠰᠦᠪᠡᠭᠴᠢᠯᠡᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠬᠢᠭᠡᠳ ᠨᠦᠬᠦᠪᠦᠷᠢᠯᠡᠵᠦ ᠱᠠᠩᠨᠠᠬᠤ ᠮᠦᠩᠭᠦᠨ ᠤ ᠬᠤᠪᠢᠶᠠᠷᠢᠯᠠᠯᠲᠠ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠬᠠᠮᠠᠭᠠᠯᠠᠵᠤ ᠪᠠᠶᠢᠭᠰᠠᠳ ᠲᠤ ᠨᠦᠬᠦᠪᠦᠷᠢᠯᠡᠨ ᠱᠠᠩᠨᠠᠬᠤ᠂ ᠬᠤᠬᠢᠷᠠᠯ ᠭᠠᠷᠭᠠᠭᠰᠠᠳ ᠢᠶᠠᠷ ᠲᠥᠯᠥᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠮᠢ ᠠᠬᠤᠢ ᠶᠢᠨ ᠦᠷ᠎ᠡ ᠪᠦᠲᠦᠮᠵᠢ ᠪᠠᠷ ᠭᠤᠤᠯ ᠪᠣᠯᠭᠠᠭᠰᠠᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠭᠰᠠᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠦᠨᠡᠯᠡᠯᠲᠡ ᠬᠢᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠦᠭᠰᠡᠨ ᠲᠤᠷᠰᠢᠯᠭ᠎ᠠ ᠪᠠ ᠵᠠᠭᠪᠤᠷ ᠢ ᠨᠢ ᠳᠡᠯᠭᠡᠷᠡᠭᠦᠯᠦᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠭᠰᠠᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠢ ᠱᠠᠩᠨᠠᠨ ᠬᠦᠬᠢᠭᠦᠯᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠳᠤ ᠵᠠᠬᠢᠷᠤᠨ ᠬᠠᠮᠢᠶᠠᠷᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠢ ᠠᠬᠤᠶ ᠶᠢᠨ ᠤᠯᠠᠭᠠᠨ ᠱᠤᠭᠤᠮ ᠳᠠᠬᠢ ᠨᠤᠲᠤᠭ ᠪᠡᠯᠴᠢᠭᠡᠷ ᠲᠤ ᠬᠠᠮᠤᠭ ᠤᠨ ᠴᠢᠩᠭ᠎ᠠ ᠬᠠᠮᠠᠭᠠᠯᠠᠯᠲᠠ ᠶᠢ ᠬᠡᠷᠡᠭᠵᠢᠭᠦᠯᠦᠨ᠎ᠡ᠃ ᠦᠨᠢᠳᠡ ᠶᠢᠨ ᠦᠨᠳᠦᠰᠦᠨ ᠲᠠᠷᠢᠶᠠᠨ ᠭᠠᠵᠠᠷ ᠪᠠ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠬ᠎ᠠ ᠬᠢᠵᠠᠭᠠᠷ ᠨᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠠᠬᠢ ᠨᠤᠲᠤᠭ ᠪᠡᠯᠴᠢᠭᠡᠷ ᠯᠦᠭᠡ ᠮᠥᠷᠭᠦᠯᠳᠦᠭᠡᠨ ᠲᠠᠢ ᠪᠣᠯᠪᠠᠯ᠂ ᠨᠤᠲᠤᠭ ᠪᠡᠯᠴᠢᠭᠡᠷ ᠤᠨ ᠠᠮᠢ ᠠᠬᠤᠶ ᠶᠢᠨ ᠴᠢᠳᠠᠮᠵᠢ ᠶᠢᠨ ᠰᠢᠰᠲ᠋ᠧᠮᠲᠦ ᠴᠢᠨᠠᠷ ᠪᠠ ᠪᠦᠷᠢᠨ ᠪᠦᠲᠦᠨ ᠴᠢᠨᠠᠷ ᠢ ᠨᠢ ᠪᠠᠲᠤᠯᠠᠬᠤ ᠬᠡᠷᠡᠭᠲᠡᠶ᠃ ᠨᠤᠲᠤᠭ ᠪᠡᠯᠴᠢᠭᠡᠷ ᠤᠨ ︽ᠭᠤᠷᠪᠠᠨ ᠣᠷᠣᠨ︾ ᠤ ᠬᠡᠷᠡᠭᠴᠡᠭᠡ ᠳᠤ ᠬᠠᠮᠢᠶᠠᠷᠤᠨ ᠡᠵᠡᠮᠳᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠠᠬᠢ ᠨᠤᠲᠤᠭ ᠪᠡᠯᠴᠢᠭᠡᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠭᠠᠳᠠᠨᠠᠬᠢ ᠦᠨᠳᠦᠰᠦᠨ ᠨᠤᠲᠤᠭ ᠪᠡᠯᠴᠢᠭᠡᠷ ᠪᠠ ᠡᠩ ᠤᠨ ᠨᠤᠲᠤᠭ ᠪᠡᠯᠴᠢᠭᠡᠷ ᠶᠣᠰᠣᠭᠠᠷ ᠲᠥᠷᠥᠯ ᠬᠤᠪᠢᠶᠠᠨ᠂ ᠵᠦᠷᠢᠶᠡᠵᠢᠭᠰᠡᠨ ᠬᠡᠷᠡᠭᠴᠡᠭᠡᠨ ᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠨ ᠬᠢᠵᠠᠭᠠᠷᠯᠠᠬᠤ ᠬᠡᠪᠴᠢᠶᠡᠨ ᠠᠴᠠ ᠳᠠᠪᠠᠭᠤᠯᠬᠤ ᠶᠢ ᠴᠢᠩᠭ᠎ᠠ ᠬᠢᠵᠠᠭᠠᠷᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠨᠤᠲᠤᠭ ᠪᠡᠯᠴᠢᠭᠡᠷ ᠲᠤ ᠤᠰᠤᠨ ᠴᠥᠭᠦᠷᠥᠮ ᠪᠠᠶᠢᠭᠤᠯᠬᠤ ᠶᠢ ᠴᠢᠩᠭ᠎ᠠ ᠬᠢᠵᠠᠭᠠᠷᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠳᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠠᠵᠢᠯ ᠦᠢᠯᠡᠰ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠤᠲᠤᠭ ᠪᠡᠯᠴᠢᠭᠡᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠪᠠᠲᠤᠯᠠᠵᠤ᠂ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠥᠯᠥ ᠨᠡᠶᠢᠴᠡᠬᠦ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠡᠨᠧᠷᠭᠢ ᠶᠡᠭᠡ ᠬᠤᠷᠣᠭᠳᠠᠭᠤᠯᠬᠤ᠂ ᠪᠣᠬᠢᠷᠲᠤᠯ ᠶᠡᠭᠡ ᠭᠠᠳᠠᠭᠰᠢᠯᠠᠭᠤᠯᠬᠤ ᠲᠥᠷᠥᠯ ᠵᠦᠢᠯ ᠳᠤ ᠪᠠᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠦᠯᠬᠦ ᠶᠢ ᠨᠢ ᠴᠢᠩᠭ᠎ᠠ ᠴᠠᠭᠠᠵᠠᠯᠠᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠲᠥᠷᠥᠯ ᠵᠦᠢᠯ ᠤᠨ ᠭᠠᠳᠠᠭᠤᠷᠬᠢ ᠴᠢᠯᠠᠭᠤ ᠰᠢᠷᠣᠶ ᠶᠢᠨ ᠲᠠᠯᠠᠪᠠᠶ ᠳᠤ ᠪᠠᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠦᠯᠬᠦ ᠶᠢ ᠨᠢ ᠴᠢᠩᠭ᠎ᠠ ᠬᠢᠵᠠᠭᠠᠷᠯᠠᠵᠤ᠂ ᠠᠭᠤᠷᠬᠠᠶ ᠶᠢᠨ ᠣᠷᠣᠨ ᠤ ᠬᠡᠪᠴᠢᠶᠡᠨ ᠠᠴᠠ ᠭᠠᠳᠠᠭᠤᠷ ᠪᠠᠶᠢᠷᠢᠰᠢᠭᠤᠯᠤᠭᠰᠠᠨ ᠠᠭᠤᠷᠬᠠᠢ ᠳᠤ ᠣᠷᠣᠬᠤ ᠵᠠᠮ᠂ ᠠᠵᠤ ᠦᠢᠯᠡᠳᠪᠦᠷᠢ ᠶᠢᠨ ᠲᠠᠯᠠᠪᠠᠶ᠂ ᠦᠯᠡᠳᠡᠭᠳᠡᠯ ᠬᠦᠳᠡᠷ ᠰᠢᠷᠤᠢ ᠶᠢᠨ ᠠᠭᠤᠷᠬᠠᠢ ᠵᠡᠷᠭᠡ ᠦᠢᠯᠡᠳᠪᠦᠷᠢᠯᠡᠯ ᠤᠨ ᠲᠤᠰᠠᠯᠠᠬᠤ ᠪᠡᠯᠡᠳᠬᠡᠮᠵᠢ ᠳᠤ ᠪᠠᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠦᠯᠬᠦ ᠶᠢ ᠨᠢ ᠴᠢᠩᠭ᠎ᠠ ᠬᠢᠵᠠᠭᠠᠷᠯᠠᠨ᠎ᠠ᠃ ᠬᠡᠪᠴᠢᠶᠡᠵᠢᠭᠰᠡᠨ ᠲᠡᠵᠢᠭᠡᠵᠦ ᠦᠷᠡᠵᠢᠭᠦᠯᠬᠦ ᠲᠠᠯᠠᠪᠠᠶ ᠵᠡᠷᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠪᠠᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠦᠯᠬᠦ ᠦᠢᠯᠡ ᠠᠵᠢᠯᠯᠠᠭ᠎ᠠ ᠶᠢ ᠨᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠨᠤᠲᠤᠭ ᠪᠡᠯᠴᠢᠭᠡᠷ ᠢ ᠲᠦᠷ ᠴᠠᠭ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠳᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠠᠯ᠎ᠠ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠲᠦᠷᠭᠡᠳᠬᠡᠨ ᠰᠢᠯᠢᠳᠡᠭᠵᠢᠭᠦᠯᠦᠨ᠂ ᠨᠢᠭᠡ ᠴᠣᠩᠬᠤᠪᠴᠢ ᠪᠠᠷ ᠭᠥᠯᠢᠶᠡᠨ ᠠᠪᠴᠤ᠂ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠶᠢ ᠢᠳᠡᠪᠬᠢᠲᠡᠶ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠨᠧᠷᠭᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠳᠤ ᠲᠥᠯᠥᠭᠦᠯᠬᠦ ᠲᠦᠷᠢᠮ ᠪᠠ ᠪᠠᠶᠢᠴᠠᠭᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠨᠤᠲᠤᠭ ᠪᠡᠯᠴᠢᠭᠡᠷ ᠲᠤ ᠬᠤᠯᠪᠣᠭᠠᠯᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠠᠲᠠᠷ ᠬᠠᠭᠠᠯᠪᠤᠷᠢᠯᠠᠬᠤ ᠵᠡᠷᠭᠡ ᠨᠤᠲᠤᠭ ᠪᠡᠯᠴᠢᠭᠡᠷ ᠢ ᠵᠣᠷᠢᠭᠤᠳᠠ ᠡᠪᠳᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠪᠠ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠵᠦ ᠪᠠᠶᠢᠴᠠᠭᠠᠨ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠥᠯᠥᠪᠦᠷᠢ ᠲᠠᠢ ᠬᠡᠷᠡᠭᠯᠡᠬᠦ ᠳᠦᠷᠢᠮ ᠢ ᠲᠡᠭᠦᠯᠳᠡᠷᠵᠢᠭᠦᠯᠦᠨ᠎ᠡ᠃ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠲᠥᠯᠥᠪᠦᠷᠢ ᠲᠠᠢ ᠬᠡᠷᠡᠭᠯᠡᠬᠦ ᠬᠡᠪᠴᠢᠶ᠎ᠡ ᠶᠢ ᠲᠣᠳᠣᠷᠬᠠᠢ ᠲᠣᠭᠲᠠᠭᠠᠵᠤ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠠᠴᠠ ᠭᠡᠷ ᠪᠦᠯᠢ ᠪᠤᠶᠤ ᠡᠷᠦᠬᠡ ᠬᠤᠯᠪᠣᠭᠠᠯᠠᠵᠤ ᠳᠠᠭᠠᠭᠠᠴᠢᠯᠠᠨ ᠡᠵᠡᠩᠨᠡᠵᠦ ᠬᠡᠷᠡᠭᠯᠡᠬᠦ ᠶᠢ ᠬᠡᠷᠡᠭᠵᠢᠭᠦᠯᠦᠭᠰᠡᠨ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠢ ᠲᠥᠯᠥᠪᠦᠷᠢ ᠲᠠᠢ ᠬᠡᠷᠡᠭᠯᠡᠬᠦ ᠬᠡᠪᠴᠢᠶᠡᠨ ᠳᠤ ᠣᠷᠣᠭᠤᠯᠬᠤ ᠦᠭᠡᠶ᠂ ᠭᠡᠪᠡᠴᠦ ᠬᠡᠷᠡᠭᠯᠡᠭᠴᠢᠳ ᠲᠤ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠶᠢ ᠨᠢ ᠲᠣᠳᠣᠷᠬᠠᠢ ᠲᠣᠭᠲᠠᠭᠠᠬᠤ ᠬᠡᠷᠡᠭᠲᠡᠶ᠃ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠲᠤ ᠵᠥᠪᠳᠡᠯᠴᠡᠬᠡᠷ ᠲᠣᠭᠲᠠᠵᠤ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠣᠷᠣᠯᠠᠨ ᠬᠡᠷᠡᠭᠵᠢᠭᠦᠯᠬᠦ ᠭᠤᠣᠯ ᠴᠣᠭᠴᠠ ᠪᠠ ᠬᠡᠷᠡᠭᠯᠡᠬᠦ ᠡᠷᠬᠡᠲᠦ ᠬᠥᠮᠦᠨ ᠢ ᠨᠢ ᠲᠣᠳᠣᠷᠬᠠᠢ ᠲᠣᠭᠲᠠᠭᠠᠬᠤ ᠶᠢᠨ ᠬᠠᠮᠲᠤ᠂ ᠬᠤᠶᠠᠷ ᠲᠠᠯ᠎ᠠ ᠶᠢᠨ ᠡᠷᠬᠡ ᠠᠰᠢᠭ ᠡᠭᠦᠷᠭᠡ ᠶᠢ ᠨᠢ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠥᠮᠴᠢᠯᠡᠭᠴᠢ ᠶᠢᠨ ᠡᠷᠬᠡ ᠠᠰᠢᠭ ᠤᠨ ᠪᠦᠲᠦᠮᠵᠢᠲᠡᠶ ᠪᠡᠶᠡᠯᠡᠭᠳᠡᠬᠦ ᠬᠡᠯᠪᠡᠷᠢ ᠮᠠᠶ᠋ᠢᠭ ᠢ ᠰᠦᠪᠡᠭᠴᠢᠯᠡᠨ ᠪᠠᠶᠢᠭᠤᠯᠵᠤ᠂ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢᠨ ᠣᠷᠣᠯᠠᠨ ᠭᠦᠢᠴᠡᠳᠬᠡᠬᠦ ᠭᠤᠣᠯ ᠴᠣᠭᠴᠠ ᠨᠢ ᠲᠦᠷᠢᠶᠡᠰᠦᠨ ᠮᠥᠩᠭᠦ᠂ ᠣᠨᠴᠠ ᠵᠦᠪᠰᠢᠶᠡᠷᠡᠯ ᠲᠠᠢ ᠡᠵᠡᠩᠨᠡᠯᠲᠡ ᠶᠢᠨ ᠰᠦᠢᠳᠬᠡᠯ᠂ ᠡᠵᠡᠩᠨᠡᠯᠲᠡ ᠶᠢᠨ ᠠᠰᠢᠭ ᠣᠯᠵᠠᠪᠤᠷᠢ ᠶᠢᠨ ᠠᠰᠢᠭ ᠬᠤᠪᠢᠶᠠᠬᠤ ᠵᠡᠷᠭᠡ ᠠᠷᠭ᠎ᠠ ᠮᠠᠶ᠋ᠢᠭ ᠢᠶᠠᠷ ᠲᠥᠯᠥᠪᠦᠷᠢ ᠲᠠᠢ ᠬᠡᠷᠡᠭᠯᠡᠭᠰᠡᠨ ᠰᠦᠢᠳᠬᠡᠯ ᠢ ᠬᠤᠷᠢᠶᠠᠬᠤ ᠶᠢᠨ ᠬᠠᠮᠲᠤ᠂ ᠠᠰᠢᠭ ᠣᠯᠵᠠᠪᠤᠷᠢ ᠬᠤᠪᠢᠶᠠᠷᠢᠯᠠᠬᠤ ᠲᠣᠭᠲᠠᠴᠠ ᠪᠠᠶᠢᠭᠤᠯᠤᠨ᠎ᠠ᠃ ᠲᠥᠯᠥᠪᠦᠷᠢ ᠲᠠᠢ ᠬᠡᠷᠡᠭᠯᠡᠭᠰᠡᠨ ᠪᠠᠶᠢᠳᠠᠯ ᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠮᠡᠳᠡᠭᠦᠯᠦᠯᠲᠡ ᠳᠤ ᠣᠷᠣᠭᠤᠯᠤᠨ᠎ᠠ᠃ ᠠᠷᠠᠳ ᠨᠡᠶᠢᠲᠡ ᠶᠢᠨ ᠦᠮᠴᠢᠯᠡᠯᠲᠦ ᠨᠤᠲᠤᠭ ᠪᠡᠯᠴᠢᠭᠡᠷ ᠤᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠳᠤ ᠨᠠᠶᠢᠳᠠᠵᠤ ᠣᠷᠣᠯᠠᠨ ᠭᠦᠢᠴᠡᠳᠭᠡᠬᠦ ᠲᠣᠭᠲᠠᠴᠠ ᠶᠢᠨ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠣᠯᠤᠭ᠎ᠠ︶ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠦᠨ᠎ᠡ᠃ ︽ᠡᠭᠦᠷᠭᠡ᠂ ᠪᠠᠯᠠ ᠮᠥᠩᠭᠦ᠂ ᠠᠷᠭ᠎ᠠ ᠬᠡᠮᠵᠢᠶ᠎ᠡ᠂ ᠬᠠᠷᠢᠭᠤᠴᠠᠯᠭ᠎ᠠ᠂ ᠬᠠᠷᠠᠯᠲᠠ︾ ᠲᠠᠪᠤ ᠶᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠠᠯᠪᠢᠬᠤ ᠶᠢ ᠪᠠᠷᠢᠮᠲᠠᠯᠠᠵᠤ᠂ ᠡᠷᠬᠡ ᠬᠠᠷᠢᠭᠤᠴᠠᠯᠭ᠎ᠠ ᠶᠢ ᠨᠢ ᠲᠣᠳᠣᠷᠬᠠᠢ ᠲᠣᠭᠲᠠᠭᠠᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠲᠠᠯ᠎ᠠ ᠳᠠᠬᠢ ᠠᠵᠢᠯ ᠶᠠᠪᠤᠳᠠᠯ ᠤᠨ ᠡᠮᠦᠨᠡᠬᠢ᠂ ᠠᠵᠢᠯ ᠶᠠᠪᠤᠳᠠᠯ ᠤᠨ ᠳᠤᠮᠳᠠᠬᠢ᠂ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠲᠠᠯ᠎ᠠ ᠶᠢᠨ ᠠᠮᠵᠢᠯᠲᠠ ᠪᠦᠲᠦᠮᠵᠢ ᠶᠢ ᠦᠨᠡᠯᠡᠬᠦ ᠳᠦᠷᠢᠮ ᠢ ᠨᠢ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠵᠤ ᠬᠠᠮᠢᠶᠠᠷᠬᠤ᠂ ᠪᠡᠯᠡ ᠮᠥᠩᠭᠦ ᠬᠡᠷᠡᠭᠯᠡᠬᠦ᠂ ᠬᠠᠷᠠᠯᠲᠠ ᠶᠢ ᠪᠡᠶᠡᠯᠡᠭᠦᠯᠬᠦ᠂ ᠠᠮᠢ ᠠᠬᠤᠶ ᠶᠢᠨ ᠦᠷ᠎ᠡ ᠠᠰᠢᠭ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠣᠷᠣᠭᠤᠯᠤᠯᠲᠠ ᠵᠡᠷᠭᠡ ᠲᠠᠯ᠎ᠠ ᠠᠴᠠ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠭᠰᠡᠨ ᠦᠷ᠎ᠡ ᠪᠦᠲᠦᠭᠡᠯ ᠳᠤ ᠪᠦᠬᠦ ᠲᠠᠯ᠎ᠠ ᠶᠢᠨ ᠠᠮᠵᠢᠯᠲᠠ ᠪᠦᠲᠦᠮᠵᠢ ᠶᠢ ᠨᠢ ᠦᠨᠡᠯᠡᠨ ᠵᠢᠱᠢᠨ᠎ᠡ᠃ ᠢᠨᠵᠧᠨᠧᠷᠢᠩ ᠤᠨ ᠲᠥᠷᠥᠯ ᠵᠦᠢᠯ ᠪᠠ ᠡᠪᠡᠰᠦ ᠲᠠᠷᠢᠬᠤ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠵᠢᠷᠤᠭ ᠲᠤ ᠣᠷᠤᠭᠤᠯᠬᠤ ᠠᠵᠢᠯ ᠢ ᠪᠣᠳᠠᠲᠠᠢ ᠪᠦᠭᠡᠳ ᠨᠠᠷᠢᠯᠢᠭ ᠬᠢᠵᠦ᠂ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠮᠢ ᠠᠬᠤᠶ ᠶᠢ ᠬᠠᠮᠠᠭᠠᠯᠠᠵᠤ ᠰᠡᠷᠭᠦᠭᠡᠨ ᠵᠠᠰᠠᠬᠤ ᠢᠨᠵᠧᠨᠧᠷᠢᠩ ᠤᠨ ᠠᠮᠢ ᠠᠬᠤᠶ ᠳᠤ ᠬᠡᠷᠡᠭᠯᠡᠬᠦ ᠦᠷ᠎ᠡ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠳᠦᠷᠢᠮ ᠢᠶᠠᠨ ᠲᠡᠭᠦᠯᠳᠡᠷᠵᠢᠭᠦᠯᠵᠦ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠨᠠᠢᠮᠠ︶ ᠨᠤᠲᠤᠭ ᠪᠡᠯᠴᠢᠭᠡᠷ ᠤᠨ ᠡᠷᠬᠡ ᠶᠢ ᠲᠣᠳᠣᠯᠠᠨ ᠲᠣᠭᠲᠠᠭᠠᠵᠤ ᠳᠠᠭᠠᠭᠠᠴᠢᠯᠠᠨ ᠡᠵᠡᠩᠨᠡᠬᠦ ᠲᠣᠭᠲᠠᠴᠠ ᠪᠠᠨ ᠲᠡᠭᠦᠯᠳᠡᠷᠵᠢᠭᠦᠯᠦᠨ᠎ᠡ᠃ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠡᠷᠬᠡ ᠶᠢ ᠲᠣᠳᠣᠯᠠᠨ ᠲᠣᠭᠲᠠᠭᠠᠵᠤ ᠲᠡᠮᠳᠡᠭᠯᠡᠨ ᠳᠠᠩᠰᠠᠯᠠᠬᠤ ᠶᠢ ᠲᠦᠷᠭᠡᠳᠬᠡᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠦᠨᠡᠮᠯᠡᠯ ᠣᠯᠭᠤᠬᠤ ᠠᠵᠢᠯ ᠢ ᠨᠠᠶᠢᠳᠠᠪᠤᠷᠢᠵᠢᠭᠤᠯᠤᠨ᠎ᠠ᠃ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠨ ᠲᠣᠬᠢᠷᠠᠭᠤᠯᠬᠤ︾ ᠠᠵᠢᠯ ᠢ ᠠᠬᠢᠭᠤᠯᠵᠤ᠂ ᠦᠮᠴᠢᠯᠡᠬᠦ ᠡᠷᠬᠡ᠂ ᠬᠡᠷᠡᠭᠯᠡᠬᠦ ᠡᠷᠬᠡ ᠶᠢ ᠲᠣᠳᠣᠷᠬᠠᠢ ᠲᠣᠭᠲᠠᠭᠠᠨ ᠳᠠᠭᠠᠭᠠᠴᠢᠯᠠᠬᠤ ᠡᠷᠬᠡ ᠶᠢ ᠨᠢ ᠲᠣᠭᠲᠠᠪᠤᠷᠢᠵᠢᠭᠤᠯᠵᠤ᠂ ᠡᠵᠡᠩᠨᠡᠯᠲᠡ ᠶᠢᠨ ᠡᠷᠬᠡ ᠶᠢ ᠨᠢ ᠴᠢᠯᠦᠭᠡᠲᠡᠢ ᠪᠣᠯᠭᠠᠨ᠎ᠠ᠃ ᠨᠤᠲᠤᠭ ᠪᠡᠯᠴᠢᠭᠡᠷ ᠢ ᠡᠷᠭᠢᠯᠳᠦᠭᠦᠯᠦᠨ ᠰᠢᠯᠵᠢᠭᠦᠯᠬᠦ ᠶᠢᠨ ᠬᠢᠨᠠᠨ ᠬᠠᠮᠢᠶᠠᠷᠬᠤ ᠨᠢᠭᠡᠳᠦᠯᠲᠡᠶ ᠲᠠᠪᠴᠠᠩ ᠢ ᠪᠠᠶᠢᠭᠤᠯᠤᠨ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠡᠷᠭᠢᠯᠳᠦᠭᠦᠯᠦᠨ ᠰᠢᠯᠵᠢᠭᠦᠯᠬᠦ ᠳᠡᠰ ᠳᠠᠷᠠᠭᠠᠯᠠᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠷᠭᠢᠯᠳᠦᠭᠦᠯᠦᠨ ᠰᠢᠯᠵᠢᠭᠦᠯᠦᠭᠰᠡᠨ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠨᠢ ᠵᠣᠭᠰᠣᠭᠠᠵᠤ ᠰᠡᠯᠭᠦᠨ ᠪᠡᠯᠴᠢᠭᠡᠷᠯᠡᠭᠦᠯᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠮᠬᠢ ᠵᠢᠷᠤᠮ ᠲᠠᠢ ᠡᠷᠭᠢᠯᠳᠦᠭᠦᠯᠦᠨ ᠰᠢᠯᠵᠢᠭᠦᠯᠬᠦ ᠶᠢ ᠬᠥᠲᠥᠯᠥᠨ ᠵᠢᠯᠣᠭᠤᠳᠴᠤ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠳᠤ ᠪᠠᠨ ᠡᠷᠭᠢᠯᠳᠦᠭᠦᠯᠦᠨ ᠰᠢᠯᠵᠢᠭᠦᠯᠬᠦ ᠶᠢ ᠵᠣᠷᠢᠭᠵᠢᠭᠤᠯᠤᠨ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠭᠠᠳᠠᠭᠤᠷ ᠡᠷᠭᠢᠯᠳᠦᠭᠦᠯᠦᠨ ᠰᠢᠯᠵᠢᠭᠦᠯᠬᠦ ᠶᠢ ᠴᠢᠩᠭ᠎ᠠ ᠬᠢᠵᠠᠭᠠᠷᠯᠠᠨ᠎ᠠ᠃ ᠬᠤᠷᠰᠢᠶᠠᠯᠠᠯ ᠪᠠ ᠡᠷᠦᠬᠡ ᠬᠤᠯᠪᠣᠭᠠᠯᠠᠵᠤ ᠲᠣᠬᠢᠷᠠᠮᠵᠢᠲᠠᠢ ᠬᠡᠪᠴᠢᠶᠡᠵᠢᠭᠰᠡᠨ ᠡᠵᠡᠩᠨᠡᠯᠲᠡ ᠥᠷᠨᠢᠭᠦᠯᠬᠦ ᠶᠢ ᠢᠳᠡᠪᠬᠢᠲᠡᠢ ᠠᠬᠢᠭᠤᠯᠵᠤ᠂ ᠬᠡᠰᠡᠭ ᠭᠠᠵᠠᠷ ᠣᠷᠣᠨ ᠤ ᠬᠠᠲᠤᠯᠠᠩ ᠪᠡᠯᠴᠢᠭᠡᠷ ᠤᠨ ᠬᠡᠰᠡᠭ ᠪᠣᠰᠠᠭᠴᠢᠯᠠᠬᠤ ᠠᠰᠠᠭᠤᠳᠠᠯ ᠢ ᠰᠢᠢᠳᠪᠦᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠶᠢᠰᠦ︶ ᠨᠤᠲᠤᠭ ᠪᠡᠯᠴᠢᠭᠡᠷ ᠤᠨ ᠡᠬᠢ ᠪᠠᠶᠠᠯᠢᠭ ᠲᠤ ᠪᠠᠶᠢᠴᠠᠭᠠᠯᠲᠠ ᠬᠢᠬᠦ ᠲᠣᠭᠲᠠᠯᠴᠠᠭ᠎ᠠ ᠶᠢ ᠪᠠᠶᠢᠭᠤᠯᠤᠨ᠎ᠠ᠃ ᠨᠤᠲᠤᠭ ᠪᠡᠯᠴᠢᠭᠡᠷ ᠤᠨ ᠡᠬᠢ ᠪᠠᠶᠠᠯᠢᠭ ᠲᠤ ᠪᠠᠶᠢᠴᠠᠭᠠᠯᠲᠠ ᠬᠢᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠳᠣ ᠪᠠᠶᠢᠭ᠎ᠠ ᠪᠠᠶᠢᠴᠠᠭᠠᠯᠲᠠ ᠬᠢᠬᠦ ᠬᠦᠴᠦᠨ ᠢᠶᠠᠨ ᠡᠮᠬᠢᠯᠡᠨ ᠨᠡᠶᠢᠯᠡᠭᠦᠯᠵᠦ᠂ ᠤᠯᠤᠰ ᠤᠨ ᠪᠠᠷᠢᠮᠵᠢᠶ᠎ᠠ ᠪᠠ ᠮᠡᠷᠭᠡᠵᠢᠯ ᠤᠨ ᠲᠣᠭᠲᠠᠯᠴᠠᠭ᠎ᠠ ᠪᠠᠷ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠠᠷ ᠰᠠᠭᠤᠷᠢ ᠪᠣᠯᠭᠠᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠠᠷᠬᠠᠯᠲᠠ᠂ ᠲᠠᠯᠠᠪᠠᠶ᠂ ᠡᠷᠬᠡ ᠶᠢᠨ ᠬᠠᠷᠢᠶ᠎ᠠ᠂ ᠰᠢᠨᠵᠢ ᠴᠢᠨᠠᠷ ᠵᠡᠷᠭᠡ ᠦᠨᠳᠦᠰᠦᠨ ᠪᠠᠶᠢᠳᠠᠯ ᠢ ᠪᠠᠶᠢᠴᠠᠭᠠᠨ ᠲᠣᠳᠣᠯᠠᠨ᠎ᠠ᠃ ᠵᠢᠯ ᠪᠦᠷᠢ ᠪᠦᠬᠦᠨ ᠢ ᠬᠠᠮᠤᠷᠤᠭᠰᠠᠨ ᠠᠯᠤᠰ ᠰᠡᠷᠡᠯ ᠤᠨ ᠬᠥᠳᠡᠯᠦᠩᠭᠦᠶ ᠪᠠᠶᠢᠴᠠᠭᠠᠯᠲᠠ ᠬᠢᠬᠦ ᠶᠢ ᠥᠷᠨᠢᠭᠦᠯᠵᠦ᠂ ᠪᠥᠬᠦ ᠣᠷᠣᠨ ᠤ ᠨᠤᠲᠤᠭ ᠪᠡᠯᠴᠢᠭᠡᠷ ᠤᠨ ᠲᠠᠯᠠᠪᠠᠶ᠂ ᠬᠡᠪᠴᠢᠶ᠎ᠡ ᠵᠢᠴᠢ ᠣᠨ ᠤ ᠠᠰᠢᠭᠯᠠᠭᠰᠠᠨ ᠣᠳᠣᠬᠢ ᠪᠠᠶᠢᠳᠠᠯ ᠤᠨ ᠬᠤᠪᠢᠷᠠᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠡᠵᠡᠮᠰᠢᠨ᠂ ᠰᠠᠭᠤᠷᠢ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠣᠨ ᠤ ᠰᠢᠨᠡᠳᠭᠡᠭᠰᠡᠨ ᠢᠶᠠᠷ ᠲᠤᠯᠭᠠᠭᠤᠷᠢᠯᠠᠯ ᠪᠣᠯᠭᠠᠵᠤ᠂ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠰᠠᠭᠤᠷᠢ ᠲᠠᠩᠰᠠ ᠡᠪᠬᠡᠮᠡᠯ ᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠ︶ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠤᠨ ᠬᠢᠨᠠᠨ ᠰᠢᠨᠵᠢᠵᠦ ᠦᠨᠡᠯᠡᠬᠦ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢ ᠬᠢᠨᠠᠨ ᠰᠢᠨᠵᠢᠵᠤ ᠦᠨᠡᠯᠡᠬᠦ ᠲᠥᠷᠢᠮ ᠢ ᠤᠯᠠᠮ ᠨᠢᠭᠡ ᠠᠯᠬᠤᠮ ᠪᠥᠷᠢᠨᠰᠢᠬᠦᠯᠵᠤ᠂ ᠨᠤᠲᠤᠭ ᠪᠡᠯᠴᠢᠭᠡᠷ ᠤᠨ ᠬᠢᠨᠠᠨ ᠰᠢᠨᠵᠢᠬᠦ ᠲᠣᠭᠲᠠᠮᠠᠯ ᠴᠡᠭ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠤᠳᠤ ᠪᠠᠶᠢᠭ᠎ᠠ ᠤᠢ ᠰᠢᠭᠤᠢ ᠨᠤᠲᠤᠭ ᠪᠡᠯᠴᠢᠭᠡᠷ ᠢ ᠬᠢᠨᠠᠨ ᠰᠢᠨᠵᠢᠵᠦ ᠦᠨᠡᠯᠡᠬᠦ ᠡᠩᠨᠡᠭᠡ ᠳᠤ ᠲᠦᠰᠢᠭᠯᠡᠵᠦ᠂ ᠤᠯᠤᠰ ᠤᠨ ᠪᠠᠷᠢᠮᠵᠢᠶ᠎ᠠ ᠪᠠ ᠮᠡᠷᠭᠡᠵᠢᠯ ᠤᠨ ᠲᠣᠭᠲᠠᠯᠴᠠᠭ᠎ᠠ ᠶᠣᠰᠣᠭᠠᠷ᠂ ᠰᠠᠭᠤᠷᠢ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ 5 ᠵᠢᠯ ᠳᠤ ᠨᠢᠭᠡ ᠤᠳᠠᠭ᠎ᠠ ᠲᠤᠰᠬᠠᠢ ᠪᠠᠶᠢᠴᠠᠭᠠᠯᠲᠠ ᠬᠢᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ᠂ ᠨᠤᠲᠤᠭ ᠪᠡᠯᠴᠢᠭᠡᠷ ᠤᠨ ᠲᠥᠷᠥᠯ ᠬᠡᠯᠪᠡᠷᠢ᠂ ᠠᠮᠢᠳᠤ ᠪᠣᠳᠠᠰ ᠤᠨ ᠬᠡᠮᠵᠢᠶ᠎ᠡ᠂ ᠲᠡᠰ᠂ ᠠᠮᠢ ᠠᠬᠤᠢ ᠶᠢᠨ ᠡᠷᠡᠭᠦᠯ ᠤᠨ ᠪᠠᠶᠢᠳᠠᠯ ᠵᠢᠴᠢ ᠬᠤᠪᠢᠷᠠᠯᠲᠠ ᠶᠢᠨ ᠪᠠᠶᠢᠳᠠᠯ ᠢ ᠪᠠᠶᠢᠴᠠᠭᠠᠨ ᠲᠣᠳᠣᠯᠠᠨ᠎ᠠ᠃ ᠪᠥᠬᠦ ᠣᠷᠣᠨ ᠤ ᠨᠤᠲᠤᠭ ᠪᠡᠯᠴᠢᠭᠡᠷ ᠤᠨ ᠬᠦᠬᠡᠷᠡᠬᠦ᠂ ᠤᠷᠭᠤᠴᠠ᠂ ᠡᠪᠡᠰᠦᠨ ᠤ ᠰᠠᠶᠢᠨ ᠤᠷᠭᠤᠬᠤ ᠴᠠᠭ ᠵᠡᠷᠭᠡ ᠶᠢ ᠬᠢᠨᠠᠨ ᠰᠢᠨᠵᠢᠭᠰᠡᠨ ᠦᠷ᠎ᠡ ᠳ᠋ᠦᠩ ᠢᠶᠠᠨ ᠲᠣᠭᠲᠠᠮᠠᠯ ᠬᠤᠭᠤᠴᠠᠭ᠎ᠠ ᠲᠠᠢ ᠨᠡᠶᠢᠲᠡᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠨ ᠤ ᠬᠢᠨᠠᠨ ᠰᠢᠨᠵᠢᠵᠦ ᠦᠨᠡᠯᠡᠭᠰᠡᠨ ᠮᠡᠳᠡᠭᠦᠯᠦᠯᠲᠡ ᠶᠢ ᠨᠡᠶᠢᠲᠡᠯᠡᠨ᠎ᠡ᠃ ᠵᠢᠯ ᠪᠦᠷᠢ ᠪᠠᠶᠢᠭᠠᠯᠢ ᠶᠢᠨ ᠨᠤᠲᠤᠭ ᠪᠡᠯᠴᠢᠭᠡᠷ ᠲᠠᠬᠢ ᠮᠠᠯ ᠪᠡᠯᠴᠢᠭᠡᠷ ᠤᠨ ᠲᠡᠩᠴᠡᠭᠦᠷᠢ ᠳᠤ ᠬᠢᠨᠠᠨ ᠰᠢᠨᠵᠢᠵᠦ ᠦᠨᠡᠯᠡᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠪᠠᠶᠢᠭᠠᠯᠢ ᠶᠢᠨ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠡᠷᠴᠢᠮ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠠᠶᠢᠮᠠᠭ ᠬᠤᠲᠠ ᠳᠤ ᠳᠠᠷᠤᠶᠢᠬᠠᠨ ᠬᠦᠷᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠷᠢᠭᠤᠴᠠᠨ᠎ᠠ︶      ︵ᠠᠷᠪᠠᠨ ᠨᠢᠭᠡ︶ ᠨᠤᠲᠤᠭ ᠪᠡᠯᠴᠢᠭᠡᠷ ᠤᠨ ᠲᠣᠭᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠠᠶᠢᠭᠤᠯᠤᠨ᠎ᠠ᠃ ᠨᠤᠲᠤᠭ ᠪᠡᠯᠴᠢᠭᠡᠷ ᠤᠨ ᠬᠠᠮᠢᠶᠠᠷᠤᠭᠴᠢ ᠶᠢᠨ ᠳᠦᠷᠢᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠢ ᠬᠠᠮᠢᠶᠠᠷᠴᠤ ᠬᠠᠮᠠᠭᠠᠯᠠᠬᠤ ᠲᠣᠣᠷ ᠢ ᠪᠠᠶᠢᠭᠤᠯᠤᠨ ᠪᠦᠷᠢᠨᠰᠢᠭᠦᠯᠦᠨ᠎ᠡ᠃ ᠭᠠᠵᠠᠷ ᠵᠦᠢ ᠶᠢᠨ ᠮᠡᠳᠡᠭᠡ ᠵᠠᠩᠭᠢ ᠪᠠ ᠥᠨᠳᠥᠷ ᠢᠯᠭᠠᠮᠵᠢᠲᠤ ᠠᠯᠤᠰ ᠰᠡᠷᠡᠯ ᠤᠨ ᠮᠡᠷᠭᠡᠵᠢᠯ ᠢ ᠠᠰᠢᠭᠯᠠᠨ᠂ ᠲᠣᠮᠣ ᠳ᠋ᠠᠶᠢᠲ᠋ᠠ ᠶᠢᠨ ᠲᠠᠪᠴᠠᠩ ᠢᠶᠠᠷ ᠲᠤᠰᠠᠯᠠᠮᠵᠢ ᠪᠣᠯᠭᠠᠵᠤ᠂ ᠰᠠᠨᠰᠠᠷ ᠣᠭᠲᠠᠷᠭᠤᠢ ᠭᠠᠵᠠᠷ ᠳᠡᠭᠡᠷᠡᠬᠢ ᠶᠢ ᠨᠢᠭᠡ ᠴᠣᠭᠴᠠᠵᠢᠭᠤᠯᠤᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠲᠣᠭᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠠᠶᠢᠴᠠᠭᠠᠵᠤ ᠬᠢᠨᠠᠨ ᠰᠢᠨᠵᠢᠵᠦ ᠦᠨᠡᠯᠡᠭᠰᠡᠨ ᠳ᠋ᠠᠶᠢᠲ᠋ᠠ ᠶᠢᠨ ᠮᠡᠳᠡᠭᠡ ᠵᠠᠩᠭᠢ ᠪᠠᠨ ᠬᠠᠮᠲᠤ ᠪᠠᠷ ᠬᠦᠷᠲᠡᠬᠦ ᠲᠣᠭᠲᠠᠴᠠ ᠶᠢ ᠪᠦᠷᠢᠨᠰᠢᠭᠦᠯᠵᠦ᠂ ᠨᠤᠲᠤᠭ ᠪᠡᠯᠴᠢᠭᠡᠷ ᠤᠨ ᠲᠣᠣᠷᠯᠢᠭᠵᠢᠭᠤᠯᠤᠭᠰᠠᠨ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠳᠤ ᠡᠷᠴᠢᠮ ᠬᠦᠴᠦᠨ ᠢ ᠨᠢ ᠴᠢᠩᠭᠠᠷᠠᠭᠤᠯᠤᠨ᠎ᠠ᠃ ᠨᠤᠲᠤᠭ ᠪᠡᠯᠴᠢᠭᠡᠷ ᠤᠨ ᠡᠬᠢ ᠪᠠᠶᠠᠯᠢᠭ᠂ ᠲᠠᠴᠢᠷᠳᠠᠭᠰᠠᠨ ᠨᠤᠲᠤᠭ ᠪᠡᠯᠴᠢᠭᠡᠷ ᠢ ᠵᠠᠰᠠᠬᠤ᠂ ᠠᠮᠢᠳᠤ ᠪᠣᠳᠠᠰ ᠤᠨ ᠬᠤᠣᠷ ᠬᠦᠨᠦᠭᠡᠯ ᠢ ᠰᠡᠷᠭᠡᠶᠢᠯᠡᠨ ᠳᠠᠷᠤᠬᠤ᠂ ᠪᠡᠯᠴᠢᠭᠡᠷᠯᠡᠭᠦᠯᠬᠦ ᠮᠠᠯ ᠤᠨ ᠲᠤᠭ᠎ᠠ ᠲᠣᠯᠣᠭᠠᠶ ᠵᠡᠷᠭᠡ ᠰᠠᠭᠤᠷᠢ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠬᠤᠶᠠᠷ︶ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠣᠳᠣ ᠶᠢᠨ ᠪᠠᠶᠢᠭ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠰᠠᠭᠤᠷᠢᠨ ᠳᠡᠭᠡᠷ᠎ᠡ᠂ ︽ᠡᠷᠢᠶᠡᠨᠭᠤᠪᠢ ᠶᠢᠨ ᠲᠠᠯ᠎ᠠ ᠨᠤᠲᠤᠭ︾ ᠢᠶᠠᠷ ᠲᠥᠯᠥᠭᠡᠯᠡᠭᠦᠯᠦᠭᠰᠡᠨ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠪᠦᠯᠦᠭᠵᠢᠯ ᠢ ᠡᠭᠦᠳᠦᠨ ᠪᠠᠶᠢᠭᠤᠯᠵᠤ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠢᠯᠭᠠᠭ᠎ᠠ ᠲᠠᠢ ᠬᠠᠮᠢᠶᠠᠷᠬᠤ ᠶᠢ ᠬᠡᠷᠡᠭᠵᠢᠭᠦᠯᠦᠨ᠎ᠡ᠃ ᠲᠠᠯ᠎ᠠ ᠨᠤᠲᠤᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠲᠡᠮᠳᠡᠭᠯᠡᠬᠦ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠩ ᠤᠨ ᠬᠢᠵᠠᠭᠠᠷᠯᠠᠬᠤ ᠣᠷᠣᠨ ᠪᠠ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠲᠤ ᠠᠯᠳᠠᠭᠳᠠᠯᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠦᠢᠯᠡᠳᠪᠦᠷᠢᠯᠡᠯ ᠪᠠ ᠵᠢᠭᠤᠯᠴᠢᠯᠠᠯ ᠵᠡᠷᠭᠡ ᠠᠵᠢᠯᠯᠠᠭ᠎ᠠ ᠶᠢ ᠴᠢᠩᠭ᠎ᠠ ᠬᠠᠮᠢᠶᠠᠷᠴᠤ᠂ ᠠᠮᠢ ᠠᠬᠤᠶ ᠶᠢᠨ ᠰᠢᠰᠲ᠋ᠧᠮ ᠤᠨ ᠪᠦᠷᠢᠨ ᠪᠦᠲᠦᠨ ᠴᠢᠨᠠᠷ ᠪᠠ ᠬᠤᠯᠪᠣᠯᠳᠤᠬᠤ ᠴᠢᠨᠠᠷ ᠢ ᠪᠠᠲᠤᠯᠠᠨ᠂ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠲᠣᠭᠲᠠᠨᠢᠵᠤ ᠦᠷᠡᠵᠢᠬᠦ ᠳᠤ ᠣᠷᠣᠨ ᠵᠠᠶ ᠦᠯᠡᠳᠡᠭᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠦᠲᠦᠮᠵᠢᠲᠡᠶ ᠬᠠᠮᠠᠭᠠᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠭᠤᠷᠪᠠ︶ ᠤᠯᠤᠰ ᠤᠨ ᠴᠢᠬᠤᠯᠠ ᠶᠡᠭᠡ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠪᠠᠶᠢᠭᠠᠯᠢ ᠶᠢ ᠬᠦᠨᠳᠦᠳᠬᠡᠬᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ᠂ ᠤᠰᠤ ᠬᠤᠷ᠎ᠠ ᠶᠢᠨ ᠬᠡᠮᠵᠢᠶ᠎ᠡ ᠪᠠᠷ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠂ ᠲᠠᠷᠢᠶᠠᠯᠠᠬᠤ ᠶᠢ ᠨᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠭᠤᠣᠯᠳᠠᠯᠭ᠎ᠠ ᠲᠠᠢ ᠣᠷᠣᠨ ᠪᠦᠰᠡ ᠶᠢᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠲᠤᠰᠬᠠᠶ ᠢᠨᠵᠧᠨᠧᠷᠢᠩ ᠢ ᠵᠣᠬᠢᠶᠠᠨ ᠪᠠᠶᠢᠭᠤᠯᠵᠦ ᠬᠡᠷᠡᠭᠵᠢᠭᠦᠯᠦᠨ᠂ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠨᠦᠬᠦᠪᠦᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠨ᠎ᠡ᠃ ᠪᠡᠯᠴᠢᠭᠡᠷᠯᠡᠭᠦᠯᠬᠦ ᠶᠢ ᠨᠢ ᠬᠤᠷᠢᠭᠯᠠᠵᠤ ᠪᠢᠲᠡᠭᠦᠮᠵᠢᠯᠡᠨ ᠦᠷᠡᠵᠢᠭᠦᠯᠬᠦ᠂ ᠬᠠᠭᠠᠯᠪᠤᠷᠢᠯᠠᠬᠤ ᠦᠭᠡᠶ ᠪᠠᠷ ᠨᠥᠬᠦᠵᠦ ᠲᠠᠷᠢᠬᠤ᠂ ᠦᠨᠳᠦᠰᠦ ᠶᠢ ᠨᠢ ᠠᠷᠢᠯᠭᠠᠵᠤ ᠪᠣᠷᠳᠣᠭᠤᠷ ᠣᠷᠣᠭᠤᠯᠬᠤ᠂ ᠨᠢᠰᠬᠡᠯ ᠢᠶᠠᠷ ᠲᠠᠷᠢᠬᠤ᠂ ᠡᠪᠳᠡᠭᠳᠡᠭᠰᠡᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠳᠠᠬᠢᠨᠲᠠ ᠰᠡᠷᠭᠦᠭᠡᠬᠦ ᠪᠠ ᠬᠤᠣᠷ ᠲᠠᠢ ᠠᠮᠢᠳᠤ ᠪᠣᠳᠠᠰ ᠢ ᠰᠡᠷᠭᠡᠶᠢᠯᠡᠨ ᠬᠤᠷᠢᠭᠯᠠᠬᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠨ ᠵᠠᠰᠠᠬᠤ ᠠᠵᠢᠯ ᠢ ᠥᠷᠨᠢᠭᠦᠯᠦᠨ᠂ ᠲᠠᠴᠢᠷᠳᠠᠭᠰᠠᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠠ ᠬᠥᠷᠥᠰᠥ ᠰᠢᠷᠣᠶ ᠶᠢ ᠰᠡᠷᠭᠦᠭᠡᠬᠦ ᠪᠠᠨ ᠲᠦᠷᠭᠡᠳᠬᠡᠨ᠎ᠡ᠃ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠂ ᠵᠠᠰᠠᠯᠲᠠ ᠶᠢᠨ ᠣᠷᠣᠨ ᠳᠠᠬᠢ ᠳᠠᠷᠠᠭᠠᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠷᠠᠭᠤᠯᠤᠨ᠎ᠠ᠂ ᠡᠪᠳᠡᠬᠦ ᠮᠠᠶ᠋ᠢᠭ ᠤᠨ᠂ ᠪᠠᠴᠢᠮ ᠪᠠᠶᠢᠳᠠᠯ ᠢ ᠠᠷᠭᠠᠴᠠᠭᠠᠬᠤ ᠮᠠᠶ᠋ᠢᠭ ᠤᠨ᠂ ᠳᠤᠤᠷ᠎ᠠ ᠬᠢᠷᠢ ᠲᠦᠪᠰᠢᠨ ᠲᠠᠢ ᠵᠠᠰᠠᠨ ᠰᠡᠷᠭᠦᠭᠡᠬᠦ ᠠᠵᠢᠯ ᠢ ᠬᠢᠵᠦ ᠪᠣᠯᠬᠤ ᠥᠬᠡᠶ᠃ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠮᠧᠬᠠᠨᠢᠭ ᠲᠥᠬᠦᠭᠡᠷᠦᠮᠵᠢ ᠲᠦᠪᠬᠢᠨᠡᠭᠦᠯᠬᠦ ᠳᠤ ᠨᠡᠮᠡᠭᠦᠷᠢ ᠥᠭᠬᠦ ᠨᠡᠷᠡᠰ ᠤᠨ ᠵᠢᠭᠰᠠᠭᠠᠯᠲᠠ ᠶᠢ ᠲᠣᠭᠲᠠᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠣᠨᠤᠭ ᠲᠥᠬᠦᠭᠡᠷᠦᠮᠵᠢ ᠮᠧᠬᠠᠨᠢᠭ ᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠳᠥᠷᠪᠡ︶ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠨ ᠵᠠᠰᠠᠬᠤ ᠵᠢᠷᠤᠭ ᠲᠥᠯᠥᠪᠯᠡᠭᠡ ᠶᠢᠨ ᠪᠠᠷᠢᠯᠭ᠎ᠠ ᠪᠠᠷᠢᠬᠤ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠪᠠᠯᠠ ᠣᠷᠣᠭᠤᠯᠤᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠨ ᠵᠠᠰᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠬᠤ ᠨᠢᠭᠡᠴᠢ ᠨᠢ ᠬᠡᠷᠡᠭᠵᠢᠭᠦᠯᠬᠦ ᠲᠥᠰᠦᠯ ᠪᠤᠶᠤ ᠠᠵᠢᠯᠯᠠᠬᠤ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠠᠶᠢᠮᠠᠭ ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠦᠷ᠎ᠡ ᠬᠡᠷᠡᠭᠯᠡᠬᠦ ᠪᠠ ᠮᠡᠷᠭᠡᠵᠢᠯ ᠤᠨ ᠠᠷᠭ᠎ᠠ ᠬᠡᠮᠵᠢᠶ᠎ᠡ ᠶᠢ ᠬᠢᠨᠠᠨ ᠬᠠᠷᠭᠤᠭᠤᠯᠬᠤ ᠶᠢᠨ ᠬᠠᠮᠲᠤ᠂ ᠴᠤᠬᠤᠯᠠᠪᠦᠷᠢᠯᠠᠵᠤ ᠬᠡᠷᠡᠭᠵᠢᠭᠦᠯᠦᠨ᠎ᠡ᠃ ᠨᠡᠶᠢᠭᠡᠮ ᠳᠠᠶᠠᠭᠠᠷ ᠤᠨ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠲᠠᠢ ᠲᠥᠷᠥᠯ ᠵᠦᠢᠯ ᠳᠤ ᠡᠷᠬᠡᠪᠰᠢ ᠲᠤᠰᠬᠠᠶ ᠮᠡᠷᠭᠡᠵᠢᠯᠲᠡᠨ ᠢᠶᠠᠷ ᠨᠤᠲᠠᠯᠠᠯᠲᠠ ᠬᠢᠯᠭᠡᠬᠦ ᠶᠢ ᠥᠷᠨᠢᠭᠦᠯᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠤᠨ᠎ᠠ᠃ ᠬᠤᠪᠣᠷ ᠴᠤᠬᠠᠭ ᠤᠷᠭᠤᠮᠠᠯ᠂ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠲᠤ ᠬᠤᠯᠪᠣᠭᠳᠠᠭᠰᠠᠨ ᠪᠠᠶᠢᠪᠠᠯ᠂ ᠦᠩᠭᠡᠨ ᠬᠥᠷᠥᠰᠥ ᠶᠢ ᠡᠪᠳᠡᠬᠦ᠂ ᠪᠦᠬᠦᠨ ᠢ ᠬᠠᠭᠠᠯᠪᠤᠷᠢᠯᠠᠵᠤ ᠲᠡᠭᠰᠢᠯᠡᠬᠦ ᠠᠷᠭ᠎ᠠ ᠬᠡᠮᠵᠢᠶ᠎ᠡ ᠠᠪᠬᠤ ᠶᠢ ᠴᠠᠭᠠᠵᠠᠯᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠢ ᠵᠣᠷᠢᠭᠵᠢᠭᠤᠯᠵᠤ ᠪᠠᠶᠢᠭᠠᠳ ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ ᠪᠠ ᠬᠥᠳᠡᠯᠮᠦᠷᠢᠯᠡᠭᠦᠯᠬᠦ ᠪᠠᠷ ᠳᠡᠳᠬᠦᠬᠦ ᠶᠢ ᠣᠷᠣᠯᠠᠭᠤᠯᠬᠤ ᠬᠡᠯᠪᠡᠷᠢ ᠮᠠᠶ᠋ᠢᠭ ᠢ ᠠᠪᠴᠤ ᠨᠤᠲᠤᠭ ᠪᠡᠯᠴᠢᠭᠡᠷ ᠤᠨ ᠠᠮᠢ ᠠᠬᠤᠶ ᠪᠠᠨ ᠬᠠᠮᠠᠭᠠᠯᠠᠨ ᠰᠡᠷᠭᠦᠭᠡᠬᠦ ᠶᠢ ᠦᠷᠨᠢᠭᠦᠯᠵᠦ᠂ ᠲᠠᠷᠢᠶᠠᠴᠢᠨ ᠮᠠᠯᠴᠢᠳ ᠲᠤ ᠠᠮᠢ ᠠᠬᠤᠶ ᠶᠢ ᠰᠡᠷᠭᠦᠭᠡᠬᠦ ᠪᠠᠷ ᠳᠠᠮᠵᠢᠭᠤᠯᠤᠨ ᠠᠰᠢᠭ ᠬᠦᠷᠲᠡᠭᠡᠨ᠎ᠡ᠃ ᠨᠤᠲᠤᠭ ᠪᠡᠯᠴᠢᠭᠡᠷ ᠢ ᠲᠣᠣᠷᠯᠠᠨ ᠬᠦᠷᠢᠶᠡᠯᠡᠬᠦ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ ᠢᠶᠠᠷ ᠤᠯᠠᠮᠵᠢᠯᠠᠯᠲᠤ ᠲᠣᠣᠷᠯᠠᠨ ᠬᠦᠷᠢᠶᠡᠯᠡᠬᠦ ᠪᠠᠨ ᠣᠷᠣᠯᠠᠭᠤᠯᠬᠤ ᠶᠢ ᠨᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠷᠢᠭᠤᠴᠠᠨ᠎ᠠ︶      ︵ᠠᠷᠪᠠᠨ ᠲᠠᠪᠤ︶ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠵᠠᠰᠠᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠎ᠠ᠃ ᠪᠠᠶᠢᠭᠠᠯᠢ ᠶᠢ ᠬᠦᠨᠳᠦᠳᠬᠡᠵᠦ᠂ ᠲᠠᠯ᠎ᠠ ᠨᠤᠲᠤᠭ ᠤᠨ ᠪᠠᠯᠠᠷᠯᠢᠭ ᠪᠠᠶᠢᠭᠠᠯᠢ ᠶᠢᠨ ᠥᠩᠭᠡ ᠦᠵᠡᠮᠵᠢ ᠳᠤ ᠰᠠᠭᠤᠷᠢᠯᠠᠨ᠂ ᠣᠶᠢᠵᠢᠭᠤᠯᠬᠤ ᠳᠤ ᠳᠣᠭᠢᠷᠠᠪᠠᠯ ᠣᠶᠢᠵᠢᠭᠤᠯᠵᠤ᠂ ᠡᠪᠡᠰᠦ ᠳᠠᠷᠢᠬᠤ ᠳᠤ ᠳᠣᠭᠢᠷᠠᠪᠠᠯ ᠡᠪᠡᠰᠦ ᠳᠠᠷᠢᠵᠤ᠂ ᠠᠲᠠᠷᠰᠢᠭᠤᠯᠬᠤ ᠳᠤ ᠳᠣᠭᠢᠷᠠᠪᠠᠯ ᠠᠲᠠᠷᠰᠢᠭᠤᠯᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠪᠠ ᠰᠢᠰᠲ᠋ᠧᠮ ᠲᠠᠢ ᠰᠡᠷᠭᠦᠭᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ ᠭᠠᠩ ᠬᠠᠭᠤᠷᠠᠶ ᠪᠠ ᠬᠠᠭᠠᠰ ᠭᠠᠩ ᠬᠠᠭᠤᠷᠠᠶ ᠭᠠᠵᠠᠷ ᠣᠷᠣᠨ ᠤ ᠪᠣᠲᠠ ᠮᠣᠳᠣᠨ ᠤ ᠤᠷᠭᠤᠮᠠᠯ ᠲᠠᠢ ᠬᠠᠳᠤᠯᠠᠩ ᠪᠡᠯᠴᠢᠭᠡᠷ ᠲᠤ ᠤᠰᠤᠯᠠᠯᠲᠠ ᠪᠠᠷ ᠨᠤᠭᠤᠭᠠᠷᠠᠭᠤᠯᠬᠤ ᠪᠠᠨ ᠲᠣᠭᠲᠠᠭᠠᠬᠤ ᠶᠢ ᠪᠠᠷᠢᠮᠲᠠᠯᠠᠨ᠂ ᠤᠰᠤᠯᠠᠬᠤ ᠪᠠ ᠡᠪᠡᠰᠦ ᠲᠠᠷᠢᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ ᠰᠢᠭᠤᠶᠢᠲᠤ ᠣᠷᠣᠨ ᠪᠠ ᠣᠶ ᠰᠢᠭᠤᠶ ᠬᠢᠭᠡᠳ ᠡᠪᠡᠰᠦ ᠪᠡᠯᠴᠢᠭᠡᠷ ᠰᠣᠯᠪᠢᠴᠠᠭᠰᠠᠨ ᠭᠠᠵᠠᠷ ᠲᠤ ᠣᠶ ᠰᠢᠭᠤᠶ ᠶᠢᠨ ᠵᠠᠬ᠎ᠠ ᠶᠢᠨ ᠪᠡᠯᠴᠢᠭᠡᠷ ᠢ ᠬᠡᠪ ᠢᠶᠠᠷ ᠨᠢ ᠪᠠᠶᠢᠯᠭᠠᠵᠤ᠂ ᠣᠶᠢᠲᠤ ᠭᠠᠵᠠᠷ᠂ ᠪᠡᠯᠴᠢᠭᠡᠷ ᠤᠨ ᠰᠢᠬᠢᠳᠭᠡᠬᠦ ᠲᠠᠷᠬᠠᠯᠲᠠ ᠶᠢᠨ ᠬᠠᠮ ᠠᠮᠢ ᠠᠬᠤᠶ ᠶᠢᠨ ᠰᠢᠰᠲ᠋ᠧᠮ ᠢ ᠲᠣᠭᠲᠠᠭᠤᠨ ᠪᠠᠶᠢᠯᠭᠠᠨ᠎ᠠ᠃ ᠨᠤᠲᠤᠭ ᠪᠡᠯᠴᠢᠭᠡᠷ ᠤᠨ ᠣᠷᠣᠨ ᠳᠠᠬᠢ ᠠᠮᠢ ᠠᠬᠤᠶ ᠨᠢ ᠬᠡᠪᠡᠷᠡᠭ᠂ ᠠᠮᠢ ᠠᠬᠤᠶ ᠶᠢᠨ ᠣᠷᠣᠨ ᠪᠠᠶᠢᠷᠢ ᠨᠢ ᠴᠢᠬᠤᠯᠠ ᠪᠣᠯᠬᠤ ᠲᠠᠴᠢᠷᠳᠠᠭᠰᠠᠨ ᠨᠤᠲᠤᠭ ᠪᠡᠯᠴᠢᠭᠡᠷ ᠲᠤ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠵᠤ ᠬᠠᠮᠢᠶᠠᠷᠬᠤ ᠶᠢ ᠴᠢᠩᠭᠠᠳᠬᠠᠨ᠂ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠨᠤᠲᠤᠭ ᠪᠡᠯᠴᠢᠭᠡᠷ ᠲᠤ ᠮᠣᠳᠣ ᠲᠠᠷᠢᠬᠤ ᠶᠢ ᠴᠢᠩᠭ᠎ᠠ ᠬᠤᠷᠢᠭᠯᠠᠨ᠎ᠠ᠃ ᠨᠤᠲᠤᠭ ᠤᠨ ᠲᠣᠬᠢᠷᠠᠮᠵᠢᠲᠠᠶ ᠡᠪᠡᠰᠦᠨ ᠤ ᠦᠷ᠎ᠡ ᠶᠢ ᠡᠩ ᠲᠡᠷᠢᠭᠦᠨ ᠳᠤ ᠰᠣᠩᠭᠤᠨ ᠬᠡᠷᠡᠭᠯᠡᠵᠦ ᠨᠤᠲᠤᠭ ᠪᠡᠯᠴᠢᠭᠡᠷ ᠤᠨ ᠠᠮᠢ ᠠᠬᠤᠶ ᠪᠠᠨ ᠰᠡᠷᠭᠦᠭᠡᠨ ᠵᠠᠰᠠᠬᠤ ᠶᠢ ᠥᠷᠨᠢᠭᠦᠯᠵᠦ᠂ ᠭᠠᠳᠠᠭᠠᠳᠤ ᠠᠴᠠ ᠣᠷᠣᠭᠤᠯᠤᠭᠰᠠᠨ᠂ ᠭᠠᠳᠠᠨ᠎ᠠ ᠠᠴᠠ ᠠᠪᠴᠢᠷᠠᠭᠰᠠᠨ ᠵᠢᠴᠢ ᠬᠥᠮᠦᠨ ᠤ ᠪᠡᠶ᠎ᠡ ᠳᠤ ᠬᠠᠷᠰᠢᠮᠠᠲᠠᠭᠠᠢ ᠡᠪᠡᠰᠦᠨ ᠤ ᠦᠷ᠎ᠡ ᠶᠢ ᠪᠣᠯᠭᠤᠮᠵᠢᠲᠠᠶ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠵᠢᠷᠭᠤᠭ᠎ᠠ︶ ᠬᠥᠮᠦᠨ ᠤ ᠬᠦᠴᠦ ᠪᠠᠷ ᠡᠪᠡᠰᠦ ᠲᠠᠷᠢᠬᠤ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠵᠤ ᠳᠡᠮᠵᠢᠨ᠎ᠡ᠃ ᠰᠤᠯᠠ ᠲᠠᠷᠢᠶᠠᠨ ᠭᠠᠵᠠᠷ᠂ ᠲᠠᠷᠢᠶᠠᠯᠠᠬᠤ ᠶᠢ ᠨᠢ ᠵᠣᠭᠰᠣᠭᠠᠵᠤ ᠪᠡᠯᠴᠢᠭᠡᠷ ᠰᠡᠷᠭᠦᠭᠡᠬᠦ ᠭᠠᠵᠠᠷ᠂ ᠲᠡᠵᠢᠭᠡᠯ ᠡᠪᠡᠰᠦ ᠪᠣᠷᠳᠣᠭᠠᠨ ᠤ ᠭᠠᠵᠠᠷ ᠵᠡᠷᠭᠡ ᠭᠠᠵᠠᠷ ᠰᠢᠷᠣᠶ ᠶᠢᠨ ᠡᠬᠢ ᠪᠠᠶᠠᠯᠢᠭ ᠢ ᠠᠰᠢᠭᠯᠠᠵᠤ᠂ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠦᠷᠨᠢᠭᠦᠯᠦᠨ᠂ ᠲᠠᠷᠢᠶᠠᠴᠢᠨ ᠮᠠᠯᠴᠢᠳ ᠳᠠᠭᠠᠭᠠᠴᠢᠯᠠᠭᠰᠠᠨ ᠨᠤᠲᠤᠭ ᠪᠡᠯᠴᠢᠭᠡᠷ ᠲᠤ ᠪᠠᠨ ᠲᠡᠵᠢᠭᠡᠯ ᠡᠪᠡᠰᠦ ᠪᠣᠷᠳᠣᠭᠠᠨ ᠤ ᠭᠠᠵᠠᠷ ᠢ ᠰᠢᠨ᠎ᠡ ᠪᠠᠷ ᠪᠠᠶᠢᠭᠤᠯᠬᠤ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ ᠳᠤ ᠨᠡᠶᠢᠴᠡᠭᠦᠯᠬᠦ ᠬᠡᠷᠡᠭᠲᠡᠶ᠃ ᠭᠠᠩ ᠬᠠᠭᠤᠷᠠᠶ ᠪᠠ ᠬᠠᠭᠠᠰ ᠭᠠᠩ ᠬᠠᠭᠤᠷᠠᠶ ᠣᠷᠣᠨ ᠳᠤ᠂ ᠨᠢᠭᠡ ᠨᠠᠰᠤᠲᠤ ᠲᠡᠵᠢᠭᠡᠯ ᠡᠪᠡᠰᠦ ᠳᠠᠷᠢᠬᠤ ᠬᠡᠪᠴᠢᠶ᠎ᠡ ᠶᠢ ᠪᠠᠭᠠᠰᠬᠠᠵᠤ᠂ ᠭᠠᠩ ᠬᠠᠭᠤᠷᠠᠶ ᠭᠠᠵᠠᠷ ᠢᠶᠠᠷ ᠲᠠᠷᠢᠬᠤ ᠳᠤ ᠲᠣᠬᠢᠷᠠᠬᠤ ᠬᠡᠯᠪᠡᠷᠢ ᠶᠢᠨ ᠣᠯᠠᠨ ᠨᠠᠰᠤᠲᠤ ᠲᠠᠷᠢᠮᠠᠯ ᠪᠡᠯᠴᠢᠭᠡᠷ ᠢ ᠤᠷᠢᠳ ᠢᠶᠠᠷ ᠬᠥᠭᠵᠢᠭᠦᠯᠦᠨ᠎ᠡ᠃ ᠨᠤᠲᠤᠭ ᠪᠡᠯᠴᠢᠭᠡᠷ ᠤᠨ ᠣᠷᠣᠨ ᠳᠤ ᠬᠥᠬᠡ ᠳᠠᠷᠤᠰᠢ ᠶᠢᠨ ᠲᠡᠵᠢᠭᠡᠯ ᠡᠪᠡᠰᠦ ᠪᠣᠷᠳᠤᠭ᠎ᠠ ᠲᠠᠷᠢᠬᠤ ᠪᠠᠷ ᠭᠤᠤᠯ ᠪᠣᠯᠭᠠᠭᠰᠠᠨ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠲᠤ ᠲᠠᠷᠢᠬᠤ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠣᠯᠠᠨ ᠨᠠᠰᠤᠲᠤ ᠲᠠᠷᠢᠮᠠᠯ ᠪᠡᠯᠴᠢᠭᠡᠷ ᠪᠣᠯᠭᠠᠬᠤ ᠶᠢ ᠠᠯᠬᠤᠮ ᠠᠯᠬᠤᠮ ᠢᠶᠠᠷ ᠲᠣᠬᠢᠷᠠᠭᠤᠯᠤᠨ ᠰᠡᠷᠭᠦᠭᠡᠨ᠎ᠡ᠃ ᠲᠠᠯ᠎ᠠ ᠨᠤᠲᠤᠭ ᠤᠨ ᠮᠠᠯᠵᠢᠬᠤ ᠣᠷᠣᠨ ᠤ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠵᠦ᠂ ᠭᠠᠮᠰᠢᠭ ᠲᠠᠢ ᠲᠡᠮᠡᠴᠡᠵᠦ ᠮᠠᠯ ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠡᠯᠴᠢᠭᠡᠷ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠥᠷᠥᠭᠦᠯᠡᠨ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠳᠣᠯᠤᠭ᠎ᠠ︶ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠲᠤ ᠨᠡᠶᠢᠳᠡᠮ ᠪᠠᠶᠢᠴᠠᠭᠠᠵᠤ ᠴᠤᠭᠯᠠᠭᠤᠯᠬᠤ ᠪᠠ ᠬᠠᠮᠠᠭᠠᠯᠠᠬᠤ ᠠᠵᠢᠯ ᠢ ᠦᠷᠨᠢᠭᠦᠯᠦᠨ᠎ᠡ᠃ ᠮᠠᠨ ᠤ ᠣᠷᠣᠨ ᠤ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠣᠳᠣᠬᠢ ᠪᠠᠶᠢᠳᠠᠯ ᠢ ᠲᠣᠳᠣᠷᠬᠠᠢ ᠣᠶᠢᠯᠠᠭᠠᠵᠤ᠂ ᠡᠯ᠎ᠡ ᠲᠥᠷᠥᠯ ᠤᠨ ᠡᠪᠡᠰᠦᠨ ᠤ ᠦᠷ᠎ᠡ ᠶᠢᠨ ᠡᠬᠢ ᠪᠠᠶᠠᠯᠢᠭ ᠢ ᠴᠤᠭᠯᠠᠭᠤᠯᠤᠨ ᠬᠠᠳᠠᠭᠠᠯᠠᠵᠤ᠂ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠲᠤ ᠡᠯᠪᠡᠭ ᠲᠥᠪᠯᠡᠷᠡᠩᠭᠦᠢ ᠣᠷᠣᠨ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠤᠤᠭᠠᠯ ᠣᠷᠴᠢᠨ ᠲᠣᠭᠤᠷᠢᠨ ᠳᠤ ᠬᠠᠮᠠᠭᠠᠯᠠᠬᠤ ᠠᠵᠢᠯ ᠢ ᠥᠷᠨᠢᠭᠦᠯᠵᠦ᠂ ᠤᠰᠠᠳᠬᠤ ᠰᠢᠬᠠᠭᠰᠠᠨ ᠬᠤᠪᠣᠷ ᠴᠤᠬᠠᠭ᠂ ᠣᠨᠴᠠᠭᠠᠢ ᠦᠷ᠎ᠡ᠂ ᠨᠤᠲᠤᠭ ᠤᠨ ᠴᠢᠬᠤᠯᠠ ᠪᠣᠯᠬᠤ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠠᠮᠤᠷ ᠲᠦᠪᠰᠢᠨ ᠬᠠᠳᠠᠭᠠᠯᠠᠵᠤ᠂ ᠤᠳᠤᠮᠰᠢᠯ ᠤᠨ ᠤᠯᠠᠨ ᠶᠠᠩᠵᠤᠲᠤ ᠴᠢᠨᠠᠷ ᠢ ᠬᠠᠮᠠᠭᠠᠯᠠᠨ᠎ᠠ᠃ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠲᠣᠭᠲᠠᠯᠴᠠᠭ᠎ᠠ ᠶᠢ ᠪᠠᠶᠢᠭᠤᠯᠵᠤ᠂ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠪᠠ ᠡᠬᠢ ᠪᠠᠶᠠᠯᠢᠭ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠳᠡᠮᠵᠢᠵᠦ᠂ ᠤᠷᠲᠤ ᠬᠤᠭᠤᠴᠠᠭ᠎ᠠ ᠪᠠᠷ ᠦᠷᠭᠦᠯᠵᠢᠯᠡᠭᠰᠡᠨ ᠣᠷᠣᠭᠤᠯᠤᠯᠲᠠ ᠬᠢᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠵᠤ ᠦᠨᠡᠯᠡᠬᠦ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠡᠪᠡᠰᠦᠨ ᠦᠷ᠎ᠡ ᠶᠢᠨ ᠨᠡᠷᠡᠰ ᠤᠨ ᠵᠢᠭᠰᠠᠭᠠᠯᠲᠠ ᠶᠢ ᠨᠠᠶᠢᠷᠠᠭᠤᠯᠤᠨ ᠵᠣᠬᠢᠶᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠨᠠᠢᠮᠠ︶ ᠡᠪᠡᠰᠦᠨ ᠤ ᠦᠷ᠎ᠡ ᠶᠢᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠪᠡᠰᠦᠨ ᠤ ᠦᠷ᠎ᠡ ᠡᠭᠦᠯᠳᠡᠷ ᠤᠨ ᠣᠷᠣᠨ ᠪᠦᠰᠡ ᠶᠢᠨ ᠲᠤᠷᠰᠢᠯᠲᠠ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠢᠨ᠎ᠡ ᠡᠪᠡᠰᠦᠨ ᠤ ᠦᠷ᠎ᠡ ᠡᠭᠦᠯᠳᠡᠷ ᠢ ᠬᠢᠨᠠᠨ ᠲᠣᠭᠲᠠᠭᠠᠬᠤ ᠶᠢ ᠴᠢᠩᠭᠠᠳᠬᠠᠨ᠂ ᠨᠢᠭᠡ ᠪᠦᠯᠦᠭ ᠲᠣᠬᠢᠷᠠᠯᠴᠠᠬᠤ ᠴᠢᠨᠠᠷ ᠢᠶᠠᠷ ᠴᠢᠩᠭ᠎ᠠ ᠰᠠᠶᠢᠨ ᠦᠷ᠎ᠡ ᠡᠭᠦᠯᠳᠡᠷ ᠢ ᠰᠣᠩᠭᠤᠨ ᠪᠤᠶᠢᠵᠢᠭᠤᠯᠤᠨ᠎ᠠ᠃ ᠰᠢᠯᠢᠳᠡᠭ ᠰᠠᠶᠢᠨ ᠡᠪᠡᠰᠦᠨ ᠤ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠦᠢᠯᠡᠳᠪᠦᠷᠢᠯᠡᠯ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠵᠦ᠂ ᠨᠢᠭᠡ ᠪᠦᠯᠦᠭ ᠡᠪᠡᠰᠦᠨ ᠦᠷ᠎ᠡ ᠶᠢᠨ ᠦᠢᠯᠡᠰ ᠤᠨ ᠣᠳᠣᠬᠢᠴᠢᠯᠠᠭᠰᠠᠨ ᠳᠠᠭᠠᠭᠤᠯᠤᠭᠴᠢ ᠠᠵᠤ ᠠᠬᠤᠶᠢᠯᠠᠯ ᠢ ᠪᠣᠢ ᠪᠣᠯᠭᠠᠵᠤ᠂ ᠨᠢᠭᠡ ᠪᠦᠯᠦᠭ ᠪᠠᠷᠢᠮᠵᠢᠶᠠᠵᠢᠭᠤᠯᠤᠨ᠂ ᠡᠷᠴᠢᠮᠵᠢᠭᠦᠯᠦᠨ᠂ ᠦᠢᠯᠡᠳᠪᠦᠷᠢᠯᠡᠯ ᠤᠨ ᠬᠦᠴᠦᠨ ᠢᠶᠠᠨ ᠲᠣᠭᠲᠠᠪᠤᠷᠢᠵᠢᠭᠤᠯᠤᠨ᠂ ᠠᠵᠤ ᠦᠢᠯᠡᠰᠵᠢᠭᠦᠯᠦᠨ ᠡᠵᠡᠩᠨᠡᠭᠰᠡᠨ ᠡᠪᠡᠰᠦᠨ ᠤ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠨᠢ ᠡᠯᠪᠡᠭ ᠲᠦᠪᠯᠡᠷᠡᠩᠭᠦᠢ ᠪᠠᠶᠢᠭ᠎ᠠ ᠪᠠᠶᠢᠭᠠᠯᠢᠯᠢᠭ ᠨᠤᠲᠤᠭ ᠪᠡᠯᠴᠢᠭᠡᠷ ᠢ ᠬᠠᠮᠠᠭᠠᠯᠠᠵᠤ᠂ ᠨᠤᠲᠤᠭ ᠤᠨ ᠬᠡᠭᠡᠷ᠎ᠡ ᠶᠢᠨ ᠡᠪᠡᠰᠦᠨ ᠤ ᠦᠷ᠎ᠡ ᠶᠢ ᠲᠡᠭᠦᠵᠦ ᠴᠤᠭᠯᠠᠭᠤᠯᠬᠤ ᠪᠠ ᠠᠰᠢᠭᠯᠠᠬᠤ ᠶᠢ ᠨᠢ ᠵᠣᠷᠢᠭᠵᠢᠭᠤᠯᠤᠨ ᠥᠷᠨᠢᠭᠦᠯᠵᠦ᠂ ᠨᠤᠲᠤᠭ ᠤᠨ ᠬᠡᠭᠡᠷ᠎ᠡ ᠶᠢᠨ ᠡᠪᠡᠰᠦᠨ ᠤ ᠦᠷ᠎ᠡ ᠶᠢ ᠨᠤᠲᠤᠭ ᠪᠡᠯᠴᠢᠭᠡᠷ ᠤᠨ ᠠᠮᠢ ᠠᠬᠤᠶ ᠪᠠᠨ ᠬᠠᠮᠠᠭᠠᠯᠠᠨ ᠰᠡᠷᠭᠦᠭᠡᠬᠦ ᠭᠤᠣᠯᠳᠠᠯᠭ᠎ᠠ ᠲᠠᠢ ᠢᠨᠵᠧᠨᠧᠷᠢᠩ ᠳᠤ ᠬᠡᠷᠡᠭᠯᠡᠬᠦ ᠲᠣᠭᠲᠠᠴᠠ ᠶᠢ ᠬᠠᠶᠢᠨ ᠰᠦᠪᠡᠭᠴᠢᠯᠡᠨ᠎ᠡ᠃ ︽ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠨ︾ ᠬᠦᠭᠵᠢᠭᠰᠡᠨ ᠡᠪᠡᠰᠦᠨ ᠤ ᠦᠷ᠎ᠡ ᠶᠢᠨ ᠦᠢᠯᠡᠰ ᠢ ᠲᠦᠷᠭᠡᠳᠬᠡᠨ ᠪᠣᠶ ᠪᠣᠯᠭᠠᠨ᠎ᠠ᠃ ᠡᠪᠡᠰᠦᠨ ᠤ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠲᠤ ᠵᠦᠪᠰᠢᠶᠡᠷᠡᠨ ᠣᠷᠤᠭᠤᠯᠬᠤ ᠨᠥᠬᠦᠴᠡᠯ ᠪᠠ ᠪᠠᠷᠢᠮᠵᠢᠶ᠎ᠠ ᠶᠢ ᠴᠢᠩᠳᠠᠯᠠᠵᠤ᠂ ᠦᠢᠯᠡᠳᠪᠦᠷᠢᠯᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠣᠰᠣᠭᠠᠷ ᠬᠢᠨᠠᠨ ᠣᠯᠭᠤᠵᠤ᠂ ᠦᠷ᠎ᠡ ᠡᠭᠦᠯᠳᠡᠷ ᠤᠨ ᠭᠡᠷᠡᠴᠢᠯᠡᠭᠡ᠂ ᠭᠠᠷᠤᠯᠲᠠ ᠶᠢᠨ ᠣᠷᠣᠨ ᠤ ᠭᠡᠷᠡᠴᠢᠯᠡᠭᠡ ᠪᠠ ᠶᠠᠰᠤ ᠴᠢᠨᠠᠷ ᠤᠨ ᠭᠡᠷᠡᠴᠢᠯᠡᠭᠡ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠵᠦᠪᠰᠢᠶᠡᠷᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠰᠠᠶᠢᠨ ᠦᠷ᠎ᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠪᠠ ᠡᠪᠡᠰᠦᠨ ᠤ ᠦᠷ᠎ᠡ ᠶᠢᠨ ᠮᠡᠳᠡᠯᠭᠡ ᠶᠢᠨ ᠦᠮᠴᠢᠯᠠᠯ ᠤᠨ ᠡᠷᠬᠡ ᠶᠢ ᠬᠠᠮᠠᠭᠠᠯᠠᠬᠤ ᠳᠦᠷᠢᠮ ᠢᠶᠠᠨ ᠪᠦᠷᠢᠨᠰᠢᠭᠦᠯᠵᠦ᠂ ᠡᠪᠡᠰᠦᠨ ᠤ ᠦᠷ᠎ᠡ ᠶᠢᠨ ᠮᠥᠷᠳᠡᠨ ᠤᠬᠤᠴᠢᠯᠠᠵᠤ ᠭᠡᠷᠡᠴᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠ ᠶᠢᠰᠦ︶ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠬᠤᠣᠷ ᠬᠦᠨᠦᠭᠡᠯ ᠢ ᠰᠡᠷᠭᠡᠶᠢᠯᠡᠨ ᠳᠠᠷᠤᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠨ ᠤ ᠠᠵᠢᠭᠯᠠᠵᠤ ᠰᠢᠨᠵᠢᠨ ᠮᠡᠳᠡᠭᠦᠯᠦᠭᠴᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨᠠᠨ ᠰᠢᠨᠵᠢᠵᠤ ᠤᠷᠢᠳᠴᠢᠯᠠᠨ ᠰᠡᠷᠡᠮᠵᠢᠯᠡᠭᠦᠯᠬᠦ ᠲᠤᠤᠷ ᠰᠦᠯᠵᠢᠶ᠎ᠡ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠨᠤᠲᠤᠭ ᠪᠡᠯᠴᠢᠭᠡᠷ ᠤᠨ ᠬᠤᠣᠷ ᠲᠠᠢ ᠠᠮᠢᠳᠤ ᠪᠣᠳᠠᠰ ᠲᠤ ᠨᠡᠶᠢᠳᠡᠮ ᠪᠠᠶᠢᠴᠠᠭᠠᠯᠲᠠ ᠪᠠ ᠡᠳᠦᠷ ᠲᠤᠲᠤᠮ ᠤᠨ ᠪᠠᠶᠢᠴᠠᠭᠠᠯᠲᠠ ᠶᠢ ᠥᠷᠨᠢᠭᠦᠯᠵᠦ᠂ ︽3 S︾ ︽5 G︾ ︽ᠢᠨᠲ᠋ᠧᠷ ᠰᠦᠯᠵᠢᠶ᠎ᠡ +︾ ᠵᠡᠷᠭᠡ ᠮᠡᠷᠭᠡᠵᠢᠯ ᠲᠠᠢ ᠤᠶᠠᠯᠳᠤᠭᠤᠯᠤᠨ᠂ ᠪᠥᠬᠦ ᠣᠷᠣᠨ ᠤ ᠨᠤᠲᠤᠭ ᠪᠡᠯᠴᠢᠭᠡᠷ ᠲᠤ ᠪᠠᠶᠢᠩᠭᠤ ᠲᠣᠬᠢᠶᠠᠯᠳᠤᠳᠠᠭ ᠬᠤᠣᠷ ᠲᠠᠢ ᠠᠮᠢᠳᠤ ᠪᠣᠳᠠᠰ ᠤᠨ ᠲᠥᠷᠥᠯ᠂ ᠬᠤᠣᠷᠳᠠᠭᠳᠠᠬᠤ ᠲᠠᠯᠠᠪᠠᠶ᠂ ᠬᠤᠣᠷᠳᠠᠭᠳᠠᠬᠤ ᠬᠡᠮᠵᠢᠶ᠎ᠡ᠂ ᠣᠷᠣᠨ ᠵᠠᠶ ᠶᠢᠨ ᠲᠠᠷᠬᠠᠯᠲᠠ ᠶᠢᠨ ᠣᠨᠴᠠᠯᠢᠭ ᠵᠡᠷᠭᠡ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠵᠤ᠂ ᠬᠢᠨᠠᠨ ᠰᠢᠨᠵᠢᠵᠦ ᠰᠡᠷᠡᠮᠵᠢᠯᠡᠭᠦᠯᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠬᠤᠣᠷ ᠬᠦᠨᠦᠭᠡᠯ ᠤᠨ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠪᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢ ᠨᠦᠬᠡᠴᠡᠯᠡᠨ᠎ᠡ᠃ ᠬᠡᠷᠡᠭᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ ᠳᠡᠯᠭᠡᠷᠡᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠳᠤ ᠪᠠᠶᠢᠩᠭᠤᠵᠢᠭᠰᠠᠨ ᠰᠡᠷᠭᠡᠶᠢᠯᠡᠵᠦ ᠡᠵᠡᠮᠳᠡᠬᠦ ᠲᠣᠭᠲᠠᠴᠠ ᠶᠢ ᠢᠳᠡᠪᠬᠢᠲᠡᠶ ᠰᠦᠪᠡᠭᠴᠢᠯᠡᠨ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ᠂ ᠨᠡᠶᠢᠭᠡᠮᠴᠢᠯᠡᠭᠰᠡᠨ ᠰᠡᠷᠭᠡᠶᠢᠯᠡᠵᠦ ᠡᠵᠡᠮᠳᠡᠬᠦ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠶᠡᠷᠦᠩᠬᠡᠶᠢᠯᠡᠭᠰᠡᠨ ᠰᠡᠷᠭᠡᠶᠢᠯᠡᠵᠦ ᠡᠵᠡᠮᠳᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠣᠷᠲᠤ ᠡᠪᠡᠰᠦ ᠶᠢ ᠰᠡᠷᠭᠡᠶᠢᠯᠡᠨ ᠳᠠᠷᠤᠬᠤ ᠡᠷᠴᠢᠮ ᠢᠶᠠᠨ ᠴᠢᠩᠭᠠᠷᠠᠭᠤᠯᠵᠤ᠂ ᠦᠷᠭᠡᠰᠦᠯᠢᠭ ᠳᠤᠭᠲᠤᠶᠢᠲᠤ ᠨᠣᠬᠠᠢ ᠶᠢᠨ ᠦᠵᠦᠮ ᠪᠠ ᠲᠠᠷᠠᠮᠠᠭ ᠢᠮᠠᠭᠠᠨ ᠵᠠᠩᠭᠤᠤ ᠡᠪᠡᠰᠦ ᠵᠡᠷᠭᠡ ᠭᠠᠳᠠᠨ᠎ᠠ ᠠᠴᠠ ᠣᠷᠣᠵᠤ ᠢᠷᠡᠭᠰᠡᠨ ᠡᠪᠡᠰᠦᠨ ᠤ ᠦᠷ᠎ᠡ ᠶᠢ ᠭᠤᠣᠯᠳᠠᠯᠭ᠎ᠠ ᠲᠠᠢ ᠰᠡᠷᠭᠡᠶᠢᠯᠡᠨ ᠬᠤᠷᠢᠭᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢ︶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢᠶᠠᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠲᠦᠭᠰᠢᠭᠦᠷᠢ ᠳᠤ ᠨᠡᠶᠢᠳᠡᠮ ᠪᠠᠶᠢᠴᠠᠭᠠᠯᠲᠠ ᠬᠢᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠣᠷᠣᠨ ᠤ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠤᠨ ᠲᠦᠭᠰᠢᠭᠦᠷᠢ ᠶᠢᠨ ᠳᠠᠯᠳᠠ ᠭᠡᠮ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠭᠤᠣᠯᠳᠠᠯᠭ᠎ᠠ ᠪᠣᠯᠬᠤ ᠣᠷᠣᠨ ᠪᠦᠰᠡ ᠶᠢᠨ ᠭᠠᠮᠰᠢᠭ ᠲᠠᠢ ᠲᠡᠮᠡᠴᠡᠬᠦ ᠴᠢᠳᠠᠪᠤᠷᠢ ᠶᠢ ᠪᠠᠶᠢᠴᠠᠭᠠᠨ ᠲᠣᠳᠣᠯᠠᠨ᠎ᠠ᠃ ᠬᠢᠯᠢ ᠶᠢᠨ ᠭᠠᠳᠠᠨᠠᠬᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢᠶᠠᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠢ ᠰᠡᠷᠡᠮᠵᠢᠯᠡᠭᠦᠯᠵᠦ ᠬᠢᠨᠠᠨ ᠰᠢᠨᠵᠢᠬᠦ᠂ ᠭᠠᠯ ᠲᠦᠢᠮᠡᠷ ᠤᠨ ᠢᠷᠡᠯᠳᠡ ᠶᠢ ᠬᠠᠮᠢᠶᠠᠷᠬᠤ᠂ ᠴᠠᠭᠳᠠᠨ ᠪᠠᠶᠢᠴᠠᠭᠠᠵᠤ ᠬᠠᠮᠠᠭᠠᠯᠠᠬᠤ᠂ ᠤᠬᠠᠭᠤᠯᠵᠤ ᠬᠦᠮᠦᠵᠢᠭᠦᠯᠬᠦ᠂ ᠶᠡᠷᠦᠩᠬᠡᠶ ᠳᠤ ᠨᠢ ᠪᠠᠲᠤᠯᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠭᠠᠯ ᠲᠦᠢᠮᠡᠷ ᠤᠨ ᠰᠡᠷᠭᠡᠶᠢᠯᠡᠨ ᠬᠤᠷᠢᠭᠯᠠᠬᠤ ᠪᠦᠰᠡ ᠶᠢ ᠪᠠᠶᠢᠭᠤᠯᠤᠨ᠂ ᠠᠶᠠᠨᠳᠠᠭᠠᠨ ᠤ᠂ ᠪᠠᠷᠢᠯᠭ᠎ᠠ ᠶᠢᠨ᠂ ᠠᠮᠢᠳᠤ ᠪᠣᠳᠠᠰᠲᠤ ᠬᠠᠯᠬᠠᠯᠠᠬᠤ ᠪᠦᠰᠡ ᠶᠢᠨ ᠨᠢᠭᠡ ᠴᠤᠭᠴᠠᠵᠢᠭᠰᠠᠨ ᠬᠠᠯᠬᠠᠯᠠᠵᠤ ᠬᠤᠷᠢᠭᠯᠠᠬᠤ ᠰᠢᠰᠲ᠋ᠧᠮ ᠢ ᠪᠠᠶᠢᠭᠤᠯᠵᠤ᠂ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠬᠦ᠂ ᠭᠠᠯ ᠲᠦᠢᠮᠡᠷ ᠤᠨ ᠢᠷᠡᠯᠳᠡ ᠶᠢ ᠬᠠᠮᠢᠶᠠᠷᠤᠨ ᠬᠤᠷᠢᠭᠯᠠᠬᠤ ᠪᠠ ᠨᠤᠲᠤᠭ ᠪᠡᠯᠴᠢᠭᠡᠷ ᠤᠨ ᠭᠠᠯ ᠲᠦᠢᠮᠡᠷ ᠭᠠᠷᠤᠭᠰᠠᠨ ᠳᠠᠷᠤᠢ ᠳᠤ ᠨᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠲᠤᠰᠬᠠᠶ ᠠᠵᠢᠯ ᠤᠨ ᠡᠩᠨᠡᠭᠡ᠂ ᠮᠠᠯᠵᠢᠬᠤ ᠣᠷᠣᠨ ᠤ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠵᠠᠮ᠂ ᠠᠭᠠᠷ ᠠᠶᠠᠯᠠᠯ ᠤᠨ ᠭᠠᠯ ᠰᠡᠷᠭᠡᠶᠢᠯᠡᠬᠦ ᠥᠷᠲᠡᠭᠡ ᠪᠠ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠨ᠂ ︽ᠡᠷᠲᠡ ᠣᠯᠵᠤ ᠮᠡᠳᠡᠬᠦ᠂ ᠡᠷᠲᠡ ᠰᠢᠢᠳᠪᠦᠷᠢᠯᠡᠬᠦ︾ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠮᠡᠳᠡᠭᠡ ᠵᠠᠩᠭᠢ ᠶᠢᠨ ᠰᠠᠭᠠᠳ ᠦᠭᠡᠶ ᠳᠠᠮᠵᠢᠨ ᠨᠡᠪᠲᠡᠷᠡᠬᠦ ᠴᠢᠨᠠᠷ ᠪᠠ ᠴᠠᠭ ᠬᠤᠭᠤᠴᠠᠭᠠᠲᠤ ᠴᠢᠨᠠᠷ ᠢ ᠦᠨᠡᠨ ᠬᠦ ᠪᠠᠲᠤᠯᠠᠨ᠎ᠠ᠃ ︽ᠢᠨᠲ᠋ᠧᠷ ᠰᠦᠯᠵᠢᠶ᠎ᠡ+ ᠭᠠᠯ ᠰᠡᠷᠭᠡᠶᠢᠯᠡᠬᠦ︾᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠬᠠᠮᠠᠭᠠᠯᠠᠬᠤ ᠵᠠᠭᠪᠤᠷ ᠢ ᠢᠳᠡᠪᠬᠢᠲᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠲᠣᠭᠠᠵᠢᠭᠤᠯᠤᠭᠰᠠᠨ ᠮᠡᠳᠡᠭᠡ ᠵᠠᠩᠭᠢ ᠶᠢᠨ ᠪᠦᠷᠢᠨ ᠲᠡᠭᠦᠯᠳᠡᠷ ᠲᠣᠭᠲᠠᠯᠴᠠᠭ᠎ᠠ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠨᠢᠭᠡ︶ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠨᠢ ᠲᠦᠷᠭᠡᠳᠬᠡᠨ᠎ᠡ᠃ ᠲᠠᠯ᠎ᠠ ᠨᠤᠲᠤᠭ ᠤᠨ ᠮᠠᠯᠵᠢᠬᠤ ᠣᠷᠣᠨ ᠳᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠨᠢ ᠵᠣᠭᠰᠣᠭᠠᠵᠤ ᠰᠡᠯᠭᠦᠨ ᠪᠡᠯᠴᠢᠭᠡᠷᠯᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠯᠠᠭᠠᠨ ᠰᠠᠷᠠᠪᠴᠢ᠂ ᠡᠪᠡᠰᠦ ᠬᠠᠳᠠᠭᠠᠯᠠᠬᠤ ᠰᠠᠷᠠᠪᠴᠢ ᠵᠡᠷᠭᠡ ᠪᠡᠯᠴᠢᠭᠡᠷ ᠤᠨ ᠮᠠᠯ ᠠᠵᠤ ᠠᠬᠤᠶ ᠶᠢᠨ ᠰᠠᠭᠤᠷᠢ ᠪᠡᠯᠡᠳᠭᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠬᠦ᠂ ᠬᠡᠷ ᠤᠨ ᠲᠡᠵᠢᠭᠡᠪᠦᠷᠢ ᠶᠢᠨ ᠡᠭᠦᠯᠳᠡᠷ ᠢ ᠰᠠᠶᠢᠵᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠮᠠᠯᠯᠠᠬᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ ᠤᠨ ᠪᠠᠶᠢᠭᠤᠯᠤᠯᠲᠠ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠣᠬᠢᠷᠲᠤᠯ ᠥᠬᠡᠶ ᠴᠢᠨᠠᠷ ᠰᠠᠶᠢᠲᠠᠶ ᠬᠦᠭᠵᠢᠭᠦᠯᠬᠦ ᠣᠲᠣ ᠦᠶ᠎ᠡ ᠶᠢᠨ ᠪᠡᠯᠴᠢᠭᠡᠷ ᠤᠨ ᠮᠠᠯ ᠠᠵᠤ ᠠᠬᠤᠶ ᠶᠢᠨ ᠰᠢᠨ᠎ᠡ ᠵᠠᠮ ᠢᠶᠠᠷ ᠵᠠᠮᠨᠠᠨ᠎ᠠ᠃ ᠲᠠᠷᠢᠶᠠᠯᠠᠬᠤ ᠣᠷᠣᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠭᠠᠵᠠᠷ ᠰᠢᠷᠣᠶ ᠶᠢᠨ ᠡᠬᠢ ᠪᠠᠶᠠᠯᠢᠭ ᠪᠠ ᠲᠠᠷᠢᠮᠠᠯ ᠤᠨ ᠡᠰᠢ ᠰᠦᠷᠡᠯ ᠤᠨ ᠡᠬᠢ ᠪᠠᠶᠠᠯᠢᠭ ᠢ ᠰᠠᠶᠢᠲᠤᠷ ᠠᠰᠢᠭᠯᠠᠨ᠂ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠵᠠᠭᠪᠤᠷ ᠢ ᠶᠡᠭᠡ ᠪᠠᠷ ᠬᠡᠷᠡᠭᠵᠢᠭᠦᠯᠵᠦ᠂ ᠡᠬᠢ ᠪᠠᠶᠠᠯᠢᠭ ᠤᠨ ᠬᠡᠷᠡᠭᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠢ ᠬᠠᠮᠠᠭᠠᠯᠠᠨ ᠠᠰᠢᠭᠯᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠬᠤᠶᠠᠷ︶ ᠡᠪᠡᠰᠦᠨ ᠤ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠲᠠᠷᠢᠶᠠᠯᠠᠬᠤ ᠶᠢ ᠨᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠲᠠᠷᠢᠶᠠᠯᠠᠬᠤ ᠶᠢ ᠨᠢ ᠦᠨᠵᠢᠭᠦᠯᠵᠦ ᠡᠪᠡᠰᠦ ᠳᠠᠷᠢᠬᠤ ᠶᠢ ᠰᠠᠶᠢᠲᠤᠷ ᠬᠡᠷᠡᠭᠵᠢᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ︽ᠠᠮᠤ ᠪᠤᠳᠠᠭ᠎ᠠ ᠪᠠᠷ ᠲᠡᠵᠢᠭᠡᠯ ᠪᠣᠷᠳᠤᠭ᠎ᠠ ᠪᠣᠯᠭᠠᠬᠤ︾ ᠪᠠ ᠥᠨᠳᠥᠷ ᠤᠨᠠᠯᠲᠠ ᠲᠠᠢ ᠴᠢᠨᠠᠷ ᠰᠠᠶᠢᠲᠠᠶ ᠴᠠᠷᠭᠠᠰᠤ ᠲᠠᠷᠢᠪᠠᠯ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠪᠥᠬᠦ ᠣᠷᠣᠨ ᠤ ᠲᠡᠵᠢᠭᠡᠯ ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠠᠵᠤ ᠦᠢᠯᠡᠰ ᠤᠨ ᠰᠠᠭᠤᠷᠢ ᠶᠢ ᠪᠠᠬᠢᠵᠢᠭᠦᠯᠦᠨ᠎ᠡ᠃ ᠡᠪᠡᠰᠦᠨ ᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠪᠠ ᠨᠦᠬᠡᠴᠡᠯᠡᠵᠦ ᠲᠡᠭᠡᠭᠡᠪᠦᠷᠢᠯᠡᠬᠦ ᠭᠤᠭᠴᠣᠭᠠᠨ ᠳᠤ ᠲᠥᠷᠥ ᠶᠢᠨ ᠪᠤᠳᠤᠯᠭ᠎ᠠ ᠶᠢᠨ ᠳᠡᠮᠵᠢᠯᠭᠡ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠡᠪᠡᠰᠦᠨ ᠤ ᠠᠵᠤ ᠦᠢᠯᠡᠰ ᠤᠨ ᠲᠠᠯ᠎ᠠ ᠪᠠᠷ ᠬᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠨᠡᠷᠡᠳᠬᠦᠨ ᠳᠤ ᠰᠢᠨ᠎ᠡ ᠶᠢ ᠡᠭᠦᠳᠴᠦ᠂ ᠡᠵᠡᠩᠨᠡᠨ ᠬᠤᠳᠠᠯᠳᠤᠭᠠᠯᠠᠬᠤ ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ ᠪᠣᠯᠭᠠᠨ᠂ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠪᠠᠶᠢᠳᠠᠯ ᠢ ᠡᠭᠦᠳᠦᠨ ᠪᠠᠶᠢᠭᠤᠯᠵᠤ᠂ ᠨᠢᠭᠡ ᠪᠦᠯᠦᠭ ᠡᠪᠡᠰᠦᠨ ᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠬᠥᠲᠥᠴᠢ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠭᠤᠷᠪᠠ︶ ᠲᠠᠯ᠎ᠠ ᠨᠤᠲᠤᠭ ᠤᠨ ᠮᠠᠯᠵᠢᠬᠤ ᠣᠷᠣᠨ ᠤ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ ᠲᠠᠯ᠎ᠠ ᠨᠤᠲᠤᠭ ᠤᠨ ᠮᠠᠯᠵᠢᠬᠤ ᠣᠷᠣᠨ ᠤ ᠪᠣᠬᠢᠷᠲᠤᠯ ᠥᠬᠡᠶ ᠪᠦᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠵᠢᠭᠤᠯᠴᠢᠯᠠᠯ ᠤᠨ ᠣᠷᠣᠨ ᠤ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠠᠶᠢᠭᠠᠯᠢ ᠶᠢᠨ ᠦᠩᠭᠡ ᠦᠵᠡᠮᠵᠢ ᠶᠢᠨ ᠴᠢᠨᠠᠷ ᠢ ᠳᠡᠭᠡᠭᠰᠢᠯᠡᠭᠦᠯᠦᠨ᠎ᠡ᠃ ᠲᠠᠯ᠎ᠠ ᠨᠤᠲᠤᠭ ᠤᠨ ᠮᠠᠯᠵᠢᠬᠤ ᠣᠷᠣᠨ ᠤ ᠥᠪᠡᠷᠮᠢᠴᠡ ᠪᠠᠶᠢᠭᠠᠯᠢ ᠶᠢᠨ ᠡᠬᠢ ᠪᠠᠶᠠᠯᠢᠭ ᠤᠨ ᠤᠤᠭᠠᠯ ᠨᠦᠬᠦᠴᠡᠯ ᠪᠠ ᠬᠥᠮᠦᠨ ᠨᠡᠶᠢᠭᠡᠮ ᠤᠨ ᠡᠬᠢ ᠪᠠᠶᠠᠯᠢᠭ ᠲᠤ ᠲᠦᠰᠢᠭᠯᠡᠨ᠂ ᠭᠠᠵᠠᠷ ᠵᠦᠶ ᠶᠢᠨ ᠨᠡᠷᠡᠶᠢᠳᠤᠯ ᠤᠨ ᠬᠠᠭᠤᠳᠠᠰᠤ ᠶᠢ ᠰᠠᠶᠢᠲᠤᠷ ᠬᠡᠷᠡᠭᠯᠡᠵᠦ᠂ ᠲᠠᠯ᠎ᠠ ᠨᠤᠲᠤᠭ ᠤᠨ ᠪᠠᠶᠢᠭᠠᠯᠢ ᠶᠢᠨ ᠲᠠᠯ᠎ᠠ ᠪᠠᠷ ᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠵᠤ᠂ ᠨᠢᠭᠡ ᠪᠦᠯᠦᠭ ᠲᠠᠯ᠎ᠠ ᠨᠤᠲᠤᠭ ᠤᠨ ᠰᠣᠶᠣᠯ ᠤᠨ ᠣᠨᠴᠠᠯᠢᠭ ᠲᠠᠢ ᠠᠮᠢ ᠠᠬᠤᠶ ᠶᠢᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠨ᠎ᠠ᠃ ᠪᠦᠬᠦ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠪᠣᠯᠬᠤ ᠭᠠᠴᠠᠭ᠎ᠠ ᠲᠣᠰᠬᠤᠨ ᠢ ᠡᠭᠦᠳᠦᠨ ᠪᠠᠶᠢᠭᠤᠯᠬᠤ ᠶᠢ ᠨᠢ ᠳᠠᠮᠵᠢᠵᠤ᠂ ᠣᠳᠣᠨ ᠲᠡᠰ ᠤᠨ ᠮᠠᠯᠵᠢᠬᠤ ᠣᠷᠣᠨ ᠤ ᠵᠢᠭᠤᠯᠴᠢᠯᠠᠯ ᠤᠨ ᠬᠦᠯᠢᠶᠡᠨ ᠵᠣᠴᠢᠯᠠᠬᠤ ᠡᠷᠦᠬᠡ ᠶᠢ ᠳᠡᠮᠵᠢᠨ ᠪᠠᠶᠢᠭᠤᠯᠬᠤ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠠᠵᠤ ᠦᠢᠯᠡᠰᠵᠢᠭᠰᠡᠨ ᠬᠦᠭᠵᠢᠯᠲᠡ ᠶᠢ ᠠᠬᠢᠭᠤᠯᠵᠤ᠂ ᠨᠡᠩ ᠣᠯᠠᠨ ᠲᠠᠷᠢᠶᠠᠴᠢᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠳᠤ ᠣᠷᠣᠯᠴᠠᠭᠤᠯᠬᠤ ᠶᠢᠨ ᠬᠠᠮᠲᠤ᠂ ᠡᠳᠡᠭᠡᠷ ᠠᠴᠠ ᠠᠰᠢᠭ ᠬᠦᠷᠲᠡᠭᠡᠯᠭᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠲᠠᠯ᠎ᠠ ᠨᠤᠲᠤᠭ ᠤᠨ ᠰᠣᠶᠣᠯ ᠤᠨ ᠣᠨᠴᠠᠯᠢᠭ ᠲᠠᠢ ᠠᠮᠢ ᠠᠬᠤᠢ ᠶᠢᠨ ᠵᠢᠭᠤᠯᠴᠢᠯᠠᠯ ᠤᠨ ᠲᠥᠷᠥᠯ ᠵᠦᠢᠯ ᠢ ᠡᠭᠦᠳᠦᠨ ᠪᠠᠶᠢᠭᠤᠯᠬᠤ ᠶᠢ ᠨᠢ ᠳᠠᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠬᠤᠷᠢᠨ ᠳᠥᠷᠪᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠣᠶ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯ ᠪᠣᠯᠭᠠᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠬᠠᠮᠲᠤ ᠨᠡᠶᠢᠲᠡ ᠶᠢᠨ ᠳᠡᠰ ᠳᠡᠰ ᠢᠶᠠᠷ ᠠᠳᠬᠤᠭᠰᠠᠨ᠂ ᠱᠠᠲᠤ ᠱᠠᠲᠤ ᠪᠠᠷ ᠨᠠᠶᠢᠳᠠᠪᠤᠷᠢᠵᠢᠭᠤᠯᠵᠤ ᠠᠳᠬᠤᠭᠰᠠᠨ ᠣᠶ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠤᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠶ᠃ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠨᠢ ᠵᠣᠭᠰᠣᠭᠠᠵᠤ ᠰᠡᠯᠭᠦᠨ ᠪᠡᠯᠴᠢᠭᠡᠷᠯᠡᠭᠦᠯᠬᠦ ᠵᠡᠷᠭᠡ ᠲᠦᠷᠢᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠨ ᠤ ᠬᠠᠷᠠᠯᠲᠠᠲᠤ ᠰᠢᠯᠭᠠᠨ ᠬᠢᠨᠠᠬᠤ ᠳᠤ ᠣᠷᠣᠭᠤᠯᠵᠤ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠨᠠᠷᠢᠯᠢᠬᠵᠢᠭᠤᠯᠵᠤ᠂ ᠣᠷᠣᠨ ᠨᠤᠲᠤᠭ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠬᠤᠷᠢᠨ ᠲᠠᠪᠤ︶ ᠳᠦᠷᠢᠮ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠨᠢᠭᠡᠳᠦᠯ ᠥᠬᠡᠶ ᠪᠠᠶᠢᠭ᠎ᠠ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠵᠠᠰᠠᠪᠤᠷᠢ ᠣᠷᠤᠭᠤᠯᠵᠤ ᠲᠣᠭᠲᠠᠭᠠᠬᠤ ᠶᠢ ᠴᠠᠭ ᠲᠤᠬᠠᠶ ᠳᠤ ᠨᠢ ᠠᠬᠢᠭᠤᠯᠤᠨ᠎ᠠ᠃ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠳᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠨᠤᠲᠤᠭ ᠪᠡᠯᠴᠢᠭᠡᠷ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠠᠴᠠ ᠵᠦᠷᠢᠴᠡᠭᠰᠡᠨ ᠢ ᠢᠯᠡᠴᠢᠯᠡᠨ ᠮᠡᠳᠡᠭᠦᠯᠬᠦ᠂ ᠬᠡᠷᠡᠭ ᠢ ᠰᠢᠮᠳᠠᠭᠤᠯᠤᠨ ᠰᠢᠢᠳᠪᠦᠷᠢᠯᠡᠭᠦᠯᠬᠦ ᠵᠡᠷᠭᠡ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠤᠲᠤᠭ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠶ᠃ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠢᠭᠡᠳ ᠨᠤᠲᠤᠭ ᠪᠡᠯᠴᠢᠭᠡᠷ ᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠪᠦᠲᠦᠮᠵᠢᠲᠡᠶ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠢ ᠡᠪᠳᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠵᠢᠷᠭᠤᠭ᠎ᠠ︶ ᠲᠥᠯᠥᠪᠵᠢᠭᠦᠯᠵᠦ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠤᠯᠤᠰ ᠤᠨ ᠬᠠᠮᠢᠶ᠎ᠠ ᠪᠥᠬᠦᠶ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠲᠡᠪᠢᠰᠭᠡᠷ ᠤᠨ ᠣᠷᠣᠨ ᠵᠠᠶ ᠶᠢᠨ ᠲᠥᠯᠥᠪᠵᠢᠭᠦᠯᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠨ ᠠᠰᠢᠭᠯᠠᠬᠤ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠴᠢᠳᠠᠮᠵᠢ ᠶᠢᠨ ᠣᠷᠣᠨ ᠤ ᠬᠤᠪᠢᠶᠠᠷᠢᠯᠠᠯ ᠪᠠ ᠬᠠᠷᠠᠯᠲᠠ ᠶᠢ ᠲᠣᠳᠣᠷᠬᠠᠢ ᠲᠣᠭᠲᠠᠭᠠᠨ᠂ ᠭᠤᠷᠪᠠᠨ ᠬᠢᠵᠠᠭᠠᠷᠯᠠᠬᠤ ᠱᠤᠭᠤᠮ ᠢ ᠴᠢᠩᠭ᠎ᠠ ᠰᠠᠬᠢᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠳᠡᠭᠡᠲᠦ ᠨᠢᠭᠡ ᠱᠠᠲᠤᠨ ᠤ ᠲᠥᠯᠥᠪᠵᠢᠭᠦᠯᠭᠡ ᠶᠢ ᠦᠨᠳᠦᠰᠦᠯᠡᠵᠦ᠂ ᠲᠤᠰ ᠵᠠᠰᠠᠭ ᠵᠠᠬᠢᠷᠭᠠᠨ ᠤ ᠣᠷᠣᠨ ᠳᠠᠬᠢ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠨ ᠠᠰᠢᠭᠯᠠᠬᠤ ᠲᠥᠯᠥᠪᠵᠢᠭᠦᠯᠭᠡ ᠪᠠᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠲᠥᠯᠥᠪᠵᠢᠭᠦᠯᠭᠡ ᠶᠢ ᠬᠡᠷᠡᠭᠵᠢᠭᠦᠯᠬᠦ ᠨᠡᠶᠢᠯᠡᠮᠡᠯ ᠬᠦᠴᠦᠨ ᠢᠶᠠᠨ ᠪᠣᠶ ᠪᠣᠯᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠬᠤᠷᠢᠨ ᠳᠣᠯᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠢ ᠬᠠᠮᠠᠭᠠᠯᠠᠵᠤ ᠵᠠᠰᠠᠨ ᠰᠡᠷᠭᠦᠭᠡᠬᠦ ᠴᠢᠬᠤᠯᠠ ᠶᠡᠭᠡ ᠠᠰᠠᠭᠤᠳᠠᠯ ᠤᠨ ᠰᠣᠳᠤᠯᠤᠯ ᠢ ᠥᠷᠨᠢᠭᠦᠯᠦᠨ᠂ ᠲᠠᠴᠢᠷᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ᠂ ᠨᠤᠲᠤᠭ ᠪᠡᠯᠴᠢᠭᠡᠷ ᠤᠨ ᠬᠥᠷᠥᠰᠥ ᠰᠢᠷᠣᠢ ᠶᠢᠨ ᠡᠷᠡᠭᠦᠯ ᠢ ᠦᠨᠡᠯᠡᠬᠦ᠂ ᠠᠮᠢ ᠠᠬᠤᠢ ᠶᠢᠨ ᠰᠢᠰᠲ᠋ᠧᠮ ᠢ ᠳᠠᠬᠢᠨᠲᠠ ᠪᠠᠶᠢᠭᠤᠯᠬᠤ᠂ ᠠᠮᠢ ᠠᠬᠤᠢ ᠶᠢᠨ ᠦᠢᠯᠡᠴᠢᠯᠡᠭᠡᠨ ᠤ ᠦᠨ᠎ᠡ ᠦᠷᠳᠡᠭ ᠢ ᠦᠨᠡᠯᠡᠨ ᠵᠢᠱᠢᠬᠦ᠂ ᠤᠶᠤᠨᠯᠢᠭ ᠨᠤᠲᠤᠭ ᠪᠡᠯᠴᠢᠭᠡᠷ ᠢ ᠪᠦᠳᠦᠭᠡᠨ ᠪᠠᠶᠢᠭᠤᠯᠬᠤ᠂ ᠨᠤᠲᠤᠭ ᠪᠡᠯᠴᠢᠭᠡᠷ ᠤᠨ ᠨᠡᠭᠦᠷᠡᠰᠦᠲᠦ᠋ᠷᠦᠭᠴᠢ ᠬᠤᠷᠠᠭᠤᠯᠬᠤ ᠠᠷᠭ᠎ᠠ ᠶᠢᠨ ᠤᠬᠠᠭᠠᠨ ᠵᠡᠷᠭᠡ ᠲᠠᠯ᠎ᠠ ᠪᠠᠷ ᠳᠠᠷᠤᠢ ᠲᠦᠷᠭᠡᠨ ᠰᠢᠪᠲᠤᠯᠤᠯᠲᠠ ᠲᠠᠢ ᠪᠣᠯᠭᠠᠨ᠎ᠠ᠃ ᠡᠪᠡᠰᠦᠨ ᠤ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ᠂ ᠡᠪᠡᠰᠦᠨ ᠤ ᠦᠷ᠎ᠡ ᠦᠢᠯᠡᠳᠪᠦᠷᠢᠯᠡᠬᠦ᠂ ᠲᠠᠴᠢᠷᠳᠠᠭᠰᠠᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠲᠠᠷᠢᠮᠠᠯ ᠪᠡᠯᠴᠢᠭᠡᠷ ᠢ ᠪᠦᠲᠦᠭᠡᠨ ᠪᠠᠶᠢᠭᠤᠯᠬᠤ᠂ ᠨᠤᠲᠤᠭ ᠪᠡᠯᠴᠢᠭᠡᠷ ᠤᠨ ᠬᠤᠣᠷ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠪᠠ ᠲᠣᠨᠤᠭ ᠲᠥᠭᠦᠭᠡᠷᠦᠮᠵᠢ ᠶᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠪᠠ ᠡᠪᠡᠰᠦᠨ ᠤ ᠦᠷ᠎ᠡ ᠶᠢ ᠬᠠᠮᠠᠭᠠᠯᠠᠨ ᠪᠤᠶᠢᠵᠢᠭᠤᠯᠬᠤ ᠬᠢᠭᠡᠳ ᠬᠡᠷᠡᠭᠯᠡᠭᠡᠨ ᠤ ᠪᠠᠷᠢᠮᠵᠢᠶᠠᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠨᠤᠲᠤᠭ ᠪᠡᠯᠴᠢᠭᠡᠷ ᠤᠨ ᠰᠢᠨᠵᠢᠯᠡᠭᠡᠨ ᠤ ᠪᠠᠶᠢᠭᠤᠯᠤᠯᠲᠠ ᠪᠠ ᠳᠡᠭᠡᠳᠦ ᠲᠠᠰ ᠤᠨ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ᠂ ᠣᠷᠳᠣ ᠬᠤᠭᠤᠴᠠᠭᠠᠨ ᠤ ᠰᠢᠨᠵᠢᠯᠡᠬᠦ ᠤᠬᠠᠭᠠᠨ ᠤ ᠰᠣᠳᠤᠯᠤᠯ ᠤᠨ ᠰᠠᠭᠤᠷᠢᠨ ᠭᠠᠵᠠᠷ᠂ ᠬᠡᠭᠡᠷ᠎ᠡ ᠭᠠᠳᠠᠨᠠᠬᠢ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠥᠷᠲᠡᠭᠡ᠂ ᠰᠢᠨ᠎ᠡ ᠶᠢ ᠡᠭᠦᠳᠬᠦ ᠬᠤᠯᠪᠣᠭ᠎ᠠ ᠪᠠ ᠲᠣᠭᠲᠠᠮᠠᠯ ᠬᠢᠨᠠᠨ ᠰᠢᠨᠵᠢᠬᠦ ᠴᠡᠭ ᠵᠡᠷᠭᠡ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠳᠡᠯᠭᠡᠷᠡᠭᠦᠯᠦᠨ ᠬᠡᠷᠡᠭᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠲᠠᠯ᠎ᠠ ᠪᠠᠷ ᠬᠢ ᠤᠯᠠᠨ ᠤᠯᠤᠰ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠠᠮᠢ ᠠᠬᠤᠢ ᠶᠢᠨ ᠵᠠᠰᠠᠯᠲᠠ ᠳᠤ ᠢᠳᠡᠪᠬᠢᠲᠡᠢ ᠣᠷᠣᠯᠴᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠨᠠᠢᠮᠠ︶ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠨ ᠵᠠᠰᠠᠬᠤ ᠪᠠᠯᠠ ᠮᠥᠩᠭᠦ ᠶᠢ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠦᠨᠡᠨ ᠬᠦ ᠪᠠᠲᠤᠯᠠᠨ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠪᠣᠯᠬᠤ ᠥᠬᠡᠶ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠵᠢᠴᠢ ᠬᠠᠮᠢᠶ᠎ᠠ ᠪᠦᠬᠦᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠨᠦᠬᠦᠪᠦᠷᠢ ᠣᠯᠭᠤᠬᠤ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠬᠦ ᠬᠡᠷᠡᠭᠲᠡᠶ᠃ ᠨᠤᠲᠤᠭ ᠪᠡᠯᠴᠢᠭᠡᠷ ᠤᠨ ᠠᠮᠢ ᠠᠬᠤᠶ ᠶᠢᠨ ᠦᠨ᠎ᠡ ᠥᠷᠲᠡᠭ ᠢ ᠦᠨᠡᠯᠡᠨ ᠵᠢᠱᠢᠬᠦ ᠪᠠ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠰᠦᠪᠡᠭᠴᠢᠯᠡᠨ ᠥᠷᠨᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠨᠤᠲᠤᠭ ᠪᠡᠯᠴᠢᠭᠡᠷ ᠤᠨ ᠣᠨᠴᠠᠯᠢᠭ ᠲᠤ ᠳᠣᠭᠢᠷᠠᠭᠰᠠᠨ ᠮᠥᠩᠭᠦᠨ ᠭᠦᠢᠯᠭᠡᠭᠡᠨ ᠤ ᠨᠡᠷᠡᠳᠬᠦᠨ ᠢ ᠪᠠᠶᠢᠭᠤᠯᠤᠨ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠡᠯ᠎ᠡ ᠵᠦᠢᠯ ᠤᠨ ᠲᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠤᠭᠰᠠᠨ ᠬᠤᠪᠢ ᠶᠢᠨ ᠪᠠ ᠨᠢᠭᠡᠴᠢ ᠶᠢᠨ ︽ᠠᠮᠢ ᠠᠬᠤᠶ ᠶᠢᠨ ᠦᠨᠡᠨᠴᠢ ᠢᠲᠡᠭᠡᠮᠵᠢ︾ ᠶᠢ ᠨᠢ ︽ᠢᠲᠡᠭᠡᠮᠵᠢᠲᠦ ᠵᠢᠭᠡᠯᠡᠯᠭᠡ ᠶᠢᠨ ᠦᠨᠡᠨᠴᠢ ᠢᠲᠡᠭᠡᠮᠵᠢ︾ ᠪᠣᠯᠭᠠᠨ ᠬᠤᠪᠢᠷᠠᠭᠤᠯᠤᠨ᠎ᠠ᠃ ᠨᠤᠲᠤᠭ ᠪᠡᠯᠴᠢᠭᠡᠷ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠪᠠᠯᠠ ᠮᠦᠩᠭᠦᠨ ᠤ ᠲᠤᠰᠬᠠᠶ ᠲᠠᠩᠰᠠᠨ ᠡᠷᠦᠬᠡ ᠪᠠᠶᠢᠭᠤᠯᠬᠤ ᠬᠡᠷᠡᠭᠲᠡᠶ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠰᠠᠭᠤᠷᠢ ᠮᠥᠩᠭᠦ ᠶᠢ ᠪᠠᠶᠢᠭᠤᠯᠵᠤ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢ ᠶᠢᠰᠦ︶ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠪᠠ ᠮᠡᠷᠭᠡᠵᠢᠯ ᠳᠡᠯᠭᠡᠷᠡᠭᠦᠯᠬᠦ ᠡᠩᠨᠡᠭᠡ ᠶᠢ ᠲᠣᠭᠲᠠᠭᠤᠨ ᠢᠶᠠᠷ ᠪᠤᠵᠠᠭᠠᠶᠢᠷᠠᠭᠤᠯᠤᠨ᠂ ᠦᠨᠳᠦᠰᠦᠨ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠦᠷᠲᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠨᠥᠬᠦᠴᠡᠯ ᠢ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠬᠢᠨᠠᠯᠲᠠ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠥᠷᠲᠡᠭᠡᠨ ᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠳᠡᠮᠵᠢᠵᠦ᠂ ᠨᠤᠲᠤᠭ ᠪᠡᠯᠴᠢᠭᠡᠷ ᠤᠨ ᠲᠤᠰᠬᠠᠶ ᠠᠵᠢᠯ ᠤᠨ ᠰᠢᠨᠵᠢᠯᠡᠭᠡᠨ ᠤ ᠨᠡᠶᠢᠭᠡᠮᠯᠢᠭ᠂ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ᠂ ᠮᠡᠳᠡᠭᠡ ᠵᠠᠩᠭᠢ ᠶᠢᠨ ᠦᠢᠯᠡᠴᠢᠯᠡᠭᠡᠨ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠴᠢ︶ ᠰᠠᠶᠢᠨ ᠰᠠᠶᠢᠬᠠᠨ ᠬᠠᠮᠠᠭᠠᠯᠠᠯᠲᠠ ᠶᠢᠨ ᠣᠷᠴᠢᠨ ᠠᠬᠤᠢ ᠶᠢ ᠪᠣᠶ ᠪᠣᠯᠭᠠᠨ᠎ᠠ᠃ ᠨᠤᠲᠤᠭ ᠪᠡᠯᠴᠢᠭᠡᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠨᠤᠲᠤᠭ ᠪᠡᠯᠴᠢᠭᠡᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠪᠠᠨ ᠭᠦᠨᠵᠡᠭᠡᠶ ᠦᠷᠨᠢᠭᠦᠯᠦᠨ᠂ ᠨᠤᠲᠤᠭ ᠪᠡᠯᠴᠢᠭᠡᠷ ᠤᠨ ᠴᠢᠬᠤᠯᠠ ᠪᠦᠬᠦᠢ ᠠᠮᠢ ᠠᠬᠤᠶ᠂ ᠠᠵᠤ ᠠᠬᠤᠶ᠂ ᠨᠡᠶᠢᠭᠡᠮ ᠪᠠ ᠰᠣᠶᠣᠯ ᠤᠨ ᠴᠢᠳᠠᠮᠵᠢ ᠶᠢ ᠥᠷᠭᠡᠨ ᠢᠶᠠᠷ ᠤᠬᠠᠭᠤᠯᠵᠤ᠂ ᠪᠦᠬᠦ ᠨᠡᠶᠢᠭᠡᠮ ᠢᠶᠠᠷ ᠢᠶᠠᠨ ᠨᠤᠲᠤᠭ ᠪᠡᠯᠴᠢᠭᠡᠷ ᠢ ᠬᠠᠯᠠᠮᠵᠢᠯᠠᠵᠤ ᠬᠠᠶᠢᠷᠠᠯᠠᠬᠤ ᠪᠠ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠢ ᠨᠢ ᠲᠠᠰᠤᠷᠠᠯᠲᠠ ᠥᠭᠡᠢ ᠴᠢᠩᠭᠠᠷᠠᠭᠤᠯᠬᠤ ᠬᠡᠷᠡᠭᠲᠡᠶ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠲᠠᠯ᠎ᠠ ᠳᠠᠬᠢ ᠡᠪᠡᠰᠦ ᠲᠠᠷᠢᠬᠤ ᠪᠠ ᠡᠪᠡᠰᠦ ᠶᠢ ᠬᠠᠮᠠᠭᠠᠯᠠᠬᠤ ᠠᠵᠢᠯ ᠤᠨ ᠴᠢᠬᠤᠯᠠ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠬᠢᠨ ᠢ ᠢᠳᠡᠪᠬᠢᠲᠡᠶ ᠪᠠᠷ ᠳᠠᠶᠢᠴᠢᠯᠠᠨ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠳᠤ ᠣᠷᠣᠯᠴᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠰᠠᠶᠢᠨ ᠰᠠᠶᠢᠬᠠᠨ ᠣᠷᠴᠢᠨ ᠠᠬᠤᠢ ᠶᠢ ᠪᠣᠶ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠷᠢᠭᠤᠴᠠᠨ᠎ᠠ︶      2021 ᠣᠨ ᠤ 12 ᠳ᠋ᠤᠭᠠᠷ ᠰᠠᠷ᠎ᠠ ᠶᠢᠨ 31 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ